ᠮᠠᠨ ᠤ ᠤᠷᠤᠨ ︽ᠭᠤᠷᠪᠠᠨ ᠲᠤᠰᠬᠠᠶ︾ ᠬᠠᠮᠢᠶᠠᠷᠤᠯᠲᠠ ᠶᠢᠨ ᠰᠢᠨ᠎ᠡ ᠵᠠᠭᠪᠤᠷ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠯᠡᠯᠳᠡ ᠶᠢ ᠪᠠᠲᠤᠯᠠᠵᠤ ᠪᠠᠶᠢᠨ᠎ᠡ
ᠨᠡᠶᠢᠲᠡᠯᠡᠭᠰᠡᠨ ᠴᠠᠭ᠄
2024/2/27
    ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ︽ᠲᠤᠰᠬᠠᠶ ᠲᠠᠩᠰᠠ ᠪᠠᠷ ᠬᠠᠮᠢᠶᠠᠷᠬᠤ᠂ ᠲᠤᠰᠬᠠᠶ ᠲᠠᠩᠰᠠ ᠪᠠᠷ ᠰᠢᠯᠵᠢᠭᠦᠯᠦᠨ ᠥᠭᠬᠦ᠂ ᠲᠤᠰᠬᠠᠶ ᠲᠠᠩᠰᠠ ᠪᠠᠷ ᠪᠤᠳᠤᠬᠤ︾ ᠬᠡᠬᠦ ︽ᠭᠤᠷᠪᠠᠨ ᠲᠤᠰᠬᠠᠶ︾ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠪᠠ ᠪᠠᠯᠠ ᠮᠥᠩᠭᠦ ᠶᠢᠨ ᠬᠡᠷᠡᠭᠯᠡᠯᠳᠡ ᠶᠢᠨ ᠦᠷ᠎ᠡ ᠠᠰᠢᠬ ᠢ ᠪᠠᠲᠤᠯᠠᠵᠤ᠂ ᠰᠠᠶᠢᠨ ᠦᠷ᠎ᠡ ᠪᠦᠲᠦᠮᠵᠢ ᠤᠯᠪᠠ᠃ ᠤᠳᠤᠬᠠᠨ ᠪᠣᠯᠲᠠᠯ᠎ᠠ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠠᠩᠰᠠ ᠪᠠᠷ ᠬᠠᠮᠢᠶᠠᠷᠤᠭᠰᠠᠨ ᠪᠠᠯᠠ ᠮᠥᠩᠭᠦ 135.92 ᠳ᠋ᠦᠩᠰᠢᠭᠤᠷ ᠲᠥᠭᠦᠷᠢᠭ ᠲᠤ ᠬᠦᠷᠪᠡ᠃    ᠮᠠᠨ ᠤ ᠤᠷᠤᠨ ︽ᠲᠤᠰᠬᠠᠶ ᠳᠠᠩᠰᠠ ᠪᠠᠷ ᠬᠠᠮᠢᠶᠠᠷᠬᠤ︾ ᠪᠠᠷ ᠳᠠᠮᠵᠢᠭᠤᠯᠤᠨ ᠬᠥᠳᠡᠯᠦᠩᠭᠦᠶ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠨᠦᠬᠦᠪᠤᠷᠢ ᠮᠥᠩᠭᠦ ᠶᠢ ᠭᠦᠢᠴᠡᠳ ᠲᠤᠭ᠎ᠠ ᠪᠠᠷ ᠪᠠᠲᠤᠯᠠᠬᠤ᠂ ᠪᠦᠬᠦ ᠲᠠᠯ᠎ᠠ ᠪᠠᠷ ᠮᠥᠷᠳᠡᠬᠦ᠂ ᠴᠠᠭ ᠲᠤᠬᠠᠶ ᠳᠤᠨᠢ ᠰᠠᠨᠠᠭᠤᠯᠬᠤ ᠶᠢ ᠪᠡᠶᠡᠯᠡᠭᠦᠯᠪᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢᠨ ᠳᠤᠤᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠤᠰᠬᠠᠢ ᠲᠠᠩᠰᠠ ᠪᠠᠶᠢᠭᠤᠯᠪᠠ᠃ ︽ᠲᠤᠰᠬᠠᠶ ᠳᠠᠩᠰᠠ ᠪᠠᠷ ᠰᠢᠯᠵᠢᠭᠦᠯᠦᠨ ᠥᠭᠬᠦ︾ ᠪᠠᠷ ᠳᠠᠮᠵᠢᠭᠤᠯᠤᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠪᠡᠶᠡᠯᠡᠬᠦᠯᠪᠡ᠃ ᠡᠯ᠎ᠡ ᠱᠠᠲᠤᠨ ᠤ ᠡᠳ᠋ ᠤᠨ ᠵᠠᠰᠠᠭ ᠨᠢ ᠪᠠᠯᠠ ᠮᠥᠩᠭᠦ ᠶᠢᠨ ᠲᠤᠰᠬᠠᠢ ᠲᠠᠩᠰᠠ ᠪᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠰᠢᠯᠵᠢᠭᠦᠯᠦᠨ ᠲᠣᠬᠢᠷᠠᠭᠤᠯᠵᠤ᠂ ᠳᠡᠭᠡᠳᠦ ᠱᠠᠲᠤᠨ ᠤ ᠪᠠᠯᠠ ᠮᠥᠩᠭᠦ ᠪᠠ ᠲᠣᠰ ᠱᠠᠲᠤᠨ ᠤ ᠢᠵᠢ ᠪᠥᠷᠢᠳᠦᠭᠦᠯᠬᠦ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠳᠤᠷᠬᠠᠢ ᠤᠶᠢᠯᠠᠭᠠᠵᠤ ᠪᠣᠯᠤᠨ᠎ᠠ᠃ ︽ᠲᠤᠰᠬᠠᠶ ᠳᠠᠩᠰᠠ ᠪᠠᠷ ᠪᠣᠳᠣᠬᠤ︾ ᠪᠠᠷ ᠳᠠᠮᠵᠢᠭᠤᠯᠤᠨ ᠲᠣᠭᠠᠴᠠᠭ᠎ᠠ ᠬᠢᠵᠦ᠂ ᠳᠠᠩᠰᠠ ᠬᠠᠷᠭᠤᠭᠤᠯᠬᠤ ᠠᠵᠢᠯ ᠳᠤ ᠪᠡᠯᠡ ᠮᠥᠩᠭᠦ ᠶᠢ ᠭᠠᠳᠠᠭᠰᠢ ᠭᠠᠷᠭᠠᠬᠤ ᠦᠭᠡᠶ᠂ ᠮᠦᠷᠳᠡᠵᠤ ᠪᠣᠯᠬᠤ ᠶᠢ ᠦᠨᠡᠨ ᠬᠦ ᠪᠠᠳᠤᠯᠠᠪᠠ᠃    ᠤᠶᠢᠯᠠᠭᠠᠭᠰᠠᠨ ᠢᠶᠠᠷ᠂ ᠣᠳᠣᠬᠠᠨ ᠳᠤ ᠶᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠪᠤᠷ ᠤᠨ ᠤᠯᠠᠷᠢᠯ ᠤᠨ ᠵᠠᠩᠬᠢᠯᠠᠭ᠎ᠠ ᠶᠢᠨ ᠬᠤᠭᠤᠴᠠᠭ᠎ᠠ ᠪᠣᠯᠵᠣ᠂ ᠪᠠᠯᠠ ᠮᠥᠩᠭᠦ ᠶᠢᠨ ᠲᠤᠰᠬᠠᠢ ᠲᠠᠩᠰᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠨᠢ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠪᠠ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠵᠤ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠬᠢ ᠡᠭᠦᠰᠦᠯ ᠠᠴᠠ ᠨᠢ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠪᠠᠭᠤᠯᠭᠠᠭᠰᠠᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠭ᠎ᠠ ᠶᠣᠰᠣᠭᠠᠷ ᠪᠡᠶᠡᠯᠡᠭᠦᠯᠬᠦ ᠶᠢ ᠬᠦᠴᠦᠲᠡᠶ ᠠᠬᠢᠭᠤᠯᠵᠤ᠂ ᠪᠠᠯᠠ ᠮᠥᠩᠭᠦ ᠶᠢᠨ ᠬᠡᠷᠡᠭᠯᠡᠯᠳᠡ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠤᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号