ᠵᠢᠭᠠᠰᠤ ᠠᠷᠪᠢᠨ ᠢᠳᠡᠪᠡᠯ ᠪᠡᠶ᠎ᠡ ᠳᠤ ᠰᠠᠶᠢᠨ᠂ ᠭᠡᠪᠡᠴᠦ ᠡᠨᠡ ᠭᠤᠷᠪᠠᠨ ᠵᠦᠢᠯ ᠤᠨ ᠵᠢᠭᠠᠰᠤ ᠶᠢ ᠢᠳᠡᠬᠦ ᠦᠭᠡᠢ | ᠪᠣᠯ ᠬᠠᠮᠤᠭ ᠰᠠᠶᠢᠨ︕ 1. ᠵᠢᠭᠠᠰᠤᠨ ᠤ ᠴᠤᠤᠬ᠎ᠠ ᠣᠯᠠᠩᠬᠢ ᠦᠶ᠎ᠡ ᠳᠤ᠂ ᠪᠢᠳᠡ ᠵᠢᠭᠠᠰᠤ ᠬᠤᠳᠠᠯᠳᠤᠨ | ᠠᠪᠬᠤ ᠳᠤ ᠵᠢᠭᠠᠰᠤ ᠶᠢ ᠠᠷᠢᠯᠭᠠᠴᠢᠬᠰᠠᠨ ᠮᠥᠷᠲᠡᠭᠡᠨ ᠴᠤᠤᠬ᠎ᠠ ᠶᠢ ᠨᠢ ᠠᠪᠴᠤ ᠬᠠᠶᠠᠭᠰᠠᠨ ᠪᠠᠶᠢᠳᠠᠭ᠂ ᠭᠡᠲᠡᠯ᠎ᠡ | ᠤᠭᠤᠷᠠᠭ ᠤᠨ ᠠᠭᠤᠯᠤᠭᠳᠠᠴᠠ ᠠᠴᠠ ᠠᠪᠴᠤ ᠬᠡᠯᠡᠪᠡᠯ᠂ ᠵᠢᠭᠠᠰᠤᠨ ᠤ ᠴᠤᠤᠬ᠎ᠠ ᠶᠢᠨ ᠳᠣᠲᠣᠷᠠᠬᠢ ᠤᠭᠤᠷᠠᠭ ᠤᠨ | ᠠᠭᠤᠯᠤᠭᠳᠠᠴᠠ ᠨᠢ ᠨᠡᠯᠢᠶᠡᠳ ᠥᠨᠳᠥᠷ᠂ 76% -79 % ᠶᠢᠨ ᠬᠤᠭᠤᠷᠣᠨᠳᠤ ᠪᠠᠶᠢᠳᠠᠭ᠂ ᠭᠡᠪᠡᠴᠦ ᠥᠭᠡᠬᠦᠨ ᠤ | ᠠᠭᠤᠯᠤᠭᠳᠠᠴᠠ ᠨᠢ ᠨᠡᠯᠢᠶᠡᠳ ᠳᠣᠣᠷ᠎ᠠ᠂ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠦ ᠥᠨᠳᠥᠷ | ᠪᠢᠰᠢ ᠪᠠᠶᠢᠳᠠᠭ ᠪᠥᠭᠡᠳ ᠮᠢᠬᠠᠨ ᠤ ᠴᠢᠨᠠᠷ ᠨᠢ ᠨᠡᠯᠢᠶᠡᠳ ᠵᠦᠭᠡᠷ ᠬᠡᠰᠡᠭ ᠪᠣᠯᠣᠨ᠎ᠠ᠃ 2. ᠵᠢᠭᠠᠰᠤᠨ ᠤ ᠲᠣᠯᠣᠭᠠᠢ | ᠵᠢᠭᠠᠰᠤᠨ ᠤ ᠲᠣᠯᠣᠭᠠᠢ ᠶᠢᠨ ᠰᠢᠮ᠎ᠡ ᠲᠡᠵᠢᠭᠡᠯ ᠨᠢ ᠨᠡᠯᠢᠶᠡᠳ ᠥᠨᠳᠥᠷ᠂ ᠤᠭᠤᠷᠠᠭ᠂ ᠺᠠᠯᠼ᠂ ᠹᠣᠰᠹᠣᠷ᠂ ᠲᠡᠮᠦᠷ᠂ | ᠸᠢᠲ᠋ᠠᠮᠢᠨ B1 ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ ᠡᠯᠧᠮᠧᠨ᠋ᠲ ᠠᠭᠤᠯᠵᠤ ᠪᠠᠶᠢᠳᠠᠭ᠃ ᠪᠢᠳᠡᠨ ᠤ | ᠦᠷᠭᠦᠯᠵᠢ ᠢᠳᠡᠳᠡᠭ ᠶᠡᠷᠮ᠎ᠡ ᠵᠢᠭᠠᠰᠤᠨ ᠤ ᠲᠣᠯᠣᠭᠠᠢ ︵ᠲᠠᠷᠭᠤᠨ ᠲᠣᠯᠣᠭᠠᠶᠢᠲᠤ ᠵᠢᠭᠠᠰᠤ︶ ᠪᠠᠷ ᠵᠢᠱᠢᠶᠡᠯᠡᠬᠦ ᠳᠤ᠂ | ᠲᠡᠭᠦᠨ ᠤ ᠲᠣᠯᠣᠭᠠᠢ ᠶᠢᠨ ᠤᠭᠤᠷᠠᠭ ᠤᠨ ᠠᠭᠤᠯᠤᠭᠳᠠᠴᠠ ᠨᠢ 18.32 % ᠲᠤ ᠬᠦᠷᠴᠦ ᠪᠠᠶᠢᠬᠤ ᠪᠥᠭᠡᠳ | ᠡᠭᠦᠨ ᠠᠴᠠ ᠭᠠᠳᠠᠨ᠎ᠠ ᠲᠣᠯᠣᠭᠠᠢ ᠳᠤᠨᠢ ᠪᠠᠰᠠ ᠬᠠᠨᠤᠮᠠᠯ ᠪᠤᠰᠤ ᠥᠭᠡᠬᠦᠨ ᠬᠦᠴᠢᠯ᠂ ᠹᠣᠰᠹᠣᠷᠲᠤ ᠥᠭᠡᠬᠦᠨ ᠤ | ᠲᠥᠷᠥᠯ ᠤᠨ ᠪᠣᠳᠠᠰ ᠡᠯᠪᠡᠭ ᠠᠭᠤᠯᠵᠤ ᠪᠠᠶᠢᠳᠠᠭ᠂ ᠡᠨᠡ ᠨᠢ ᠨᠢᠯᠬ᠎ᠠ ᠬᠡᠦᠬᠡᠳ ᠤᠨ ᠶᠡᠭᠡ ᠲᠠᠷᠢᠬᠢᠨ ᠤ | ᠪᠤᠶᠢᠵᠢᠯᠲᠠ ᠳᠤ ᠠᠰᠢᠭᠲᠠᠢ ᠪᠥᠭᠡᠳ ᠠᠯᠽᠧᠶᠢᠮᠧᠷ ᠡᠪᠡᠳᠴᠢᠨ ᠢ ᠰᠠᠶᠢᠵᠢᠷᠠᠭᠤᠯᠬᠤ ᠳᠤ ᠲᠤᠰᠠᠯᠠᠳᠠᠭ᠃ | ᠠᠩᠬᠠᠷᠤᠭᠤᠰᠢᠲᠠᠢ ᠨᠢ᠄ ᠵᠢᠭᠠᠰᠤᠨ ᠤ ᠲᠣᠯᠣᠭᠠᠢ ᠶᠢᠨ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ | ᠨᠡᠯᠢᠶᠡᠳ ᠥᠨᠳᠥᠷ ᠪᠣᠯᠬᠤᠷ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠃ 3. ᠵᠢᠭᠠᠰᠤᠨ ᠤ ᠠᠷᠠᠰᠤ | ᠤᠭᠤᠷᠠᠭ ᠤᠨ ᠠᠭᠤᠯᠤᠭᠳᠠᠴᠠ ᠨᠢ ᠨᠡᠯᠢᠶᠡᠳ ᠡᠯᠪᠡᠭ ᠪᠠᠶᠢᠵᠤ᠂ 30% ᠣᠷᠴᠢᠮ ᠬᠦᠷᠴᠦ ᠪᠠᠶᠢᠬᠤ ᠪᠥᠭᠡᠳ ᠪᠠᠰᠠ | ᠴᠠᠪᠠᠤᠯᠢᠭ ᠤᠭᠤᠷᠠᠭ ᠡᠯᠪᠡᠭ ᠠᠭᠤᠯᠵᠤ ᠪᠠᠶᠢᠳᠠᠭ᠂ ᠤᠯᠠᠭᠠᠨ ᠲᠤᠯᠪᠠᠭ᠎ᠠ ᠵᠢᠭᠠᠰᠤ ᠪᠠᠷ ᠵᠢᠱᠢᠶᠡᠯᠡᠬᠦ ᠳᠤ᠂ ᠲᠡᠭᠦᠨ ᠤ | ᠬᠠᠯᠢᠰᠤᠨ ᠳᠣᠲᠣᠷᠠᠬᠢ ᠴᠠᠪᠠᠤᠯᠢᠭ ᠤᠭᠤᠷᠠᠭ ᠤᠨ ᠠᠭᠤᠯᠤᠭᠳᠠᠴᠠ ᠨᠢ 80% ᠠᠴᠠ ᠳᠡᠭᠡᠭᠰᠢ ᠪᠠᠶᠢᠳᠠᠭ᠃ | ᠠᠩᠬᠠᠷᠤᠭᠤᠰᠢᠲᠠᠢ ᠨᠢ᠄ ᠵᠢᠭᠠᠰᠤᠨ ᠤ ᠰᠥᠰᠥ ᠶᠢ ᠶᠠᠭᠠᠬᠢᠭᠰᠠᠨ ᠴᠤ ᠢᠳᠡᠵᠦ ᠪᠤᠯᠬᠤ ᠦᠭᠡᠢ︕ ᠵᠢᠭᠠᠰᠤᠨ ᠤ | ᠰᠥᠰᠥᠨ ᠳᠤ ᠶᠡᠭᠡ ᠬᠡᠮᠵᠢᠶᠡᠨ ᠤ ᠰᠥᠰᠥᠨ ᠳᠠᠪᠤᠰᠤ᠂ ᠬᠤᠣᠷᠲᠤ ᠡᠳ᠋ ᠪᠠ ᠨᠡᠬᠡᠳᠡᠰᠦ ᠶᠢᠨ ᠠᠮᠢᠨ ᠠᠭᠤᠯᠤᠭᠳᠠᠵᠤ | ᠪᠠᠶᠢᠳᠠᠭ ᠪᠣᠯᠬᠤᠷ ᠠᠳᠡᠭᠦᠷᠡᠨ ᠢᠳᠡᠪᠡᠯ ᠪᠥᠭᠡᠷ᠎ᠡ ᠶᠢ ᠮᠠᠭᠤᠳᠠᠭᠤᠯᠬᠤ ᠪᠤᠶᠤ ᠡᠯᠢᠭᠡᠨ ᠡᠪᠡᠳᠴᠢᠨ ᠡᠭᠦᠰᠬᠡᠵᠦ ᠮᠡᠳᠡᠨ᠎ᠡ | ᠂ ᠴᠢᠨᠠᠭᠰᠢᠯᠠᠪᠠᠯ ᠠᠮᠢ ᠨᠠᠰᠤᠨ ᠤ ᠠᠶᠤᠯ ᠲᠠᠢ ᠶᠤᠮ᠂ ᠡᠶᠢᠮᠦ ᠠᠴᠠ ᠶᠠᠭᠠᠬᠢᠭᠰᠠᠨ ᠴᠤ ᠢᠳᠡᠵᠦ ᠪᠣᠯᠬᠤ ᠦᠭᠡᠢ︕ |