ᠪᠦᠬᠦ ᠤᠷᠤᠨ ᠤ ᠠᠵᠤ ᠦᠢᠯᠡᠳᠪᠤᠷᠢ ᠶᠢᠨ ᠭᠠᠶᠢᠯᠢ ᠳᠠᠳᠠᠪᠤᠷᠢ 2.6% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/2/26
    2023 ᠤᠨ ᠳᠤ ᠪᠦᠬᠦ ᠤᠷᠤᠨ ᠤ ᠠᠵᠤ ᠦᠢᠯᠡᠳᠪᠤᠷᠢ ᠢᠢᠨ ᠭᠠᠶᠢᠯᠢ ᠶᠢᠨ ᠤᠷᠤᠯᠭ᠎ᠠ 2574.4 ᠳ᠋ᠦᠩᠰᠢᠭᠤᠷ ᠲᠦᠭᠦᠷᠢᠭ ᠲᠤ ᠬᠦᠷᠴᠤ᠂ 2022 ᠤᠨ ᠤ ᠬᠢ ᠠᠴᠠ 2.6% ᠪᠠᠷ ᠨᠡᠮᠡᠭᠳᠡᠪᠡ᠃    ᠠᠶᠢᠮᠠᠭ ᠬᠤᠳᠠ ᠶᠢᠨ ᠬᠤᠪᠢ ᠳᠤ᠂ 2023 ᠤᠨ ᠳᠤ ᠬᠦᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠶᠢᠨ ᠠᠵᠤ ᠦᠢᠯᠡᠳᠪᠤᠷᠢ ᠢᠢᠨ ᠭᠠᠶᠢᠯᠢ ᠶᠢᠨ ᠤᠷᠤᠯᠭ᠎ᠠ ᠲᠤᠰ ᠲᠤᠰ 264.6 ᠳ᠋ᠦᠩᠰᠢᠭᠤᠷ ᠲᠦᠭᠦᠷᠢᠭ᠂ 208.6 ᠳ᠋ᠦᠩᠰᠢᠭᠤᠷ ᠲᠦᠭᠦᠷᠢᠭ᠂ 1364.6 ᠳ᠋ᠦᠩᠰᠢᠭᠤᠷ ᠲᠦᠭᠦᠷᠢᠭ ᠪᠠᠶᠢᠵᠤ᠂ ᠲᠤᠰ ᠲᠤᠰ ᠪᠦᠬᠦ ᠤᠷᠤᠨ ᠤ ᠠᠵᠤ ᠦᠢᠯᠡᠳᠪᠤᠷᠢ ᠶᠢᠨ ᠭᠠᠶᠢᠯᠢ ᠶᠢᠨ ᠤᠷᠤᠯᠭ᠎ᠠ ᠶᠢᠨ 10.2%᠂ 8.1%᠂ 53% ᠶᠢ ᠡᠵᠡᠯᠡᠪᠡ᠃ ᠪᠤᠰᠤᠳ ᠠᠶᠢᠮᠠᠭ ᠬᠤᠳᠠ ᠶᠢᠨ ᠲᠦᠷᠦᠭᠦᠦ 11 ᠰᠠᠷ᠎ᠠ ᠶᠢᠨ ᠠᠵᠤ ᠦᠢᠯᠡᠳᠪᠤᠷᠢ ᠶᠢᠨ ᠭᠠᠶᠢᠯᠢ ᠶᠢᠨ ᠤᠷᠤᠯᠭ᠎ᠠ  ᠶᠢ ᠶᠡᠭᠡ ᠠᠴᠠ ᠪᠠᠭ᠎ᠠ ᠳᠡᠶᠢᠰᠢ ᠵᠢᠭᠰᠠᠭᠠᠪᠠᠯ᠂ ᠰᠢᠯᠢ ᠶᠢᠨ ᠭᠤᠤᠯ ᠠᠶᠢᠮᠠᠭ 148.3 ᠳ᠋ᠦᠩᠰᠢᠭᠤᠷ ᠲᠦᠭᠦᠷᠢᠭ᠂ ᠬᠦᠯᠦᠨ ᠪᠤᠶᠢᠷ ᠬᠤᠳᠠ 135.8 ᠳ᠋ᠦᠩᠰᠢᠭᠤᠷ ᠲᠦᠭᠦᠷᠢᠭ᠂ ᠦᠬᠠᠢ ᠬᠤᠳᠠ 103.7 ᠳ᠋ᠦᠩᠰᠢᠭᠤᠷ ᠲᠦᠭᠦᠷᠢᠭ ᠂ ᠲᠦᠩᠯᠢᠶᠤᠤ ᠬᠤᠳᠠ 78.8 ᠳ᠋ᠦᠩᠰᠢᠭᠤᠷ ᠲᠦᠭᠦᠷᠢᠭ᠂ ᠤᠯᠠᠭᠠᠨᠬᠠᠳᠠ ᠬᠤᠳᠠ 67.1 ᠳ᠋ᠦᠩᠰᠢᠭᠤᠷ ᠲᠦᠭᠦᠷᠢᠭ᠂ ᠪᠠᠶᠠᠨᠨᠠᠭᠤᠷ ᠠᠶᠢᠮᠠᠭ 63.8 ᠳ᠋ᠦᠩᠰᠢᠭᠤᠷ ᠲᠦᠭᠦᠷᠢᠭ᠂ ᠤᠯᠠᠭᠠᠨᠴᠠᠪ ᠬᠤᠳᠠ 52 ᠳ᠋ᠦᠩᠰᠢᠭᠤᠷ ᠲᠦᠭᠦᠷᠢᠭ᠂ ᠬᠢᠩᠭᠠᠨ ᠠᠶᠢᠮᠠᠭ 51.7 ᠳ᠋ᠦᠩᠰᠢᠭᠤᠷ ᠲᠦᠭᠦᠷᠢᠭ᠂ ᠠᠯᠠᠱᠠ ᠠᠶᠢᠮᠠᠭ 35.4 ᠳ᠋ᠦᠩᠰᠢᠭᠤᠷ ᠲᠦᠭᠦᠷᠢᠭ ᠪᠤᠯᠤᠨ᠎ᠠ᠃    ᠠᠵᠢᠯ ᠲᠦᠷᠦᠯ ᠤᠨ ᠬᠤᠪᠢ ᠳᠤ᠂ 2023 ᠤᠨ ᠤ ᠲᠦᠷᠦᠭᠦᠦ 11 ᠰᠠᠷ᠎ᠠ ᠳᠤ ᠪᠦᠬᠦ ᠤᠷᠤᠨ ᠤ ᠠᠭᠤᠷᠬᠠᠢ  ᠶᠢᠨ ᠦᠢᠯᠡᠰ 1633.5 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠪᠠ︔ ᠦᠢᠯᠡᠳᠬᠦ ᠦᠢᠯᠡᠰ 700.6 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 22.1% ᠪᠠᠷ ᠨᠡᠮᠡᠭᠳᠡᠪᠡ︔ ᠲᠡᠮᠦᠷᠯᠢᠭ ᠪᠤᠰᠤ ᠡᠷᠦᠳᠡᠰᠦ ᠪᠦᠲᠦᠭᠡᠭᠳᠡᠭᠦᠨ ᠤ ᠦᠢᠯᠡᠰ 76.4 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 141.8% ᠪᠠᠷ ᠨᠡᠮᠡᠭᠳᠡᠪᠡ︔ ᠬᠠᠷ᠎ᠠ ᠦᠩᠭᠡᠳᠦ ᠲᠡᠮᠦᠷᠯᠢᠭ ᠢ ᠪᠤᠯᠪᠠᠰᠤᠷᠠᠭᠤᠯᠤᠨ ᠬᠡᠪᠰᠢᠭᠦᠯᠬᠦ ᠠᠵᠤ ᠦᠢᠯᠡᠳᠪᠤᠷᠢ 49.7 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠪᠡ︔ ᠦᠩᠭᠡᠳᠦ ᠲᠡᠮᠦᠷᠯᠢᠭ ᠢ ᠪᠤᠯᠪᠠᠰᠤᠷᠠᠭᠤᠯᠤᠨ ᠬᠡᠪᠰᠢᠭᠦᠯᠬᠦ ᠠᠵᠤ ᠦᠢᠯᠡᠳᠪᠤᠷᠢ 69.4 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ᠃ ᠴᠠᠬᠢᠯᠭᠠᠨ ᠬᠦᠴᠦ ᠢᠯᠴᠢ ᠶᠢᠨ ᠬᠦᠴᠦ ᠰᠢᠳᠠᠮᠠᠬᠠᠢ ᠬᠡᠢ ᠵᠢᠴᠢ ᠤᠰᠤᠨ ᠤ ᠦᠢᠯᠡᠳᠪᠤᠷᠢᠯᠡᠯ ᠪᠠ ᠬᠠᠩᠭᠠᠯᠭ᠎ᠠ ᠢᠢᠨ ᠦᠢᠯᠡᠰ 240.3 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ 2022 ᠤᠨ ᠤ ᠠᠳᠠᠯᠢ ᠬᠤᠭᠤᠴᠠᠭᠠᠨ ᠤ ᠬᠢ ᠠᠴᠠ 92.6% ᠪᠠᠷ ᠨᠡᠮᠡᠭᠳᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号