ᠨᠣᠭᠤᠭ᠎ᠠ ᠶᠢ ᠵᠥᠪ ᠰᠣᠩᠭᠤᠬᠤ ᠬᠡᠷᠡᠭᠲᠡᠢ ᠤᠬᠢᠶᠠᠬᠤ ᠨᠢ ᠨᠡᠩ ᠴᠢᠬᠤᠯᠠ ᠣᠯᠠᠨ ᠢᠶᠠᠷ ᠢᠶᠠᠨ ᠵᠢᠮᠢᠰ ᠨᠣᠭᠤᠭ᠎ᠠ | ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ | ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ | ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ | ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ ᠦᠭᠡᠢ ᠪᠠᠷ ᠪᠤᠳᠤᠬᠤ ᠳᠤ᠂ | ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠢ ᠠᠷᠢᠯᠭᠠᠵᠤ | ᠴᠢᠳᠠᠨ᠎ᠠ᠂ ᠡᠭᠦᠨ ᠳᠤ ᠳᠣᠣᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄ ᠴᠡᠪᠡᠷ ᠤᠰᠤᠨ ᠳᠤ ᠳᠡᠪᠲᠦᠭᠡᠬᠦ᠃ | ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂ | ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ | ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5 ~10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ | 30 ᠰᠧᠺᠦ᠋ᠨ᠋ᠳ᠋ ᠤᠬᠢᠶᠠᠨ᠎ᠠ᠃ ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 % ᠶᠢᠨ | ᠳᠠᠪᠤᠰᠤ ᠲᠠᠢ ᠤᠰᠤ ᠪᠠᠷ ᠲᠡᠪᠳᠡᠭᠡᠵᠤ 20 ᠮᠢᠨᠦ᠋ᠲ ᠤᠨ ᠳᠠᠷᠠᠭ᠎ᠠ ᠤᠬᠢᠶᠠᠨ᠎ᠠ᠃ ᠳᠠᠪᠤᠰᠤᠨ ᠤ ᠥᠳᠬᠡᠴᠡ ᠶᠢ | ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠃ ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ | ᠪᠤᠴᠠᠯᠤᠭᠰᠠᠨ ᠣᠰᠣᠨ ᠳᠤ 2 ᠮᠢᠨᠦ᠋ᠲ ᠲᠡᠪᠳᠡᠭᠡᠨ᠎ᠡ᠃ ᠭᠡᠪᠡᠴᠦ ᠡᠶᠢᠮᠦ ᠠᠷᠭ᠎ᠠ ᠨᠢ ᠢᠳᠡᠰᠢᠨ ᠨᠣᠭᠤᠭ᠎ᠠ ᠶᠢᠨ | ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃ ᠳᠡᠭᠡᠷᠡᠬᠢ 4 ᠵᠦᠢᠯ ᠤᠨ ᠠᠷᠭ᠎ᠠ ᠠᠴᠠ ᠭᠠᠳᠠᠨ᠎ᠠ᠂ ᠪᠠᠰᠠ | ᠤᠷᠤᠰᠬᠠᠯ ᠤᠰᠤ ᠪᠠᠷ ᠱᠦᠷᠭᠦᠭᠡᠵᠦ ᠤᠬᠢᠶᠠᠬᠤ᠂ ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ | ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭ᠎ᠠ ᠶᠢᠨ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ | ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ | |