ᠮᠠᠨ ᠤ ᠤᠯᠤᠰ ᠨᠢᠭᠡ ᠪᠦᠯᠦᠭ ᠲᠠᠷᠢᠶᠠᠴᠢᠳ ᠤᠨ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠨ᠎ᠡ᠃
ᠨᠡᠶᠢᠲᠡᠯᠡᠭᠰᠡᠨ ᠴᠠᠭ᠄
2024/2/22
    ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠮᠢᠩᠭ᠎ᠠ ᠲᠦᠮᠡᠨ ᠢᠨᠵᠧᠨᠧᠷᠢᠩ︾᠎ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠤᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠰᠢᠨ᠎ᠡ ᠴᠠᠭ ᠦᠶ᠎ᠡ ᠰᠢᠨ᠎ᠡ ᠠᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠤᠷᠲᠤ ᠬᠤᠭᠤᠴᠠᠭ᠎ᠠ ᠪᠠᠷ ᠴᠢᠷᠮᠠᠶᠢᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠣᠯᠠᠨ ᠲᠦᠮᠡᠨ ᠤ ᠲᠥᠷᠥᠭᠳᠡᠯ ᠲᠠᠢ ᠪᠣᠯᠬᠤ ᠪᠣᠳᠠᠲᠤ ᠶᠠᠪᠤᠳᠠᠯ ᠢ ᠰᠠᠶᠢᠲᠤᠷ ᠬᠢᠵᠦ᠂ ᠲᠠᠰᠤᠷᠠᠯᠳᠠ ᠦᠭᠡᠢ ᠪᠣᠳᠠᠲᠠᠢ ᠠᠬᠢᠴᠠ ᠲᠠᠢ ᠪᠣᠯᠭᠠᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠬᠡᠷᠡᠭᠲᠡᠢ ᠭᠡᠵᠦ ᠳᠤᠷᠠᠳᠪᠠ᠃    ᠬᠡᠷᠬᠢᠨ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠣᠯᠠᠨ ᠲᠦᠮᠡᠨ ᠤ ᠰᠠᠨᠠᠭᠠᠨ ᠳᠤ ᠬᠦᠷᠬᠦ ᠪᠣᠳᠠᠲᠠᠢ ᠶᠠᠪᠤᠳᠠᠯ ᠢ ᠰᠠᠶᠢᠲᠤᠷ ᠬᠢᠬᠦ ᠪᠤᠢ︖    ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠬᠥᠳᠡᠭᠡ ᠲᠣᠰᠭᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠪᠣᠳᠠᠲᠤ ᠪᠠᠶᠢᠳᠠᠯ ᠪᠣᠯᠤᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠨᠡᠶᠢᠳᠡᠮ ᠠᠰᠢᠭ ᠬᠦᠷᠲᠡᠭᠡᠬᠦ ᠶᠠᠪᠤᠳᠠᠯ ᠢ ᠠᠳᠬᠤᠵᠤ᠂ ᠨᠢᠭᠡ ᠶᠢ ᠬᠢᠵᠦ᠂ ᠨᠢᠭᠡ ᠶᠢ ᠪᠦᠲᠦᠭᠡᠨ᠎ᠡ᠃    ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ ᠬᠡᠯᠡᠬᠦ ᠳᠡᠭᠡᠨ᠂ ᠵᠢᠱᠢᠶᠡᠯᠡᠪᠡᠯ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠬᠡᠪᠴᠢᠶᠡᠵᠢᠯ ᠢ ᠨᠥᠬᠦᠴᠡᠯ ᠪᠦᠬᠦᠢ ᠲᠦᠯᠬᠢᠨ ᠠᠬᠢᠭᠤᠯᠵᠤ᠂ ᠨᠥᠬᠦᠴᠡᠯ ᠢ ᠲᠦᠷ ᠪᠦᠷᠢᠯᠳᠦᠭᠦᠯᠦᠭᠡᠳᠦᠢ ᠵᠢᠵᠢᠭ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠲᠠᠷᠬᠠᠮᠠᠯ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠲᠣᠰᠬᠤᠨ ᠪᠠᠯᠭᠠᠰᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢᠨ ᠠᠮᠤᠷ ᠲᠦᠪᠰᠢᠨ ᠤ ︽ᠠᠶᠤᠯ ᠢ ᠠᠷᠢᠯᠭᠠᠬᠤ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃    ᠬᠥᠳᠡᠭᠡ ᠲᠤᠰᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ᠂ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠴᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ  ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ᠂ ᠴᠢᠬᠤᠯᠠ ᠪᠦᠬᠦᠢ ᠬᠥᠳᠡᠭᠡ ᠲᠤᠰᠭᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ ᠭᠡᠵᠦ ᠳᠤᠷᠠᠳᠤᠨ ᠭᠠᠷᠭᠠᠪᠠ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠳᠣᠲᠣᠷᠠᠬᠢ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠶᠢᠨ ᠬᠢᠷᠢ ᠭᠡᠮ ᠲᠠᠢ ᠬᠥᠮᠦᠰ ᠤᠨ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶ᠋ᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠱᠢᠭᠦᠨ ᠤ ᠬᠡᠯᠡᠬᠦ ᠪᠠᠷ᠂ ᠡᠨᠡ ᠵᠢᠯ ᠰᠢᠶᠠᠩ ᠤᠨ ᠬᠡᠪᠴᠢᠶᠡᠨ ᠳᠠᠬᠢ ᠡᠮ ᠡᠮᠨᠡᠯᠭᠡ ᠶᠢᠨ ᠳᠠᠭᠠᠳᠭᠠᠯ ᠤᠨ ᠰᠠᠭᠤᠷᠢ ᠮᠦᠩᠬᠦ ᠶᠢ ᠬᠥᠳᠡᠭᠡ ᠲᠣᠰᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠱᠢᠯᠡᠭᠦᠯᠵᠦ᠂ ᠲᠣᠰᠭᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠭᠠᠯ ᠤᠨ ᠴᠢᠭ ᠲᠣᠭᠲᠠᠭᠠᠨ ᠬᠠᠮᠢᠶᠠᠷᠬᠤ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠷᠣᠨ ᠪᠦᠰᠡ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠨᠠᠰᠤᠲᠠᠳ ᠢ ᠲᠤᠰᠠᠯᠠᠬᠤ ᠬᠤᠭᠤᠯᠠ ᠪᠠ ᠬᠠᠪᠰᠤᠷᠤᠯᠴᠠᠬᠤ ᠦᠢᠯᠡᠴᠢᠯᠡᠭᠡᠨ ᠢ ᠵᠣᠷᠢᠭᠵᠢᠭᠤᠯᠤᠨ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ︽ᠢᠯᠡᠭᠦᠦ ᠲᠤᠰᠢᠶᠠᠪᠠᠯ ᠢᠯᠡᠭᠦᠦ ᠣᠯᠬᠤ᠂ ᠤᠷᠲᠤ ᠲᠤᠰᠢᠶᠠᠪᠠᠯ ᠢᠯᠡᠭᠦᠦ ᠣᠯᠬᠤ︾ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠡᠦᠬᠡᠳ ᠲᠥᠷᠥᠭᠦᠯᠬᠦ ᠶᠢ ᠳᠡᠮᠵᠢᠬᠦ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠢ ᠴᠢᠩᠭᠠᠳᠬᠠᠵᠤ᠂ ᠨᠡᠭᠦᠳᠡᠯ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠶᠢᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠨ᠎ᠡ᠃    ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠬᠡᠢ᠂ ᠭᠡᠷ ᠪᠠᠶᠢᠰᠢᠩ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠷᠢᠳᠠᠪᠠᠷ ︽ᠪᠠᠶᠢᠬᠤ ᠡᠰᠡᠬᠦ︾ ᠠᠰᠠᠭᠤᠳᠠᠯ ᠢ ᠰᠢᠢᠳᠪᠦᠷᠢᠯᠡᠵᠦ᠂ ᠳᠠᠬᠢᠨ ︽ᠰᠠᠶᠢᠨ ᠡᠰᠡᠬᠦ︾ ᠠᠰᠠᠭᠤᠳᠠᠯ ᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠨᠢ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠬᠠᠮᠠᠭᠠᠯᠠᠬᠤ ᠶᠢ ᠠᠩᠬᠠᠷᠴᠤ᠂ ᠰᠣᠬᠤᠷ ᠪᠠᠯᠠᠢ ᠪᠠᠷ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠨᠡᠭᠦᠯᠭᠡᠨ ᠬᠡᠷᠡᠭᠯᠡᠵᠦ ᠪᠣᠯᠬᠤ ᠦᠭᠡᠢ᠂ ᠬᠥᠳᠡᠭᠡ ᠲᠣᠰᠬᠤᠨ ᠤ ᠬᠡᠪ ᠰᠤᠷᠲᠠᠯ ᠢ ᠦᠭᠡᠢ ᠪᠣᠯᠭᠠᠨ᠎ᠠ᠃    ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠢ ᠰᠠᠶᠢᠨ ᠬᠢᠭᠰᠡᠨ ᠡᠰᠡᠬᠦ ᠶᠢᠨ ᠵᠠᠩᠭᠢᠯᠠᠭ᠎ᠠ ᠨᠢ ᠲᠠᠷᠢᠶᠠᠴᠢᠳ ᠤᠨ ᠪᠠᠶᠠᠷ ᠪᠠᠶᠠᠰᠤᠯ ᠪᠠ ᠰᠡᠳᠬᠢᠯ ᠬᠠᠨᠤᠮᠵᠢᠲᠠᠢ ᠪᠠᠶᠢᠬᠤ ᠡᠰᠡᠬᠦ ᠶᠢ ᠦᠵᠡᠨ᠎ᠡ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠦᠨᠡᠨ ᠠᠴᠠ ᠵᠥᠪ ᠢ ᠡᠷᠢᠬᠦ᠂ ᠪᠣᠳᠠᠲᠤ ᠶᠠᠪᠤᠳᠠᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠦᠨᠡᠨ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠳᠦᠷᠢ ᠲᠥᠷᠬᠦ ᠶᠢᠨ ᠢᠨᠵᠧᠨᠧᠷᠢᠩ ᠬᠢᠬᠦ᠂ ᠥᠩᠭᠡᠨ ᠲᠠᠯ᠎ᠠ ᠶᠢᠨ ᠠᠵᠢᠯ ᠢ ᠡᠷᠡᠰ ᠡᠰᠡᠷᠭᠦᠴᠡᠬᠦ ᠬᠡᠷᠡᠭᠲᠡᠢ ᠭᠡᠵᠦ ᠬᠡᠯᠡᠪᠡ᠃ ᠪᠣᠳᠠᠲᠤ ᠠᠰᠢᠭ ᠲᠤᠰᠠ ᠶᠢ ᠦᠵᠡᠬᠦ ᠠᠵᠢᠯ ᠢ ᠢᠯᠡᠭᠦᠬᠡᠨ ᠬᠢᠵᠦ᠂ ᠲᠠᠷᠢᠶᠠᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠳᠠᠶᠢᠴᠢᠯᠠᠨ᠂ ᠥᠷᠭᠡᠨ ᠣᠯᠠᠨ ᠲᠠᠷᠢᠶᠠᠴᠢᠳ ᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠴᠢ ᠪᠠ ᠠᠰᠢᠭ ᠬᠦᠷᠲᠡᠭᠴᠢ ᠪᠣᠯᠭᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号