ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/26
   ᠵᠠᠩ ᠱᠤᠤ ᠴᠦᠨ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ   2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠬᠤᠷᠠᠯᠳᠤᠭᠤᠯᠵᠤ᠂ 2024 ᠣᠨ ᠤ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠣᠯ ᠰᠢᠵᠢᠮ ᠢ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠲᠠᠢ ᠪᠦᠯᠬᠦᠮᠳᠡᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠥᠳᠡᠯᠮᠦᠷᠢ ᠶᠢᠨ ᠬᠦᠷᠢᠶᠡᠨ ᠴᠠᠷᠠᠭᠠᠨ ᠤ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号