ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠠᠵᠢᠯ ᠤᠨ ᠳ᠋ᠦᠩᠨᠡᠯᠳᠡ ᠵᠢᠴᠢ ᠤᠯᠠᠨ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠱᠠᠯᠠᠪᠳᠠᠭᠤᠯᠤᠨ ᠵᠢᠯᠤᠭᠤᠳᠬᠤ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2024/2/26
   ᠯᠢ ᠢᠦᠢ ᠭᠠᠩ ᠶᠠᠷᠢᠶ᠎ᠠ ᠲᠠᠯᠪᠢᠵᠠᠢ   2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠳ᠋ᠦᠩᠨᠡᠯᠲᠡ ᠵᠢᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠬᠡ ᠶᠢ ᠰᠤᠨᠤᠰᠴᠤ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠱᠠᠯᠠᠪᠳᠠᠭᠤᠯᠤᠨ ᠵᠢᠯᠤᠭᠤᠳᠬᠤ ᠠᠵᠢᠯ ᠤᠨ ᠬᠤᠷᠠᠯ ᠬᠤᠷᠠᠯᠳᠤᠵᠠᠢ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠯᠢ ᠢᠦᠢ ᠭᠠᠩ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠲᠠᠯᠪᠢᠪᠠ᠃   ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠪᠣᠯᠣᠨ ᠡᠯ᠎ᠡ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠦᠢᠯᠡᠳᠦᠯᠭᠡᠵᠢᠭᠦᠯᠦᠨ᠂ ᠬᠡᠯᠪᠡᠷᠢᠴᠢ ᠦᠵᠡᠯ ᠢ ᠳᠡᠪᠴᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠮᠠᠨ ᠤ ᠣᠷᠣᠨ ᠤ ᠭᠤᠣᠯ ᠰᠡᠳᠦᠪᠲᠦ ᠬᠥᠮᠦᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠳᠤ ᠲᠣᠪᠤᠶᠢᠮ᠎ᠠ ᠬᠤᠪᠢ ᠨᠡᠮᠡᠷᠢ ᠦᠵᠡᠬᠦᠯᠬᠦ ᠬᠡᠷᠡᠭᠳᠡᠢ᠃ ᠳᠠᠷᠠᠭᠠᠴᠢ ᠢᠢᠨ ᠠᠯᠬᠤᠮ ᠳᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨᠴᠢ ᠬᠥᠮᠦᠵᠢᠯ ᠦᠢᠯᠡᠳᠦᠯᠭᠡ ᠢᠢᠨ ᠠᠵᠢᠯᠯᠠᠭ᠎ᠠ ᠢᠢ ᠬᠦᠴᠦᠯᠡᠨ ᠠᠬᠢᠭᠤᠯᠵᠤ᠂ ᠤᠬᠠᠭᠤᠯᠤᠨ ᠲᠠᠶᠢᠯᠪᠤᠷᠢᠯᠠᠬᠤ ᠢᠢ ᠲᠤᠭᠤᠰᠢᠳᠠᠢ ᠶᠠᠪᠤᠬᠳᠠᠭᠤᠯᠤᠬᠰᠠᠨ ᠡᠰᠡᠬᠦ᠂ ᠠᠰᠠᠭᠤᠳᠠᠯ ᠢ ᠦᠨᠡᠨ ᠪᠣᠳᠠᠲᠠᠢ ᠰᠶᠢᠳᠪᠦᠷᠢᠯᠡᠭᠰᠡᠨ ᠡᠰᠡᠬᠦ᠂ ᠲᠥᠷᠥᠯ ᠬᠤᠪᠢᠶᠠᠨ ᠲᠥᠷᠥ ᠢᠢᠨ ᠪᠣᠳᠣᠯᠭ᠎ᠠ ᠢᠢ ᠨᠠᠷᠢᠯᠢᠭ ᠬᠡᠷᠡᠭᠵᠢᠭᠦᠯᠦᠭᠰᠡᠨ ᠡᠰᠡᠬᠦ᠂ ᠠᠵᠢᠯᠯᠠᠭ᠎ᠠ ᠢᠢᠨ ᠠᠭᠤᠷ ᠠᠮᠢᠰᠬᠤᠯ ᠬᠦᠨ ᠵᠤᠵᠠᠭᠠᠨ ᠡᠰᠡᠬᠦ ᠶᠢ ᠴᠢᠩᠭ᠎ᠠ ᠠᠩᠬᠠᠷᠤᠨ ᠱᠠᠯᠠᠪᠳᠠᠭᠤᠯᠤᠨ ᠵᠢᠯᠤᠭᠤᠳᠴᠤ᠂ ᠡᠯ᠎ᠡ ᠵᠦᠢᠯ ᠤᠨ ᠠᠵᠢᠯ ᠢ ᠰᠠᠶᠢᠳᠤᠷ ᠬᠢᠵᠦ ᠰᠠᠶᠢᠨ ᠦᠷ᠎ᠡ ᠪᠦᠳᠦᠮᠵᠢ ᠤᠯᠬᠤ ᠢᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号