︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠥᠷᠥᠯ ᠲᠡᠮᠳᠡᠭᠲᠦ ᠶᠢ ᠬᠡᠷᠬᠢᠨ ᠨᠡᠩ ᠰᠠᠶᠢᠨ ᠪᠣᠢ ᠪᠣᠯᠭᠠᠬᠤ ᠪᠤᠢ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · 2024 ᠣᠨ ᠳᠤ ᠳᠤᠮᠳᠠᠳᠤ ᠤᠯᠤᠰ ᠤᠨ ᠠᠵᠤ ᠠᠬᠤᠢ ᠢᠩᠭᠢᠵᠦ ᠬᠢᠨ᠎ᠡ︶
ᠨᠡᠶᠢᠲᠡᠯᠡᠭᠰᠡᠨ ᠴᠠᠭ᠄
2024/2/22
    ᠨᠡᠬᠡᠬᠡᠯᠲᠡ ᠬᠢᠬᠦ ᠪᠣᠯ ᠮᠠᠨ ᠤ ᠤᠯᠤᠰ ᠤᠨ ᠤᠯᠤᠰ ᠤᠨ ᠦᠨᠳᠦᠰᠦᠨ ᠪᠣᠳᠣᠯᠭ᠎ᠠ ᠮᠥᠨ᠂ ᠭᠠᠳᠠᠭᠠᠳᠤ ᠶᠢᠨ ᠪᠡᠯᠡ ᠮᠥᠩᠭᠦ ᠶᠢ ᠲᠠᠲᠠᠨ ᠠᠪᠴᠢᠷᠠᠬᠤ ᠪᠠ ᠠᠰᠢᠭᠯᠠᠬᠤ ᠪᠣᠯ ᠨᠡᠭᠡᠭᠡᠯᠲᠡ ᠬᠢᠬᠦ ᠶᠢᠨ ᠴᠢᠬᠤᠯᠠ ᠠᠭᠤᠯᠭ᠎ᠠ ᠮᠥᠨ᠃ 2023 ᠣᠨ ᠤ ᠰᠡᠭᠦᠯᠴᠢ ᠪᠠᠷ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ︿ᠳᠤᠮᠳᠠᠳᠤ ᠤᠯᠤᠰ ᠲᠤ ᠪᠡᠯᠡ ᠣᠷᠣᠭᠤᠯᠬᠤ﹀ ᠲᠦᠷᠦᠯ ᠲᠡᠮᠳᠡᠭ ᠢ ᠡᠭᠦᠳᠦᠨ᠎ᠡ︾ ᠭᠡᠵᠦ ᠴᠢᠬᠤᠯᠠᠴᠢᠯᠠᠪᠠ᠃ 2024 ᠣᠨ ᠳᠤ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠡᠮᠳᠡᠭᠲᠦ ᠶᠢ ᠬᠡᠷᠬᠢᠨ ᠨᠡᠩ ᠰᠠᠶᠢᠲᠤᠷ ᠪᠣᠢ ᠪᠣᠯᠭᠠᠵᠤ᠂ ᠭᠠᠳᠠᠭᠠᠳᠤ ᠪᠡᠯᠡ ᠶᠢᠨ ᠠᠵᠢᠯ ᠢ ᠰᠠᠶᠢᠲᠤᠷ ᠬᠢᠬᠦ ᠪᠤᠢ︖    ︽ᠣᠳᠣᠬᠠᠨ ᠳᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠭᠠᠵᠠᠷ ᠣᠷᠣᠨ ᠤ ᠤᠯᠤᠰ ᠲᠥᠷᠥ ᠶᠢᠨ ᠲᠦᠭᠰᠢᠭᠦᠷᠢ ᠢᠯᠡᠳᠲᠡ ᠳᠡᠭᠡᠭᠰᠢᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢ ᠨᠥᠯᠥᠭᠡᠯᠡᠬᠦ ᠶᠢᠨ ᠬᠠᠮᠲᠤ ᠡᠯ᠎ᠡ ᠤᠯᠤᠰ ᠤᠨ ᠪᠡᠯᠡ ᠣᠷᠣᠭᠤᠯᠤᠯᠲᠠ ᠶᠢᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ ᠲᠣᠭᠲᠠᠭᠠᠯᠲᠤ ᠪᠤᠰᠤ ᠴᠢᠨᠠᠷ ᠤᠨ ᠳᠡᠭᠡᠭᠰᠢᠯᠡᠯᠲᠡ ᠨᠢ ᠳᠤᠮᠳᠠᠳᠤ ᠤᠯᠤᠰ ᠤᠨ ᠭᠠᠳᠠᠭᠠᠳᠤ ᠪᠡᠯᠡ ᠶᠢ ᠲᠠᠲᠠᠬᠤ ᠳᠤ ᠵᠣᠬᠢᠬᠤ ᠥᠷᠢᠰᠥᠯᠳᠦᠭᠡᠨ ᠠᠪᠴᠢᠷᠠᠪᠠ︾᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠤ᠋ ᠪᠢᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠲᠤ 14 ᠳ᠋ᠦᠩᠰᠢᠭᠤᠷ ᠭᠠᠷᠤᠢ ᠬᠥᠮᠦᠨ ᠠᠮᠠ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ 4 ᠳ᠋ᠦᠩᠰᠢᠭᠤᠷ ᠭᠠᠷᠤᠢ ᠬᠥᠮᠦᠨ ᠤ ᠬᠡᠳᠦ ᠶᠡᠭᠡ ᠬᠡᠪᠴᠢᠶ᠎ᠡ ᠲᠠᠢ ᠵᠠᠬ᠎ᠠ ᠳᠡᠯᠭᠡᠭᠦᠷ ᠲᠠᠢ ᠪᠠᠶᠢᠵᠤ᠂ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠯᠤᠲᠤ ᠶᠡᠭᠡ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠬᠦ ᠪᠣᠯᠤᠨ᠎ᠠ ᠭᠡᠵᠡᠢ᠃    ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2023 ᠣᠨ ᠳᠤ ᠳᠤᠮᠳᠠᠳᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ᠎ᠠ 39.7%᠎ ᠪᠠᠷ ᠨᠡᠮᠡᠭᠳᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠦᠷᠭᠦᠯᠵᠢᠯᠡᠨ ︽ᠳᠤᠮᠳᠠᠳᠤ ᠤᠯᠤᠰ ᠲᠤ ᠪᠡᠯᠡ ᠣᠷᠣᠭᠤᠯᠬᠤ︾᠎ ᠶᠢ ᠨᠡᠮᠡᠵᠦ᠂ ᠳᠤᠮᠳᠠᠳᠤ ᠤᠯᠤᠰ ᠤᠨ ᠭᠠᠳᠠᠭᠠᠳᠤ ᠪᠡᠯᠡ ᠶᠢ ᠲᠠᠲᠠᠨ ᠣᠷᠣᠭᠤᠯᠬᠤ ᠳᠤ ᠪᠠᠲᠤ ᠪᠠᠬᠢ ᠰᠠᠭᠤᠷᠢ ᠪᠠ ᠥᠷᠭᠡᠨ ᠠᠭᠤᠳᠠᠮ ᠣᠷᠣᠨ ᠵᠠᠢ ᠲᠠᠢ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ ᠭᠡᠵᠡᠢ᠃    2024 ᠣᠨ ᠳᠤ ︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠡᠮᠳᠡᠭᠲᠦ ᠶᠢ ᠬᠡᠷᠬᠢᠨ ᠦᠷᠭᠦᠯᠵᠢᠯᠡᠨ ᠪᠣᠢ ᠪᠣᠯᠭᠠᠬᠤ ᠳᠤ ᠴᠢᠭᠯᠡᠭᠦᠯᠦᠨ᠂ ᠭᠠᠳᠠᠭᠠᠳᠤ ᠪᠡᠯᠡ ᠶᠢ ᠠᠰᠢᠭᠯᠠᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠤ᠋ ᠪᠢᠩ ᠢᠯᠡᠷᠬᠡᠶᠢᠯᠡᠬᠦ ᠳᠡᠭᠡᠨ᠂ ︽ᠤᠷᠢᠵᠤ ᠠᠪᠴᠢᠷᠠᠬᠤ︾ ᠪᠠ ︽ᠭᠠᠳᠠᠭᠰᠢ ᠭᠠᠷᠭᠠᠬᠤ︾᠎ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠡᠷᠬᠢᠯᠡᠵᠦ᠂ ᠭᠠᠳᠠᠭᠠᠳᠤ ᠳᠤ ᠪᠡᠯᠡ ᠣᠷᠣᠭᠤᠯᠬᠤ ᠠᠵᠠ ᠲᠣᠬᠢᠶᠠᠯ ᠢ ᠥᠷᠭᠡᠨ ᠢᠶᠠᠷ ᠤᠬᠠᠭᠤᠯᠵᠤ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠡᠨᠡ ᠬᠦ ᠠᠯᠲᠠᠨ ᠦᠰᠦᠭᠲᠦ ᠫᠠᠶᠢᠰᠠ ᠶᠢ ᠭᠡᠷᠡᠯᠲᠦᠭᠦᠯᠦᠨ᠎ᠡ ᠭᠡᠵᠡᠢ᠃ ᠡᠭᠦᠨ ᠤ ᠬᠠᠮᠲᠤ᠂ ᠣᠷᠣᠨ ᠨᠤᠲᠤᠭ ᠤᠨ ᠬᠢᠨ ᠥᠪᠡᠷ ᠤᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠣᠨᠴᠠᠯᠢᠭ ᠲᠠᠢ ᠪᠠᠨ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠡᠷᠬᠢᠯᠡᠵᠦ᠂ ᠪᠦᠬᠦ ᠤᠯᠤᠰ ᠤᠨ ᠪᠡᠯᠡ ᠣᠷᠣᠭᠤᠯᠬᠤ ︽ᠨᠢᠭᠡ ᠬᠥᠯᠭᠡ ᠰᠢᠲᠠᠷ᠎ᠠ︾᠎ ᠶᠢ ᠪᠦᠷᠢᠯᠳᠦᠭᠦᠯᠬᠦ ᠶᠢ ᠳᠡᠮᠵᠢᠨ᠎ᠡ᠃         ︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠡᠮᠳᠡᠭᠲᠦ ᠶᠢ ᠪᠣᠢ ᠪᠣᠯᠭᠠᠬᠤ ᠶᠢᠨ ᠵᠠᠩᠭᠢᠯᠠᠭ᠎ᠠ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶᠢᠵᠢᠭᠦᠯᠬᠦ ᠪᠠᠷ ᠴᠢᠷᠮᠠᠶᠢᠬᠤ ᠴᠢᠭᠯᠡᠯ ᠪᠣᠯᠭᠠᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠣᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠢᠶᠠᠷ ᠳᠤᠮᠳᠠᠳᠤ ᠤᠯᠤᠰ ᠢ ᠰᠣᠩᠭᠤᠭᠤᠯᠵᠤ᠂ ᠳᠤᠮᠳᠠᠳᠤ ᠤᠯᠤᠰ ᠲᠤ ᠦᠨᠳᠦᠰᠦᠯᠡᠭᠦᠯᠬᠦ ᠶᠠᠪᠤᠳᠠᠯ ᠪᠣᠯᠤᠨ᠎ᠠ᠃ ᠵᠤ᠋ ᠪᠢᠩ ᠢᠯᠡᠷᠬᠡᠶᠢᠯᠡᠬᠦ ᠳᠡᠭᠡᠨ᠂ ᠡᠨᠡ ᠵᠢᠯ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮ ᠢ ᠰᠠᠶᠢᠲᠤᠷ ᠬᠡᠷᠡᠭᠯᠡᠵᠦ᠂ ᠠᠵᠢᠯ ᠲᠥᠷᠥᠯ᠂ ᠭᠠᠵᠠᠷ ᠣᠷᠣᠨ ᠪᠤᠶᠤ ᠤᠯᠤᠰ ᠤᠨ ᠢᠯᠭᠠᠯ᠂ ᠬᠤᠳᠠᠯᠳᠤᠭᠠᠨ ᠤ ᠶᠠᠪᠤᠳᠠᠯ ᠤᠨ ᠶᠠᠮᠤᠨ ᠰᠠᠷ᠎ᠠ ᠪᠦᠷᠢ ᠨᠢᠭᠡ ᠤᠳᠠᠭ᠎ᠠ ᠲᠣᠭᠤᠷᠢᠭ ᠰᠢᠷᠡᠭᠡᠨ ᠤ ᠬᠤᠷᠠᠯ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠴᠠᠭ ᠲᠤᠬᠠᠢ ᠳᠤᠨᠢ ᠵᠣᠬᠢᠴᠠᠭᠤᠯᠤᠨ ᠠᠬᠢᠭᠤᠯᠵᠤ ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠰᠢᠯᠢᠳᠡᠭᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠢ᠃    2023 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠵᠤ᠋ ᠪᠢᠩ ᠢᠯᠡᠷᠬᠡᠶᠢᠯᠡᠬᠦ ᠳᠡᠭᠡᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠢᠳᠡᠪᠬᠢᠲᠡᠢ ᠨᠠᠶᠢᠳᠠᠪᠤᠷᠢᠵᠢᠭᠤᠯᠵᠤ᠂ 59 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠳᠣᠲᠣᠷ᠎ᠠ 38 ᠵᠦᠢᠯ ᠢ ᠨᠢᠭᠡᠨᠲᠡ ᠨᠠᠶᠢᠳᠠᠪᠤᠷᠢᠵᠢᠭᠤᠯᠤᠭᠰᠠᠨ ᠪᠤᠶᠤ ᠱᠠᠲᠤ ᠦᠶ᠎ᠡ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠳᠠᠷᠠᠭᠠᠴᠢ ᠶᠢᠨ ᠠᠯᠬᠤᠮ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠠᠨᠠᠯ ᠪᠠ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦᠯᠬᠦ᠂ ᠭᠠᠳᠠᠭᠠᠳᠤ ᠶᠢᠨ ᠬᠠᠷᠢᠶᠠᠲᠤ ᠬᠥᠮᠦᠰ ᠤᠨ ᠳᠤᠮᠳᠠᠳᠤ ᠤᠯᠤᠰ ᠲᠤ ᠢᠷᠡᠬᠦ ᠳᠤ ᠳᠥᠭᠦᠮ ᠦᠵᠡᠭᠦᠯᠬᠦ ᠵᠡᠷᠭᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠦᠷᠭᠡᠳᠬᠡᠨ ᠨᠡᠶᠢᠲᠡᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠪᠠᠷᠢᠮᠵᠢᠶ᠎ᠠ ᠲᠣᠭᠲᠠᠭᠠᠬᠤ ᠲᠠᠯ᠎ᠠ ᠪᠠᠷ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠤᠯᠤᠰ ᠠᠷᠠᠳ ᠤᠨ ᠬᠠᠷᠠᠭᠠᠯᠵᠠᠯ ᠢ ᠪᠦᠬᠦ ᠲᠠᠯ᠎ᠠ ᠪᠠᠷ ᠪᠠᠲᠤᠯᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠢᠷᠡᠬᠦ ᠳᠤᠷᠠᠲᠠᠢ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠶᠢ ᠠᠬᠢᠭᠤᠯᠤᠨ᠎ᠠ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号