ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠬᠦᠯᠢᠶᠠᠨ ᠠᠪᠴᠤ ᠬᠦᠷᠭᠡᠭᠰᠡᠨ ᠲᠦᠷᠭᠡᠨ ᠬᠦᠷᠭᠡᠯᠳᠠ ᠶᠢᠨ ᠪᠤᠭᠤᠳᠠᠯ 17 ᠳ᠋ᠦᠩᠰᠢᠭᠤᠷ ᠬᠤᠪᠢ ᠶᠢ ᠲᠠᠪᠠᠪᠠ
ᠨᠡᠶᠢᠲᠡᠯᠡᠭᠰᠡᠨ ᠴᠠᠭ᠄
2024/2/22
    ︽ᠠᠵᠤ ᠠᠬᠤᠢ ᠶᠢᠨ ᠯᠠᠪᠯᠠᠯᠲᠠ ᠶᠢᠨ ᠰᠣᠨᠢᠨ︾ 2 ᠰᠠᠷ᠎ᠠ ᠶᠢᠨ 19 ᠤ ᠡᠳᠦᠷ ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠬᠦᠯᠢᠶᠠᠨ ᠠᠪᠴᠤ ᠬᠦᠷᠭᠡᠭᠰᠡᠨ ᠲᠦᠷᠭᠡᠨ ᠬᠦᠷᠭᠡᠯᠳᠠ ᠶᠢᠨ ᠪᠤᠭᠤᠳᠠᠯ 17 ᠳ᠋ᠦᠩᠰᠢᠭᠤᠷ ᠬᠤᠪᠢ ᠶᠢ ᠲᠠᠪᠠᠪᠠ︾ ᠭᠡᠬᠦ ᠵᠣᠬᠢᠶᠠᠯ ᠨᠡᠶᠢᠲᠡᠯᠡᠪᠡ᠃ ᠵᠣᠬᠢᠶᠠᠯ ᠳᠤ᠂ ᠤᠯᠤᠰ ᠤᠨ ᠰᠢᠤᠳᠠᠨ ᠤ ᠲᠣᠪᠴᠢᠶ᠎ᠠ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠬᠠᠷᠠᠭᠤᠯᠤᠬᠰᠡᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ︵2 ᠰᠠᠷ᠎ᠠ ᠶᠢᠨ 10 ᠠᠴᠠ 17 ᠤ ᠡᠳᠦᠷ ᠪᠣᠯᠲᠠᠯ᠎ᠠ︶ ᠪᠥᠬᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠠᠵᠢᠯᠯᠠᠭᠠᠨ ᠶᠡᠷᠦᠩᠬᠡᠶ ᠳᠡᠭᠡᠨ ᠠᠮᠤᠷ ᠲᠦᠪᠰᠢᠨ ᠪᠥᠭᠡᠳ ᠲᠣᠭᠲᠠᠭᠤᠨ ᠪᠠᠶᠢᠵᠤ᠂ ᠢᠯᠡᠭᠡᠯᠳᠠ ᠬᠦᠷᠭᠡᠯᠳᠠ ᠶᠢᠨ ᠵᠠᠮ ᠮᠥᠷ ᠰᠠᠭᠠᠳ ᠥᠬᠡᠶ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠪᠣᠳᠠᠲᠠᠶ ᠪᠠᠷ ᠠᠪᠴᠤ ᠦᠵᠡᠪᠡᠯ᠂ ᠬᠦᠯᠢᠶᠠᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠵᠤ᠂ ᠡᠭᠦᠨ ᠳᠤ᠂ ᠬᠦᠯᠢᠶᠠᠨ ᠠᠪᠤᠬᠰᠡᠨ ᠲᠦᠷᠭᠡᠨ ᠬᠦᠷᠭᠡᠯᠲᠡ ᠶᠢᠨ ᠪᠣᠭᠤᠳᠠᠯ 10.79 ᠳ᠋ᠦᠩᠰᠢᠭᠤᠷ ᠬᠤᠪᠢ ᠳᠤ ᠬᠦᠷᠴᠦ᠂ ᠡᠳᠦᠷ ᠳᠤᠮᠳᠠᠴᠢ ᠶᠢᠨ ᠬᠦᠯᠢᠶᠠᠨ ᠠᠪᠤᠭᠰᠠᠨ ᠬᠡᠮᠵᠢᠶ᠎ᠡ ᠨᠢ 2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 145.2% ᠢᠶᠠᠷ ᠨᠡᠮᠡᠭᠳᠡᠵᠡᠶ︔ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 6.41 ᠳ᠋ᠦᠩᠰᠢᠭᠤᠷ ᠬᠤᠪᠢ᠂ ᠡᠳᠦᠷ ᠳᠤᠮᠳᠠᠴᠢ ᠶᠢᠨ ᠬᠦᠷᠭᠡᠭᠰᠡᠨ ᠬᠡᠮᠵᠢᠶ᠎ᠡ ᠶᠢ 2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 82.1% ᠪᠠᠷ ᠨᠡᠮᠡᠭᠳᠡᠪᠡ᠃    ᠤᠯᠤᠰ ᠤᠨ ᠰᠢᠤᠳᠠᠨ ᠤ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢᠨ ᠨᠡᠮᠡᠭᠳᠡᠯ ᠤᠨ ᠰᠠᠶᠢᠨ ᠪᠠᠶᠢᠳᠠᠯ ᠨᠢ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠬᠠᠶᠢᠷ᠎ᠠ ᠬᠠᠯᠠᠮᠵᠢ ᠬᠦᠷᠭᠡᠬᠦ ᠶᠢᠨ ᠢᠳᠡᠪᠬᠢ ᠦᠢᠯᠡᠳᠦᠯ ᠢ ᠴᠢᠨᠠᠬᠰᠢᠳᠠ ᠳᠣᠪᠤᠶᠢᠯᠭᠠᠵᠤ ᠪᠠᠶᠢᠬᠤ ᠪᠥᠭᠡᠳ ᠳᠤᠮᠳᠠᠳᠤ ᠤᠯᠤᠰ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠴᠦ ᠲᠤᠰᠬᠠᠵᠤ ᠪᠠᠶᠢᠨ᠎ᠠ ᠭᠡᠵᠤ ᠢᠯᠡᠳᠭᠡᠪᠡ᠃ ᠲᠤᠭ᠎ᠠ ᠪᠠᠷᠢᠮᠲᠠ ᠳᠤ ᠬᠠᠷᠠᠭᠤᠯᠤᠬᠰᠡᠨ ᠢᠶᠠᠷ᠂ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠭᠰᠡᠨ ᠠᠴᠠ ᠨᠠᠭᠠᠰᠢ ︵1 ᠰᠠᠷ᠎ᠠ ᠶᠢᠨ 26 ᠠᠴᠠ 2 ᠰᠠᠷ᠎ᠠ ᠶᠢᠨ 17 ᠤ ᠡᠳᠦᠷ ᠪᠣᠯᠲᠠᠯ᠎ᠠ︶᠂ ᠪᠥᠬᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ 56.55 ᠳ᠋ᠦᠩᠰᠢᠭᠤᠷ ᠬᠤᠪᠢ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠴᠤ᠂ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ ᠬᠤᠭᠤᠴᠠᠭᠠᠨ ᠤ ᠬᠢ ᠠᠴᠠ 30.8% ᠪᠠᠷ ᠨᠡᠮᠡᠭᠳᠡᠵᠠᠢ︔ ᠲᠦᠷᠭᠡᠨ ᠬᠦᠷᠭᠡᠯᠲᠡ ᠶᠢᠨ ᠪᠣᠭᠤᠳᠠᠯ ᠢ 59.94 ᠳ᠋ᠦᠩᠰᠢᠭᠤᠷ ᠬᠤᠪᠢ ᠬᠦᠷᠭᠡᠵᠦ᠂ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ     ᠳᠡᠭᠡᠷᠡᠬᠢ ᠬᠠᠷᠢᠭᠤᠴᠠᠯᠭᠠᠲᠠᠨ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠤᠨᠴᠠᠯᠢᠬᠳᠤ ᠪᠦᠲᠦᠭᠡᠭᠳᠡᠬᠦᠨ ᠪᠠ ᠪᠠᠶᠠᠷ ᠳᠤᠷᠠᠰᠬᠠᠯ ᠤᠨ ᠡᠳᠦᠷ ᠤᠨ ᠬᠦᠷᠭᠡᠯᠲᠡ ᠶᠢᠨ ᠬᠡᠷᠡᠭᠴᠡᠭᠡ ᠶᠡᠭᠡ ᠪᠠᠷ ᠨᠡᠮᠡᠭᠳᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠦᠷᠭᠡᠯᠳᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠤᠨ ᠬᠦᠷᠭᠡᠯᠳᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ ᠰᠠᠶᠢᠳᠤᠷ ᠬᠢᠪᠠ᠃ ᠡᠯ᠎ᠡ ᠬᠦᠷᠭᠡᠯᠳᠠ ᠶᠢᠨ ᠠᠵᠤ ᠠᠬᠤᠶᠢᠯᠠᠯ ᠤᠳ ᠲᠤᠤᠷ᠎ᠠ ᠲᠤᠯᠠᠭᠠᠨ ᠪᠣᠷᠣᠭᠠᠨ ᠴᠠᠰᠤ ᠲᠠᠢ ᠠᠭᠤᠷ ᠠᠮᠢᠰᠬᠤᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠢᠯᠡᠨ ᠳᠠᠪᠠᠵᠤ᠂ ᠠᠵᠢᠯ ᠤᠨ ᠲᠥᠰᠦᠪ ᠢᠶᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠲᠠᠨ᠂ ᠲᠡᠭᠡᠭᠡᠪᠦᠷᠢ ᠶᠢᠨ ᠬᠦᠴᠦᠨ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠠᠵᠢᠯ ᠤᠨ ᠪᠠᠶᠢᠷᠢᠨ ᠳᠤ ᠪᠠᠶᠢᠭ᠎ᠠ ᠲᠦᠷᠭᠡᠨ ᠬᠦᠷᠭᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠵᠢᠯ ᠤᠨ ᠪᠠᠷᠠᠭ᠎ᠠ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠠᠢ ᠭᠡᠵᠤ ᠢᠯᠡᠳᠭᠡᠪᠡ᠃    ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠭᠤᠤᠯ ᠪᠣᠯᠬᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠵᠠᠯᠭᠠᠭ᠎ᠠ ᠪᠠᠷ ᠴᠠᠭᠠᠨ ᠰᠠᠷ᠎ᠠ ᠶᠢᠨ ᠵᠠᠭᠪᠤᠷ ᠢᠶᠠᠨ ᠳᠠᠭᠤᠰᠬᠠᠵᠤ᠂ ᠰᠦᠯᠵᠢᠶᠡᠨ ᠤ ᠡᠵᠡᠩᠨᠡᠯᠲᠡ ᠬᠡᠪ ᠤᠨ ᠵᠠᠭᠪᠤᠷ ᠲᠠᠭᠠᠨ ᠰᠢᠯᠵᠢᠭᠰᠡᠨ ᠪᠠᠶᠢᠨ᠎ᠠ᠃ ᠬᠤᠪᠢᠶᠠᠨ ᠰᠠᠯᠭᠠᠬᠤ ᠲᠥᠪ᠂ ᠲᠣᠣᠷ ᠴᠡᠭ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ᠂ ᠲᠦᠷᠭᠡᠨ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ ᠪᠣᠯᠤᠨ ᠦᠢᠯᠡᠴᠢᠯᠡᠭᠡᠨ ᠤ ᠠᠵᠢᠯᠲᠠᠳ ᠠᠵᠢᠯ ᠤᠨ ᠪᠠᠶᠢᠷᠢ ᠳᠠᠭᠠᠨ ᠪᠤᠴᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠵᠢᠯ ᠤᠨ ᠪᠠᠶᠢᠷᠢᠨ ᠳᠠᠭᠠᠨ ᠪᠤᠴᠠᠬᠤ ᠰᠤᠷᠭᠠᠭᠤᠯᠢ ᠳᠠᠭᠠᠨ ᠪᠤᠴᠠᠬᠤ ᠠᠴᠠ ᠪᠣᠯᠤᠭᠰᠠᠨ ᠲᠤᠬᠠᠶᠢᠯᠠᠭᠰᠠᠨ ᠠᠵᠢᠯ ᠤᠨ ᠤᠷᠬᠢᠯ ᠦᠶ᠎ᠡ ᠶᠢ ᠤᠭᠳᠤᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号