ᠭᠡᠷ ᠪᠠᠶᠢᠰᠢᠩ ᠭᠠᠵᠠᠷ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠬᠡᠷᠬᠢᠨ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠪᠤᠢ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ 2024 ᠣᠨ ᠳᠤ ᠳᠤᠮᠳᠠᠳᠤ ᠤᠯᠤᠰ ᠤᠨ ᠠᠵᠤ ᠠᠬᠤᠢ ᠢᠩᠭᠢᠵᠦ ᠬᠢᠨ᠎ᠠ︶
ᠨᠡᠶᠢᠲᠡᠯᠡᠭᠰᠡᠨ ᠴᠠᠭ᠄
2024/2/22
    ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠵᠢᠭᠠᠵᠤ ᠭᠠᠷᠭᠠᠭᠰᠠᠨ ᠨᠢ᠂ ᠭᠡᠷ ᠪᠠᠶᠢᠰᠢᠩ ᠭᠠᠵᠠᠷ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡᠨ ᠤ ᠪᠠᠶᠢᠳᠠᠯ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃ 2023 ᠣᠨ ᠳᠤ᠂ ᠮᠠᠨ ᠤ ᠤᠯᠤᠰ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠦᠷᠦᠭᠦᠦ 11 ᠰᠠᠷ᠎ᠠ ᠳᠤ᠂ ᠪᠦᠬᠦ ᠤᠯᠤᠰ ᠤᠨ ᠨᠢᠭᠡᠳᠦᠭᠡᠷ᠂ ᠭᠠᠷ ᠳᠠᠮᠵᠢᠭᠰᠠᠨ ᠣᠷᠣᠨ ᠰᠠᠭᠤᠴᠠ ᠶᠢᠨ ᠨᠡᠶᠢᠯᠡᠭᠦᠯᠦᠨ ᠪᠤᠳᠤᠬᠤ ᠠᠷᠠᠯᠵᠢᠶᠠᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠬᠦ ᠶᠢ ᠪᠡᠶᠡᠯᠡᠭᠦᠯᠵᠦ᠂ ᠠᠰᠠᠷ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ︔ ᠮᠥᠩᠭᠦᠨ ᠭᠦᠢᠯᠭᠡᠭᠡᠨ ᠢᠶᠠᠷ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠠᠵᠢᠯ ᠢ ᠡᠮᠬᠢ ᠵᠢᠷᠤᠮ ᠲᠠᠢ ᠠᠬᠢᠭᠤᠯᠪᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠭᠦᠢᠴᠡᠳᠬᠡᠯ ᠲᠤᠭ᠎ᠠ ᠵᠦᠢ ᠵᠣᠬᠢᠰᠲᠠᠢ ᠬᠡᠪᠴᠢᠶᠡᠨ ᠳᠤ ᠣᠷᠣᠰᠢᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠪᠠ᠃    ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠃ ᠡᠨᠡ ᠵᠢᠯ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠡᠷᠬᠢᠨ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠬᠤ ᠪᠤᠢ︖    — — ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠳᠡᠮᠵᠢᠨ᠎ᠡ᠃    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠠᠰᠠᠷ ᠲᠤᠰᠢᠶᠠᠬᠤ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠨ ᠥᠭᠬᠦ ᠰᠢᠨ᠎ᠡ ᠲᠦᠭᠰᠢᠭᠦᠷᠢ ᠭᠠᠷᠬᠤ ᠶᠢ ᠰᠡᠷᠭᠡᠶᠢᠯᠡᠨ᠎ᠡ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ᠂ ᠣᠷᠣᠨ ᠨᠤᠲᠤᠭ ᠢ ᠵᠢᠯᠣᠭᠤᠳᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ︔ ᠭᠡᠷ ᠪᠠᠶᠢᠰᠢᠩ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠪᠠ ᠲᠥᠷᠥᠯ ᠵᠦᠢᠯ ᠤᠨ ᠺᠣᠮᠫᠠᠨᠢ ᠶᠢᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠯᠵᠢᠭᠦᠯᠦᠨ ᠬᠤᠳᠠᠯᠳᠤᠭᠰᠠᠨ ᠪᠡᠯᠡ ᠮᠥᠩᠭᠦ ᠶᠢ ᠡᠷᠡᠰ ᠨᠡᠬᠡᠮᠵᠢᠯᠡᠨ ᠠᠪᠤᠨ᠎ᠠ᠃    ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠂ ᠡᠨᠡ ᠵᠢᠯ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠪᠠᠨ ᠴᠢᠩᠭᠠᠳᠬᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠵᠥᠷᠢᠶᠡᠲᠦ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠰᠠᠶᠢᠲᠤᠷ ᠬᠡᠷᠡᠭᠵᠢᠭᠦᠯᠵᠦ᠂ ᠡᠯ᠎ᠡ ᠲᠥᠷᠥᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ︽ᠮᠥᠩᠭᠦᠨ ᠭᠦᠢᠯᠭᠡᠭᠡᠨ ᠤ 16 ᠵᠤᠷᠪᠤᠰ︾ ᠵᠢᠴᠢ ᠮᠥᠩᠭᠦᠨ ᠭᠦᠢᠯᠭᠡᠭᠡᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ︽ᠡᠩ ᠤᠨ ᠪᠠ ᠪᠠᠴᠢᠮ ᠪᠠᠶᠢᠳᠠᠯ ᠢ ᠬᠤᠶᠠᠷ ᠢ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃    — — ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠳᠦᠭᠰᠢᠬᠦᠷᠢ ᠶᠢ ᠰᠡᠷᠭᠡᠶᠢᠯᠡᠨ ᠠᠷᠢᠯᠭᠠᠨ᠎ᠠ᠃    ᠣᠳᠣᠬᠠᠨ ᠳᠤ ᠮᠠᠨ ᠤ ᠤᠯᠤᠰ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠬᠢᠷᠢ ᠬᠡᠮᠵᠢᠶ᠎ᠡ ᠳᠡᠯᠡᠬᠡᠢ ᠳᠡᠭᠡᠷ᠎ᠡ ᠳᠤᠮᠳᠠ ᠠᠴᠠ ᠪᠠᠨ ᠪᠠᠭᠤᠵᠤ ᠪᠠᠶᠢᠭ᠎ᠠ ᠬᠢᠷᠢ ᠬᠡᠮᠵᠢᠶ᠎ᠡ ᠪᠠᠶᠢᠵᠤ᠂ ᠪᠦᠲᠦᠴᠡ ᠶᠢᠨ ᠲᠠᠯ᠎ᠠ ᠪᠠᠷ ᠦᠵᠡᠪᠡᠯ᠂ ᠲᠥᠪ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠳᠠᠷᠤᠭᠠᠰᠤ ᠨᠡᠯᠢᠶᠡᠳ ᠬᠥᠩᠭᠡᠪᠲᠦᠷ᠂ ᠣᠷᠣᠨ ᠨᠤᠲᠤᠭ ᠤᠨ ᠣᠯᠠᠩᠬᠢ ᠥᠷᠢ ᠥᠭᠴᠡᠭᠡᠨ ᠤ ᠬᠡᠮᠵᠢᠶ᠎ᠡ ᠨᠢ ᠪᠠᠰᠠ ᠥᠨᠳᠥᠷ ᠪᠢᠰᠢ᠂ ᠪᠠᠰᠠ ᠨᠡᠯᠢᠶᠡᠳ ᠠᠷᠪᠢᠨ ᠡᠬᠢ ᠪᠠᠶᠠᠯᠢᠭ ᠪᠣᠯᠤᠨ ᠠᠷᠭ᠎ᠠ ᠭᠡᠷᠡᠭᠯᠡᠬᠦᠷ ᠢᠶᠠᠷ ᠥᠷᠢ ᠥᠭᠴᠡᠭᠡ ᠪᠠᠨ ᠨᠠᠮᠳᠠᠭᠤᠯᠤᠨ᠎ᠠ᠃ ᠪᠦᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠠᠴᠠ᠂ ᠨᠢᠭᠡᠨᠲᠡ ᠲᠣᠭᠲᠠᠭᠠᠭᠰᠠᠨ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠯᠡᠳᠡᠭᠡᠯ ᠳᠠᠯᠳᠠ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠬᠦ ᠳᠠᠯᠳᠠ ᠥᠷᠢ ᠥᠭᠴᠡᠭᠡ ᠶᠢ ᠡᠷᠡᠰ ᠰᠡᠷᠭᠡᠶᠢᠯᠡᠨ᠂ ᠥᠷᠢ ᠥᠭᠴᠡᠭᠡ ᠶᠢ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠳᠤᠷᠠᠳᠪᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠡᠨᠡ ᠵᠢᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠣᠭᠤᠳᠤᠨ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠰᠣᠯᠢᠬᠤ ᠵᠡᠷᠭᠡ ᠠᠷᠭ᠎ᠠ ᠪᠠᠷᠢᠯ ᠢ ᠵᠦᠢ ᠵᠣᠬᠢᠰᠲᠠᠢ ᠬᠡᠷᠡᠭᠯᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠦᠯᠡᠳᠡᠭᠡᠯ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠵᠤ᠂ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃    — — ᠮᠥᠩᠭᠦᠨ ᠭᠦᠢᠯᠭᠡᠭᠡᠨ ᠤ ᠳᠤᠮᠳᠠ ᠵᠢᠵᠢᠭ ᠪᠠᠶᠢᠭᠤᠯᠤᠮᠵᠢ ᠶᠢᠨ ᠠᠶᠤᠯ ᠳᠦᠭᠰᠢᠬᠦᠷᠢ ᠶᠢ ᠠᠷᠢᠯᠭᠠᠬᠤ ᠶᠢ ᠠᠬᠢᠭᠤᠯᠤᠨ᠎ᠠ᠃    ᠣᠶᠢᠷ᠎ᠠ ᠶᠢᠨ ᠵᠢᠯ ᠤᠳ ᠲᠤ᠂ ᠥᠭᠡᠷᠡᠴᠢᠯᠡᠯᠲᠡ ᠪᠠᠷ ᠳᠠᠮᠵᠢᠨ ᠲᠦᠭᠰᠢᠭᠦᠷᠢ ᠶᠡᠬᠡᠲᠡᠢ ᠪᠠᠩᠬᠢ ᠶᠢᠨ ᠲᠤᠭ᠎ᠠ ᠬᠡᠮᠵᠢᠶ᠎ᠡ ᠪᠠᠭᠤᠷᠠᠬᠤ ᠬᠠᠨᠳᠤᠰᠢ ᠢᠯᠡᠷᠡᠵᠦ᠂ 2019 ᠣᠨ ᠤ ᠣᠷᠭᠢᠯ ᠦᠶ᠎ᠡ ᠲᠠᠢ ᠬᠠᠷᠢᠴᠠᠭᠤᠯᠪᠠᠯ ᠪᠠᠷᠤᠭ ᠬᠠᠭᠠᠰ ᠠᠴᠠ ᠬᠠᠭᠠᠰ ᠢᠯᠡᠭᠦᠦ ᠪᠣᠯᠵᠤ᠂ ᠦᠯᠡᠳᠡᠭᠡᠯ ᠲᠦᠭᠰᠢᠭᠦᠷᠢ ᠶᠡᠬᠡᠲᠡᠢ ᠪᠠᠩᠬᠢ ᠶᠢᠨ ᠥᠭᠡᠷᠡᠴᠢᠯᠡᠯᠲᠡ ᠶᠢᠨ ᠴᠢᠭᠯᠡᠯ ᠪᠠ ᠳᠠᠭᠠᠳᠬᠠᠯ ᠤᠨ ᠰᠡᠳᠬᠢᠴᠡ ᠨᠢᠭᠡᠨᠲᠡ ᠲᠣᠳᠣᠷᠬᠠᠢ ᠪᠣᠯᠵᠣ᠂ ᠶᠠᠭ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠦᠭᠰᠢᠭᠦᠷᠢ ᠪᠠᠷ ᠨᠡᠯᠢᠶᠡᠳ ᠥᠨᠳᠥᠷ ᠳᠤᠮᠳᠠ ᠪᠠᠭ᠎ᠠ ᠪᠠᠩᠬᠢ ᠳᠤ᠂ ᠬᠢᠨᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶᠠᠲᠠᠢ ᠲᠦᠭᠰᠢᠭᠦᠷᠢ ᠶᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠢ᠃ ᠡᠭᠦᠨ ᠤ ᠬᠠᠮᠲᠤ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ︽ᠨᠢᠭᠡ ᠠᠵᠢᠯ ᠨᠢᠭᠡ ᠲᠥᠷᠥ ᠶᠢᠨ ᠪᠣᠳᠣᠯᠭ᠎ᠠ︾᠎ ᠶᠢ ᠲᠣᠭᠲᠠᠭᠠᠵᠤ᠂ ᠥᠭᠡᠷᠡᠴᠢᠯᠡᠯᠲᠡ ᠳᠤ ᠣᠷᠣᠯᠴᠠᠬᠤ ᠠᠷᠭ᠎ᠠ ᠵᠠᠮ ᠵᠢᠴᠢ ᠵᠣᠬᠢᠴᠠᠩᠭᠤᠢ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠯᠡᠳᠡᠭᠡᠯ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠢᠢᠳᠪᠦᠷᠢᠯᠡᠬᠦ ᠪᠠ ᠰᠢᠢᠳᠪᠦᠷᠢᠯᠡᠵᠦ ᠂ ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠡᠵᠡᠮᠳᠡᠨ᠎ᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号