ᠳᠦᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ︽ᠵᠠᠮ ᠱᠤᠭᠤᠮ ᠤᠨ ᠵᠢᠷᠤᠭ︾᠎ ᠢ ᠵᠢᠷᠤᠭᠯᠠᠪᠠ
ᠨᠡᠶᠢᠲᠡᠯᠡᠭᠰᠡᠨ ᠴᠠᠭ᠄
2024/2/22
   ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠣᠶᠢᠷ᠎ᠠ ᠳᠤ᠂ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠨᠡᠶᠢᠲᠡᠯᠡᠵᠦ᠂ 2024᠎ ᠤᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃    ᠡᠨᠡ ᠪᠣᠯ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠵᠢᠯᠣᠭᠤᠳᠤᠭᠰᠠᠨ ᠠᠷᠪᠠᠨ ᠬᠤᠶᠠᠳᠤᠭᠠᠷ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠮᠥᠨ᠃ ᠡᠨᠡ ᠬᠦ ᠪᠢᠴᠢᠭ ᠮᠠᠲ᠋ᠧᠷᠢᠶᠠᠯ ᠤᠨ ᠲᠣᠭᠤᠷᠢᠨ ᠳᠤ᠂ ᠠᠷᠠᠳ ᠤᠨ ᠡᠳᠦᠷ ᠤᠨ ᠰᠣᠨᠢᠨ ᠥᠨᠥᠳᠦᠷ ᠠᠴᠠ ᠡᠬᠢᠯᠡᠨ᠂ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠦᠵᠡᠬᠦ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ︽ᠬᠡᠨ  ᠳᠠᠷᠢᠶ᠎ᠠ ᠲᠠᠷᠢᠬᠤ︾᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠬᠠᠯᠠᠭᠤᠨ ᠴᠡᠭ ᠤᠨ ᠶᠠᠷᠢᠶᠠᠨ ᠤ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠤᠩᠰᠢᠭᠴᠢᠳ ᠲᠠᠢ ᠬᠠᠮᠲᠤ ᠪᠠᠷ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠶᠡᠭᠡ ᠪᠡᠯᠡᠭ︾᠎ ᠢ ᠨᠡᠭᠡᠭᠡᠭᠰᠡᠨ ᠪᠠᠶᠢᠨ᠎ᠠ᠃    ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠬᠡᠷᠬᠢᠨ ᠬᠢᠬᠦ ᠪᠤᠢ︖ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠵᠠᠮ ᠱᠤᠭᠤᠮ ᠤᠨ ᠵᠢᠷᠤᠭ︾᠎ ᠢ ᠳᠤᠷᠠᠳᠴᠠᠢ᠃    ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠦᠷᠲᠡᠯ᠎ᠡ᠂ ᠳᠠᠬᠢᠨ ᠰᠢᠨᠵᠢᠯᠡᠬᠦ ᠤᠬᠠᠭᠠᠨ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠬᠦᠷᠲᠡᠯ᠎ᠡ ᠁ ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠲᠠᠷᠢᠶᠠᠴᠢᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠭᠤᠣᠯᠳᠠᠯᠭ᠎ᠠ ᠲᠠᠢ ᠪᠠᠷ ᠶᠠᠭᠤ ᠶᠢ ᠠᠳᠬᠤᠬᠤ᠂ ᠬᠡᠷᠬᠢᠨ ᠠᠳᠬᠤᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠠᠷᠢᠶᠠᠴᠢᠳ ᠲᠤ ᠨᠡᠩ ᠶᠡᠭᠡ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃    ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠨ᠎ᠡ    ᠠᠮᠤ ᠪᠤᠳᠠᠭᠠᠨ ᠤ ᠠᠮᠤᠷ ᠲᠦᠪᠰᠢᠨ ᠪᠣᠯ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠣᠯᠠᠨ ᠵᠢᠯ ᠤᠨ ᠲᠤᠷᠰᠢᠬᠢ ᠥᠨᠳᠥᠷ ᠳᠠᠪᠲᠠᠮᠵᠢᠲᠤ ᠦᠭᠡ ᠪᠣᠯᠤᠨ᠎ᠠ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠴᠢᠬᠤᠯᠠᠴᠢᠯᠠᠭᠰᠠᠨ ᠬᠤᠶᠠᠷ ᠢ ᠦᠨᠡᠨ ᠬᠦ ᠪᠠᠲᠤᠯᠠᠬᠤ ᠶᠠᠪᠤᠳᠠᠯ ᠪᠣᠯ ᠳᠠᠷᠤᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠃ ᠶᠠᠭᠤᠨ ᠳᠤ ᠢᠩᠭᠢᠵᠦ ᠴᠢᠬᠤᠯᠠᠴᠢᠯᠠᠵᠤ ᠪᠠᠶᠢᠬᠤ ᠪᠤᠢ︖    ︽ᠣᠶᠢᠷ᠎ᠠ ᠶᠢᠨ ᠬᠡᠳᠦᠨ ᠵᠢᠯ ᠳᠤ᠂ ᠪᠦᠬᠦ ᠪᠥᠮᠪᠥᠷᠴᠡᠭ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠳᠠᠯ ᠬᠦᠨᠳᠦ ᠬᠡᠴᠡᠭᠦᠦ᠂ ᠤᠯᠤᠰ ᠤᠨ ᠳᠣᠲᠣᠭᠠᠳᠤ ᠶᠢᠨ ᠪᠠᠶᠢᠭᠠᠯᠢ ᠶᠢᠨ ᠭᠠᠮᠰᠢᠭ ᠣᠯᠠᠨᠲᠠ ᠡᠭᠦᠰᠬᠦ ᠵᠡᠷᠭᠡ ᠣᠯᠠᠨ ᠵᠦᠢᠯ ᠤᠨ ᠥᠷᠢᠰᠥᠯᠳᠦᠭᠡᠨ ᠤ ᠡᠮᠦᠨ᠎ᠡ᠂ ᠪᠢᠳᠡ 14 ᠳ᠋ᠦᠩᠰᠢᠭᠤᠷ ᠭᠠᠷᠤᠢ ᠬᠥᠮᠦᠨ ᠤ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠬᠦ ᠶᠢ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀᠎ ᠤ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠦᠢᠯᠡᠳᠪᠦᠷᠢᠯᠡᠯ ᠢ ᠠᠬᠢᠭᠤᠯᠵᠤ᠂ ᠡᠯᠪᠡᠭ ᠬᠤᠷᠢᠶᠠᠯᠲᠠ ᠶᠢ ᠲᠡᠮᠡᠴᠡᠨ ᠣᠯᠪᠠ︾ ᠭᠡᠵᠤ ᠲᠥᠪ ᠤᠨ ᠬᠥᠳᠡᠭᠡ ᠳᠤᠰᠬᠤᠨ ᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠵᠣ᠋ ᠸᠧᠢ ᠳ᠋ᠦᠩ ᠬᠡᠯᠡᠪᠡ᠃    ᠦᠷ᠎ᠡ ᠪᠦᠲᠦᠮᠵᠢ ᠶᠢ ᠦᠵᠡᠪᠡᠯ᠂ 2023 ᠣᠨ ᠳᠤ ᠪᠦᠬᠦ ᠤᠯᠤᠰ ᠤᠨ ᠠᠮᠤ ᠪᠤᠳᠠᠭᠠᠨ ᠤ ᠶᠡᠷᠦᠩᠬᠡᠢ ᠤᠨᠠᠯᠲᠠ 13908.2 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ 177.6 ᠳ᠋ᠦᠩᠰᠢᠭᠤᠷ ᠵᠢᠩ ᠨᠡᠮᠡᠭᠳᠡᠵᠦ᠂ ᠳᠠᠬᠢᠨ ᠰᠢᠨ᠎ᠡ ᠲᠡᠮᠳᠡᠭᠯᠡᠯ ᠢ ᠡᠭᠦᠳᠴᠦ᠂ 9 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ ᠳᠤᠮᠳᠠᠳᠤ ᠤᠯᠤᠰ ᠳᠡᠯᠡᠬᠡᠢ ᠶᠢᠨ 9%᠎ ᠶᠢ ᠡᠵᠡᠯᠡᠬᠦ ᠲᠠᠷᠢᠶᠠᠨ ᠭᠠᠵᠠᠷ ᠂ 6%᠎ ᠶᠢᠨ ᠴᠡᠩᠭᠡᠭ ᠤᠰᠤᠨ ᠤ ᠡᠬᠢ ᠪᠠᠶᠠᠯᠢᠭ ᠢᠶᠠᠷ ᠳᠡᠯᠡᠬᠡᠢ ᠶᠢᠨ 1/5᠎ ᠶᠢᠨ ᠬᠥᠮᠦᠨ ᠠᠮᠠ ᠶᠢ ᠳᠡᠵᠢᠬᠡᠨ ᠦᠷᠡᠵᠢᠬᠦᠯᠵᠤ ᠪᠠᠶᠢᠨ᠎ᠠ᠃    ᠪᠠᠶᠢᠳᠠᠯ ᠢ ᠦᠵᠡᠭᠡᠳ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠲᠦᠴᠡ ᠶᠢᠨ ᠴᠢᠨᠠᠷᠲᠠᠢ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ ᠶᠢᠨ ᠪᠠᠴᠢᠮ ᠲᠡᠩᠴᠡᠭᠦᠷᠢᠲᠦ ᠪᠠᠶᠢᠳᠠᠯ ᠦᠨᠳᠦᠰᠦᠨ ᠠᠴᠠ ᠪᠠᠨ ᠬᠤᠪᠢᠷᠠᠭᠰᠠᠨ ᠦᠭᠡᠢ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠥᠪᠴᠢ ᠶᠢ ᠬᠡᠵᠢᠶ᠎ᠡ ᠴᠦ ᠰᠤᠯᠠᠷᠠᠭᠤᠯᠵᠤ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃    ᠪᠣᠳᠠᠲᠠᠢ ᠪᠠᠷ ᠶᠠᠭᠠᠬᠢᠵᠤ ᠬᠢᠬᠦ ᠪᠤᠢ︖ ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦ ᠲᠠᠯᠪᠢᠬᠤ ᠤᠳᠤᠷᠢᠳᠤᠮᠵᠢ ᠶᠢ ᠳᠣᠪᠤᠶᠢᠯᠭᠠᠨ᠂ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠬᠠᠷᠠᠯᠲᠠ ᠶᠢ ᠪᠠᠲᠤᠯᠠᠬᠤ ᠬᠡᠷᠡᠭᠲᠡᠢ᠃    ᠲᠠᠯᠠᠪᠠᠢ ᠶᠢ ᠲᠣᠭᠲᠠᠪᠤᠷᠢᠵᠢᠭᠤᠯᠬᠤ ᠪᠣᠯ ᠳᠠᠷᠤᠢ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠤᠨ ᠦᠷ᠎ᠡ ᠶᠢ ᠥᠷᠭᠡᠳᠬᠡᠬᠦ ᠦᠷ᠎ᠡ ᠪᠦᠲᠦᠭᠡᠯ ᠢ ᠪᠠᠬᠢᠵᠢᠭᠦᠯᠬᠦ ᠶᠠᠪᠤᠳᠠᠯ ᠪᠣᠯᠤᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠳᠤ ᠪᠦᠬᠦ ᠤᠯᠤᠰ ᠤᠨ ᠠᠮᠤ ᠪᠤᠳᠠᠭ᠎ᠠ ᠲᠠᠷᠢᠬᠤ ᠲᠠᠯᠠᠪᠠᠢ 17.85 ᠳ᠋ᠦᠩᠰᠢᠭᠤᠷ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 954.6 ᠲᠦᠮᠡᠨ ᠮᠦ ᠨᠡᠮᠡᠭᠳᠡᠵᠦ᠂ ᠡᠭᠦᠨ ᠳᠤ ᠰᠢᠷ᠎ᠠ ᠪᠤᠷᠴᠠᠭ ᠲᠠᠷᠢᠬᠤ ᠲᠠᠯᠠᠪᠠᠢ 1.57 ᠳ᠋ᠦᠩᠰᠢᠭᠤᠷ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 345.1 ᠲᠦᠮᠡᠨ ᠮᠦ ᠨᠡᠮᠡᠭᠳᠡᠪᠡ᠃ ᠡᠨᠡ ᠵᠢᠯ ᠤᠯᠤᠰ ᠠᠴᠠ ᠪᠦᠬᠦ ᠤᠯᠤᠰ ᠤᠨ ᠠᠮᠤ ᠪᠤᠳᠠᠭᠠᠨ ᠤ ᠲᠠᠯᠠᠪᠠᠢ ᠶᠢ 17.7 ᠳ᠋ᠦᠩᠰᠢᠭᠤᠷ ᠮᠦ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠭᠰᠠᠨ ᠪᠠᠶᠢᠨ᠎ᠠ᠃  ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯ ᠭᠤᠣᠯ ᠰᠢᠪᠲᠤᠯᠤᠯᠲᠠ ᠶᠢᠨ ᠴᠢᠭᠯᠡᠯ ᠮᠥᠨ᠃ ᠲᠠᠷᠢᠶᠠᠯᠠᠩ ᠤᠨ ᠲᠤᠰᠬᠠᠢ ᠮᠡᠷᠭᠡᠵᠢᠯᠲᠡᠳ ᠤᠨ ᠵᠠᠳᠠᠯᠵᠤ ᠬᠡᠯᠠᠭᠰᠠᠨ ᠨᠢ᠂ ᠣᠳᠣᠬᠠᠨ ᠳᠤ ᠳᠤᠮᠳᠠᠳᠤ ᠤᠯᠤᠰ ᠤᠨ ᠠᠮᠤ ᠪᠤᠳᠠᠭᠠᠨ ᠤ ᠲᠠᠯᠠᠪᠠᠢ ᠨᠢᠭᠠᠲᠠ ᠲᠠᠣᠭᠠ ᠣᠢᠠᠲᠣᠷ ᠪᠠᠶᠢᠷᠢᠨ ᠳᠤ ᠣᠷᠣᠰᠢᠵᠤ᠂ ᠲᠠᠷᠢᠶᠠᠨ ᠭᠠᠵᠠᠷ ᠪᠠ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠤᠯᠠᠮ ᠠᠴᠠ ᠤᠯᠠᠮ ᠴᠢᠩᠬᠠᠷᠠᠵᠤ᠂ ᠳᠠᠷᠢᠶ᠎ᠠ ᠶᠢ ᠣᠢᠷᠭᠤᠠᠭᠡᠭᠦ ᠣᠷᠣᠨ ᠵᠠᠢ ᠲᠦᠢᠯ ᠤᠨ ᠬᠢᠵᠠᠭᠠᠷ ᠲᠠᠢ ᠪᠣᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠭᠤᠣᠯ ᠠᠷᠭ᠎ᠠ ᠵᠠᠮ ᠪᠣᠯ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃    ᠡᠨᠡ ᠵᠢᠯ ᠲᠥᠪ ᠤᠨ ᠨᠢᠭᠡᠳᠦᠭᠡᠷ ᠲᠣᠭᠠᠲᠤ ᠮᠠᠲ᠋ᠧᠷᠢᠶᠠᠯ ᠳᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠲᠠᠯᠠᠪᠠᠢ ᠨᠢᠭᠡᠴᠢ ᠶᠢᠨ ᠤᠨᠠᠯᠲᠠ ᠶᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠠᠶᠢᠨ ᠲᠠᠷᠢᠶᠠᠨ ᠤ ᠰᠠᠶᠢᠨ ᠡᠭᠦᠯᠳᠡᠷ ᠤᠨ ᠰᠠᠶᠢᠨ ᠠᠷᠭ᠎ᠠ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠦᠨ᠎ᠡ᠃ ᠡᠭᠦᠨ ᠳᠤ᠂ ᠦᠷ᠎ᠡ ᠶᠢᠨ ᠦᠢᠯᠡᠰ ᠤᠨ ᠬᠥᠭᠵᠢᠯᠲᠡ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ ᠠᠬᠢᠭᠤᠯᠵᠤ᠂ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠴᠢᠷᠮᠠᠶᠢᠨ ᠪᠤᠢ ᠪᠣᠯᠭᠠᠨ᠎ᠠ︔ ᠲᠠᠷᠢᠶᠠᠨ ᠭᠠᠵᠠᠷ ᠤᠨ ᠲᠠᠯ᠎ᠠ ᠪᠠᠷ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    ︽ᠭᠤᠷᠪᠠ ᠶᠢ ᠳᠡᠭᠡᠭᠰᠢᠯᠡᠭᠦᠯᠬᠦ︾᠎ ᠶᠢ ᠪᠡᠶᠡᠯᠡᠭᠦᠯᠬᠦ ᠶᠢ ᠠᠬᠢᠭᠤᠯᠤᠨ᠎ᠠ    ᠬᠥᠳᠡᠭᠡ ᠲᠣᠰᠬᠤᠨ ᠪᠣᠯ ᠥᠷᠭᠡᠨ ᠣᠯᠠᠨ ᠲᠠᠷᠢᠶᠠᠴᠢᠨ ᠲᠦᠮᠡᠨ ᠤ ᠭᠡᠷ ᠣᠷᠣᠨ ᠮᠥᠨ᠂ ᠪᠠᠰᠠ ᠴᠤ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ᠭᠤᠣᠯᠳᠠᠯᠭ᠎ᠠ ᠮᠥᠨ᠂ ᠡᠨᠡ ᠨᠢ ︽ᠭᠤᠷᠪᠠ ᠶᠢ ᠳᠡᠭᠡᠭᠰᠢᠯᠡᠭᠦᠯᠬᠦ︾᠎ ᠶᠢ ᠪᠠᠭᠲᠠᠭᠠᠵᠤ ᠪᠠᠶᠢᠨ᠎ᠠ᠃    ᠨᠢᠭᠡ ᠳᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠲᠤᠯᠭᠠᠭᠤᠷᠢᠯᠠᠯ ᠮᠥᠨ᠂ ᠲᠤᠭ᠎ᠠ ᠪᠠᠷᠢᠮᠲᠠ ᠠᠴᠠ ᠦᠵᠡᠪᠡᠯ᠂ ᠬᠥᠳᠡᠭᠡ ᠲᠣᠰᠬᠤᠨ ᠤ ᠠᠵᠤ ᠦᠢᠯᠡᠰ ᠲᠦᠷᠭᠡᠨ ᠬᠥᠭᠵᠢᠵᠦ᠂ ᠨᠢᠳᠤᠨᠤᠨ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠠᠵᠤ ᠠᠬᠤᠶᠢᠯᠠᠯ 9 ᠲᠦᠮᠡ ᠶᠢ ᠳᠠᠪᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠤᠨ ᠬᠤᠳᠠᠯᠳᠤᠭᠠᠨ ᠤ ᠪᠣᠷᠣᠯᠠᠭᠤᠯᠤᠯᠲᠠ ᠶᠢᠨ ᠬᠡᠮᠵᠢᠶ᠎ᠡ 7300 ᠳ᠋ᠦᠩᠰᠢᠭᠤᠷ ᠲᠥᠭᠦᠷᠢᠭ ᠢ ᠳᠠᠪᠠᠵᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠵᠢᠯ ᠳᠤ ᠬᠦᠯᠢᠶᠡᠨ ᠠᠪᠤᠭᠰᠠᠨ ᠵᠤᠭᠠᠴᠠᠭᠰᠠᠳ 30 ᠳ᠋ᠦᠩᠰᠢᠭᠤᠷ ᠬᠥᠮᠦᠨ ᠤᠳᠠᠭ᠎ᠠ ᠶᠢ ᠳᠠᠪᠠᠵᠠᠢ᠃   ᠬᠤᠶᠠᠷ ᠲᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠰᠤᠳᠤᠯᠤᠭᠴᠢ ᠵᠠᠩ ᠪᠢᠨ ᠢᠯᠡᠷᠬᠡᠶᠢᠯᠡᠬᠦ ᠳᠡᠭᠡᠨ᠂ 2020 ᠣᠨ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠶᠠᠪᠤᠳᠠᠯ ᠢ ᠵᠢᠩᠬᠢᠨᠢ ᠪᠠᠷ ᠳᠤᠷᠠᠳᠤᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠳᠦᠷᠢᠮ ᠤᠨ ᠪᠣᠷᠣ ᠲᠥᠯᠥᠪ ᠲᠠᠰᠤᠷᠠᠯᠲᠠ ᠥᠬᠡᠶ ᠲᠡᠭᠦᠯᠳᠡᠷᠵᠢᠵᠦ᠂ ᠳᠤᠲᠠᠭᠤᠳᠠᠯ ᠪᠠᠭᠤᠷᠠᠢ ᠲᠠᠯ᠎ᠠ ᠶᠢ ᠲᠦᠷᠭᠡᠨ ᠨᠥᠬᠦᠪᠥᠷᠢᠯᠡᠪᠡ᠃ ᠬᠠᠲᠠᠭᠤᠷᠠᠭᠤᠯᠤᠭᠰᠠᠨ ᠵᠠᠮ᠂ ᠬᠥᠳᠡᠯᠭᠡᠬᠦ ᠬᠦᠴᠦᠨ ᠤ ᠴᠠᠬᠢᠯᠭᠠᠨ᠂ 4G ᠰᠦᠯᠵᠢᠶᠡᠨ ᠤ ᠵᠠᠰᠠᠭ ᠵᠠᠬᠢᠷᠭᠠᠨ ᠤ ᠲᠣᠰᠬᠤᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠥᠬᠦᠴᠡᠯ ᠪᠦᠷᠢᠯᠳᠦᠭᠦᠯᠦᠭᠰᠡᠨ ᠰᠢᠶᠠᠩ ᠪᠠᠯᠭᠠᠰᠤ ᠪᠠ ᠪᠠᠶᠢᠭᠤᠯᠤᠯᠳᠤ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠭᠦᠯᠬᠦ᠂ ᠰᠢᠤᠳᠠᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠵᠦ᠂ ᠨᠢᠳᠤᠨᠤᠨ ᠤ ᠵᠢᠯ ᠤᠨ ᠰᠡᠭᠦᠯᠴᠢ ᠪᠣᠯᠲᠠᠯ᠎ᠠ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ 73% ᠬᠦᠷᠴᠦ᠂ 90%᠎ ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠨ᠎ᠡ᠃    ᠭᠤᠷᠪᠠ ᠳᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠤ ᠢᠯᠡᠷᠬᠡᠶᠢᠯᠡᠬᠦ ᠳᠡᠭᠡᠨ᠂ ᠣᠳᠣᠬᠢ ᠱᠠᠲᠤᠨ ᠳᠤ ᠮᠠᠨ ᠤ ᠤᠯᠤᠰ ᠤᠨ ᠬᠥᠳᠡᠭᠡ ᠲᠣᠰᠬᠤᠨ ᠳᠤ ᠬᠥᠮᠦᠨ ᠠᠮᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ᠂ ᠦᠵᠡᠯ ᠰᠠᠨᠠᠭ᠎ᠠ ᠰᠣᠶᠣᠯ ᠤᠨ ᠦᠵᠡᠯᠲᠡ᠂ ᠤᠯᠠᠮᠵᠢᠯᠠᠯᠲᠤ ᠨᠤᠲᠤᠭ ᠤᠨ ᠡᠮᠬᠢ ᠳᠢᠭᠯᠢᠮ ᠵᠡᠷᠭᠡ ᠲᠠᠯ᠎ᠠ ᠪᠠᠷ ᠴᠥᠮ ᠭᠦᠨᠵᠡᠭᠡᠢ ᠬᠤᠪᠢᠷᠠᠯᠲᠠ ᠭᠠᠷᠴᠤ᠂ ᠡᠨᠡ ᠨᠢ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠰᠢᠨ᠎ᠡ ᠱᠠᠭᠠᠷᠳᠠᠯᠭ᠎ᠠ ᠳᠤᠷᠠᠳᠴᠠᠢ᠃    ᠲᠠᠨᠢᠯᠴᠠᠭᠤᠯᠤᠭᠰᠠᠨ ᠢᠶᠠᠷ᠂ ᠡᠨᠡ ᠵᠢᠯ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠥᠨᠳᠥᠷ ᠥᠩᠭᠡᠲᠦ ᠪᠡᠯᠡᠭ᠂ ᠶᠡᠭᠡ ᠠᠵᠢᠯᠯᠠᠭ᠎ᠠ ᠶᠢ ᠶᠡᠬᠡᠪᠡᠷ ᠡᠷᠬᠢᠯᠡᠬᠦ ᠵᠡᠷᠭᠡ ᠳᠣᠪᠤᠶᠢᠮ᠎ᠠ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃   ᠲᠠᠷᠢᠶᠠᠴᠢᠳ ᠤᠨ ᠣᠷᠣᠯᠭ᠎ᠠ ᠶᠢ ᠠᠬᠢᠭᠤᠯᠬᠤ ᠠᠵᠢᠯᠯᠠᠭ᠎ᠠ ᠶᠢ ᠭᠡᠷᠡᠭᠵᠢᠬᠦᠯᠦᠨ᠎ᠡ   ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠢ ᠳᠤᠷᠠᠳᠴᠠᠢ᠃    ᠬᠠᠨ ᠸᠧᠨ ᠰᠢᠤ ᠢᠯᠡᠷᠬᠡᠶᠢᠯᠡᠬᠦ ᠳᠡᠭᠡᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠮᠥᠨ᠃ ᠥᠩᠭᠡᠷᠡᠭᠰᠡᠨ ᠨᠢᠭᠡ ᠵᠢᠯ ᠳᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 21691 ᠲᠥᠭᠦᠷᠢᠭ ᠪᠠᠶᠢᠵᠤ᠂ ᠪᠣᠳᠠᠲᠠᠢ ᠨᠡᠮᠡᠭᠳᠡᠭᠰᠡᠨ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ 2.8 ᠵᠠᠭᠤᠨ ᠤ ᠨᠢᠭᠡᠴᠢ ᠥᠨᠳᠥᠷ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢᠨ ᠬᠠᠷᠢᠴᠠᠯ ᠪᠠᠭᠠᠰᠤᠭᠠᠳ 2.39᠄ 1 ᠪᠣᠯᠪᠠ᠃ ᠡᠨᠡ ᠵᠢᠯ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠤᠷᠠᠳᠤᠭᠰᠠᠨ ᠤ ᠵᠣᠷᠢᠯᠭ᠎ᠠ ᠪᠣᠯ ᠳᠠᠷᠤᠢ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠠᠨᠳᠤᠰᠢ ᠶᠢ ᠪᠠᠬᠢᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠲᠥᠯᠥᠭᠡ ᠶᠤᠮ᠃    ᠪᠦᠲᠦᠴᠡ ᠠᠴᠠ ᠦᠵᠡᠪᠡᠯ᠂ ᠲᠠᠷᠢᠶᠠᠴᠢᠳ ᠤᠨ ᠣᠷᠣᠯᠭ᠎ᠠ ᠳᠤ ᠭᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ᠂ ᠴᠠᠯᠢᠩ ᠤᠨ ᠴᠢᠨᠠᠷᠲᠠᠢ ᠣᠷᠣᠯᠭ᠎ᠠ᠂ ᠰᠢᠯᠵᠢᠯᠲᠡ ᠶᠢᠨ ᠴᠢᠨᠠᠷᠲᠠᠢ ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠵᠡᠷᠭᠡ ᠶᠢ ᠪᠠᠭᠲᠠᠭᠠᠨ᠎ᠠ᠃ ᠡᠭᠦᠨ ᠳᠤ᠂ ᠭᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠨᠢ ᠲᠠᠷᠢᠶᠠᠴᠢᠳ ᠤᠨ ᠣᠷᠣᠯᠭ᠎ᠠ ᠶᠢᠨ 1/3 ᠣᠷᠴᠢᠮ ᠢ ᠡᠵᠡᠯᠡᠵᠦ᠂ ᠭᠡᠷ ᠪᠦᠯᠢ ᠶᠢᠨ ᠡᠵᠡᠩᠨᠡᠯᠲᠡ ᠶᠢ ᠰᠠᠶᠢᠲᠤᠷ ᠬᠢᠬᠦ ᠪᠣᠯ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠭᠤᠣᠯᠳᠠᠯᠭ᠎ᠠ ᠪᠣᠯᠤᠨ᠎ᠠ᠃ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠠᠬᠤ ᠶᠢᠨ ᠲᠣᠭᠤᠷᠢᠨ ᠳᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠴᠢᠨ ᠡᠷᠦᠬᠡ ᠶᠢᠨ ᠣᠨᠴᠠᠯᠢᠭᠲᠤ ᠲᠠᠷᠢᠵᠤ ᠲᠡᠵᠢᠭᠡᠬᠦ᠂ ᠭᠠᠷ ᠦᠢᠯᠡᠳᠬᠡᠯ᠂ ᠣᠢ ᠶᠢᠨ ᠬᠤᠷᠮᠣᠢ ᠶᠢᠨ ᠠᠵᠤ ᠠᠬᠤᠢ ᠵᠡᠷᠭᠡ ᠭᠡᠷ ᠪᠦᠯᠢ ᠶᠢᠨ ᠡᠵᠡᠩᠨᠡᠯᠲᠡ ᠶᠢᠨ ᠲᠥᠷᠥᠯ ᠵᠦᠢᠯ ᠢ ᠬᠥᠭᠵᠢᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠤᠨ ᠬᠥᠳᠡᠭᠡ ᠠᠵᠤ ᠠᠬᠤᠢ ᠳᠤ ᠬᠤᠯᠪᠣᠭᠳᠠᠬᠤ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠬᠢᠭᠡᠳ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃   ᠴᠠᠯᠢᠩ ᠤᠨ ᠴᠢᠨᠠᠷᠲᠠᠢ ᠣᠷᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠣᠯᠠᠨ ᠠᠷᠭ᠎ᠠ ᠵᠠᠮ ᠢᠶᠠᠷ ᠠᠵᠢᠯ ᠣᠯᠬᠤ ᠶᠢ ᠠᠬᠢᠭᠤᠯᠬᠤ ᠶᠢ ᠲᠣᠳᠣᠷᠬᠠᠢ ᠲᠣᠭᠲᠠᠭᠠᠵᠤ᠂ ᠣᠷᠣᠨ ᠪᠦᠰᠡ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠬᠤ ᠵᠣᠬᠢᠶᠠᠨ ᠪᠠᠶᠢᠭᠤᠯᠤᠯᠲᠠ ᠲᠠᠢ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠨᠠᠰᠤ ᠠᠬᠢᠭᠰᠠᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠣᠯᠭᠤᠬᠤ ᠲᠠᠯ᠎ᠠ ᠪᠠᠷ ᠲᠡᠳᠬᠦᠮᠵᠢ ᠦᠵᠡᠭᠦᠯᠬᠦ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠪᠣᠯᠤᠨ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠢᠳᠡᠪᠬᠢᠲᠡᠢ ᠳᠡᠯᠭᠡᠷᠡᠭᠦᠯᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号