ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | 2023 ᠣᠨ ᠳᠤ ᠮᠠᠨ ᠤ ᠤᠷᠤᠨ 6577 ᠺᠢᠯᠤᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠡᠬᠢᠯᠡᠨ | ᠪᠠᠶᠢᠭᠤᠯᠵᠤ᠂ 5106 ᠺᠢᠯᠤᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ᠬᠥᠳᠡᠭᠡ ᠲᠣᠰᠬᠤᠨ ᠤ ᠵᠠᠮ | ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠦᠨ ᠬᠤᠯᠪᠣᠯᠳᠤᠭᠤᠯᠤᠭᠰᠠᠨ ᠨᠢ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠢ | ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | 2023 ᠣᠨ ᠳᠤ ᠮᠠᠨ ᠤ ᠤᠷᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠣᠨᠴᠠᠯᠢᠭ ᠲᠤ ᠴᠢᠭᠯᠡᠭᠦᠯᠦᠨ᠂ ᠭᠤᠣᠯ ᠪᠣᠯᠬᠤ ᠲᠠᠷᠢᠶᠠᠯᠠᠩ ᠮᠠᠯ ᠠᠵᠤ ᠠᠬᠤᠢ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠠᠵᠤ ᠦᠢᠯᠡᠳᠪᠦᠷᠢ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠵᠠᠩᠭᠢᠯᠠᠭ᠎ᠠ ᠶᠢᠨ | ᠴᠡᠭ ᠢ ᠬᠤᠯᠪᠣᠬᠤ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ | ᠠᠬᠢᠭᠤᠯᠤᠨ᠂ ᠰᠤᠮᠤ ᠰᠢᠶᠠᠩ ᠪᠠᠯᠭᠠᠰᠤ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠠᠪᠲᠠᠷᠡᠭᠦᠯᠵᠦ᠂ ᠨᠡᠯᠢᠶᠡᠳ | ᠤᠯᠠᠨ ᠬᠥᠮᠥᠨ ᠠᠮᠠ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠬᠠᠷᠢᠴᠠᠯ ᠢ ᠲᠣᠰ | ᠲᠣᠰ 94.9%᠂ 87.7% ᠳᠤ ᠬᠦᠷᠭᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ ᠰᠢᠨᠵᠢᠯᠡᠬᠦ | ᠤᠬᠠᠭᠠᠨᠴᠢ ᠪᠠᠷ ᠬᠠᠮᠢᠶᠠᠷᠤᠨ ᠠᠷᠠᠴᠢᠯᠠᠬᠤ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ 96 ᠨᠥᠬᠦᠴᠡᠯ | ᠪᠦᠷᠢᠳᠦᠭᠰᠡᠨ ᠬᠤᠰᠢᠭᠤ ᠰᠢᠶᠠᠨ ︵ᠬᠤᠲᠠ ᠲᠣᠭᠤᠷᠢᠭ︶ ᠳᠤ ᠴᠥᠮ ᠵᠠᠮ ᠤᠨ ᠳᠠᠷᠤᠭ᠎ᠠ ᠶᠢᠨ ᠳᠦᠷᠢᠮ ᠢ | ᠬᠡᠷᠡᠭᠵᠢᠭᠦᠯᠵᠦ᠂ ᠡᠯ᠎ᠡ ᠱᠠᠲᠤᠨ ᠤ ᠵᠠᠮ ᠤᠨ ᠳᠠᠷᠤᠭ᠎ᠠ ᠶᠢ 11978 ᠬᠥᠮᠥᠨ ᠲᠣᠬᠢᠷᠠᠭᠤᠯᠤᠨ᠂ 11498 ᠰᠤᠮᠤ | ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠨ ᠠᠷᠠᠴᠢᠯᠠᠬᠤ | ᠪᠠᠶᠢᠭᠤᠯᠤᠮᠵᠢ ᠶᠢ ᠲᠣᠬᠢᠷᠠᠭᠤᠯᠪᠠ᠃ 2023 ᠣᠨ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ 19.4 ᠳ᠋ᠦᠩᠰᠢᠭᠤᠷ ᠲᠥᠭᠦᠷᠢᠭ ᠲᠣᠬᠢᠷᠠᠭᠤᠯᠵᠤ᠂ | ᠪᠦᠬᠦ ᠵᠢᠯ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 10854 | ᠺᠢᠯᠤᠮᠧᠲᠷ ᠪᠡᠶᠡᠯᠡᠭᠦᠯᠵᠦ᠂ 215 ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠵᠤ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ 1143 | ᠺᠢᠯᠤᠮᠧᠲᠷ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠪᠠᠶᠢᠳᠠᠯ ᠤᠨ ᠬᠢᠷᠢ ᠬᠡᠮᠵᠢᠶ᠎ᠡ ᠪᠣᠯᠣᠨ | ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | 2023 ᠣᠨ ᠳᠤ ᠴᠢᠩ ᠱᠦᠢ ᠾᠧ ᠰᠢᠶᠠᠨ᠂ ᠠᠤᠬᠠᠨ ᠬᠤᠰᠢᠭᠤ᠂ ᠶᠤᠸᠠᠨ ᠪᠦᠦ ᠱᠠᠨ ᠲᠣᠭᠤᠷᠢᠭ᠂ | ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠵᠡᠷᠭᠡ 5 ᠬᠤᠰᠢᠭᠤ ᠰᠢᠶᠠᠨ ᠲᠣᠭᠤᠷᠢᠭ ᠪᠥᠬᠦ ᠤᠯᠤᠰ ᠤᠨ | ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠦᠨᠡᠯᠡᠨ ᠵᠢᠱᠢᠬᠦ ᠳᠤ | ᠬᠢᠷᠢ ᠲᠡᠩᠴᠡᠪᠡ᠃ ᠣᠳᠣᠬᠠᠨ ᠳᠤ ᠪᠥᠬᠦ ᠣᠷᠣᠨ ᠳᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ | ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ 17᠂ ᠤᠯᠤᠰ ᠤᠨ ᠲᠠᠰ ᠤᠨ ᠬᠤᠲᠠ ᠶᠢᠨ ᠬᠡᠪᠴᠢᠶᠡᠨ ᠳᠠᠬᠢ | ᠲᠣᠪᠤᠶᠢᠮ᠎ᠠ ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ 38᠂ | ᠬᠤᠲᠠ ᠶᠢᠨ ᠬᠡᠪᠴᠢᠶᠡᠨ ᠳᠠᠬᠢ ᠲᠣᠪᠤᠶᠢᠮ᠎ᠠ ᠨᠢᠭᠡᠴᠢ 3 ᠢᠢ ᠡᠭᠦᠳᠦᠨ ᠪᠠᠶᠢᠭᠤᠯᠪᠠ᠃ 2023 ᠣᠨ ᠳᠤ | ᠤᠳᠤᠭ ᠤᠨ ᠡᠮᠦᠨᠡᠲᠦ ᠬᠤᠰᠢᠭᠤᠨ ᠤ ᠨᠠᠩᠰᠤ ᠠᠴᠠ ᠪᠤᠷᠤᠪᠠᠯᠭᠠᠰᠤ ᠬᠦᠷᠬᠦ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ ᠤᠨ ᠵᠠᠰᠠᠮᠠᠯ ᠵᠠᠮ ᠪᠦᠬᠦ ᠤᠯᠤᠰ ᠤᠨ ︽ᠮᠠᠨ ᠤ ᠭᠡᠷ ᠤᠨ ᠡᠭᠦᠳᠡᠨ ᠳᠠᠬᠢ ᠵᠠᠮ — ᠬᠥᠮᠥᠰ ᠤᠨ | ᠬᠦᠷᠢᠶᠡᠯᠡᠯ ᠢ ᠣᠯᠣᠭᠰᠠᠨ ᠵᠠᠮ︾ ᠢᠶᠠᠷ ᠦᠨᠡᠯᠡᠭᠳᠡᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠪᠠ᠃ |