ᠪᠣᠳᠠᠰ ᠤᠨ ᠪᠤᠰᠤ ᠰᠣᠶᠣᠯ ᠤᠨ ᠥᠪ ᠤᠨ ᠴᠠᠭ ᠦᠶ᠎ᠡ ᠶᠢᠨ ᠥᠷᠲᠡᠭ ᠢ ᠳᠡᠯᠭᠡᠨ ᠦᠨᠳᠦᠰᠦᠲᠡᠨ ᠤ ᠵᠣᠷᠢᠭ ᠰᠠᠨᠠᠭᠠᠨ ᠤ ᠦᠨᠳᠦᠰᠦ ᠶᠢ ᠰᠠᠬᠢᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/2/27
   ᠳᠤᠮᠳᠠᠳᠤ ᠤᠯᠤᠰ ᠪᠣᠯ ᠳᠡᠯᠡᠬᠡᠢ ᠶᠢᠨ ᠰᠣᠶᠣᠯ ᠤᠨ ᠥᠪ ‍ᠤᠯᠠᠨ ᠪᠠᠶᠢᠭ᠎ᠠ ᠲᠤᠮᠤ ᠤᠯᠤᠰ ᠪᠤᠯᠬᠤ ᠶᠤᠮ᠂ ᠲᠠᠪᠤᠨ ᠮᠢᠩᠭᠠᠨ ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠤ ᠲᠡᠦᠬᠡ ᠲᠤᠭ᠎ᠠ ᠬᠡᠮᠵᠢᠶ᠎ᠡ ᠨᠢ ᠠᠷᠪᠢᠨ ᠤᠯᠠᠨ ᠵᠦᠢᠯ ᠤᠨ ᠪᠣᠳᠠᠰ ᠤᠨ ᠪᠠ ᠪᠣᠳᠠᠰ ᠤᠨ ᠪᠤᠰᠤ ᠰᠣᠶᠣᠯ ᠤᠨ ᠥᠪ ᠢ ᠦᠯᠡᠳᠡᠭᠡᠭᠰᠡᠨ ᠪᠠᠶᠢᠳᠠᠭ᠃ 2 ᠰᠠᠷ᠎ᠠ ᠶᠢᠨ 20 ᠤ ᠡᠳᠦᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠣᠨ ᠤ ᠬᠤᠷᠠᠯ ᠱᠠᠨᠰᠢ ᠶᠢᠨ ᠲᠡᠮᠡᠭᠡᠲᠦ ᠳᠤ ᠶᠠᠪᠤᠭᠳᠠᠵᠤ᠂ 200 ᠭᠠᠷᠤᠶ ᠪᠣᠳᠠᠰ ᠤᠨ ᠪᠤᠰᠤ ᠰᠣᠶᠣᠯ ᠤᠨ ᠥᠪ᠂ 500 ᠭᠠᠷᠤᠶ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠤᠷᠠᠨ ᠳᠠᠷᠬᠠᠨ ᠤ ᠰᠡᠳᠭᠢᠮᠵᠢ ᠪᠠᠷ ᠪᠣᠳᠠᠰ ᠤᠨ ᠪᠤᠰᠤ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠬᠠᠮᠲᠤ ᠪᠠᠷ ᠳᠡᠯᠭᠡᠨ ᠦᠵᠡᠭᠦᠯᠵᠡᠶ᠃ ᠣᠶᠢᠷ᠎ᠠ ᠶᠢᠨ ᠵᠢᠯ ᠤᠳ ᠲᠤ ᠶᠡᠭᠡ ᠬᠡᠮᠵᠢᠶᠡᠨ ᠤ ᠤᠯᠠᠮᠵᠢᠯᠠᠭᠴᠢ ᠪᠠ ᠠᠵᠤ ᠠᠬᠤᠶᠢᠯᠠᠯ ᠣᠲᠣ ᠦᠶ᠎ᠡ ᠶᠢᠨ ᠭᠤ ᠤᠠ᠋ ᠲᠠᠭᠠᠰᠢᠶᠠᠯ ᠢᠶᠠᠷ ᠪᠣᠳᠠᠰ ᠤᠨ ᠪᠤᠰᠤ ᠰᠣᠶᠣᠯ ᠤᠨ ᠥᠪ ᠲᠤ ᠬᠤᠶᠠᠳᠠᠬᠢ ᠤᠳᠠᠭᠠᠨ ᠤ ᠵᠣᠬᠢᠶᠠᠨ ᠪᠦᠲᠦᠭᠡᠯᠭᠡ ᠬᠢᠵᠦ᠂ ᠰᠣᠶᠣᠯ ᠤᠨ ᠪᠦᠲᠦᠭᠡᠯᠴᠢ ᠦᠢᠯᠡᠳᠭᠦᠨ ᠢᠶᠠᠷ ᠬᠥᠮᠦᠨ ᠬᠢᠭᠡᠳ ᠪᠣᠳᠠᠰ ᠤᠨ ᠪᠤᠰᠤ ᠰᠣᠶᠣᠯ ᠤᠨ ᠥᠪ ᠤᠨ ᠬᠤᠭᠤᠷᠤᠨᠳᠤᠬᠢ ᠵᠠᠢ ᠶᠢ ᠣᠶᠢᠷᠠᠲᠤᠭᠤᠯᠵᠤ ᠪᠠᠶᠢᠨ᠎ᠠ᠃    ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠬᠤᠷᠠᠮᠳᠤᠯ᠂ ᠦᠨᠳᠦᠰᠦᠲᠡᠨ ᠨᠦᠭᠦᠳ ᠤᠨ ᠰᠣᠶᠣᠯ ᠤᠨ ᠣᠬᠢ ᠮᠥᠨ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠢ ᠳᠤᠮᠳᠠᠳᠤ ᠶᠢᠨ ᠬᠥᠪᠡᠭᠦᠳ ᠥᠬᠢᠳ ᠤᠨ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠰᠣᠶᠣᠯ ᠤᠨ ᠢᠲᠡᠭᠡᠯ ᠢ ᠡᠷᠴᠢᠯᠡᠬᠦ ᠳᠤ ᠠᠰᠢᠭᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠳᠠᠭ᠎ᠠ ᠪᠦᠷᠢ ᠡᠯ᠎ᠡ ᠭᠠᠵᠠᠷ ᠢᠶᠠᠷ ᠰᠢᠨᠵᠢᠯᠡᠨ ᠪᠠᠶᠢᠴᠠᠭᠠᠬᠤ ᠳᠠᠭᠠᠨ ᠥᠪᠡᠷᠮᠢᠴᠡ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠢ ᠮᠠᠭᠲᠠᠨ ᠰᠠᠶᠢᠰᠢᠶᠠᠳᠠᠭ᠃ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠳᠬᠠᠨ᠂ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠲᠠᠢ ᠤᠶᠢᠷᠠᠳᠤᠪᠠᠯ᠂ ᠪᠣᠳᠠᠰ ᠤᠨ ᠪᠤᠰᠤ ᠰᠣᠶᠣᠯ ᠤᠨ ᠥᠪ ᠨᠡᠩ ᠭᠤᠶᠢᠳᠠ ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃    ᠬᠠᠮᠠᠭᠠᠯᠠᠯᠳᠠ ᠶᠢᠨ ᠡᠷᠴᠢᠮ ᠢᠶᠠᠨ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠯ ᠭᠢᠯᠪᠠᠭ᠎ᠠ ᠶᠢ ᠰᠠᠴᠤᠷᠠᠭᠤᠯᠪᠡᠯ ᠵᠤᠬᠢᠨ᠎ᠠ᠃ ᠪᠣᠳᠠᠰ ᠤᠨ ᠪᠤᠰᠤ ᠰᠣᠶᠣᠯ ᠤᠨ ᠥᠪ ᠨᠢᠭᠡ ᠦᠨᠳᠦᠰᠦᠲᠡᠨ ᠤ ᠤᠶᠤᠨ ᠰᠠᠨᠠᠭ᠎ᠠ ᠪᠣᠯᠤᠨ ᠰᠦᠭ ᠰᠦᠨᠡᠰᠦ ᠶᠢ ᠠᠴᠢᠶᠠᠯᠠᠵᠤ ᠪᠠᠶᠢᠳᠠᠭ᠂ ᠲᠡᠭᠦᠨ ᠢ ᠬᠠᠮᠠᠭᠠᠯᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠭᠠᠯᠪᠠ ᠳᠤ ᠠᠰᠢᠭᠲᠠᠢ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠠᠵᠢᠯ ᠢ ᠭᠦᠨᠵᠡᠭᠡᠢ ᠥᠷᠨᠢᠭᠦᠯᠪᠡ᠃ ᠣᠳᠣᠬᠠᠨ ᠳᠤ ᠤᠯᠤᠰ᠂ ᠮᠤᠵᠢ᠂ ᠬᠤᠲᠠ᠂ ᠰᠢᠶᠠᠨ ᠳᠦᠷᠪᠡᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠰᠢᠰᠲ᠋ᠧᠮ ᠢ ᠨᠢᠭᠡᠨᠲᠡ ᠪᠠᠶᠢᠭᠤᠯᠵᠡᠢ᠃ 2021 ᠣᠨ ᠤ 12 ᠰᠠᠷ᠎ᠠ ᠪᠣᠯᠲᠠᠯ᠎ᠠ᠂ ᠪᠥᠬᠦ ᠤᠯᠤᠰ ᠲᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠨᠡᠶᠢᠲᠡ 1557 ᠮᠠᠭᠠᠳᠯᠠᠨ ᠲᠣᠭᠲᠠᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠶᠠᠭ ᠲᠣᠭᠲᠠᠭᠤᠨ ᠢᠶᠠᠷ ᠠᠬᠢᠭᠤᠯᠵᠤ ᠪᠠᠶᠢᠨ᠎ᠠ᠃    ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠯ ᠭᠢᠯᠪᠠᠭ᠎ᠠ ᠶᠢ ᠰᠠᠴᠤᠷᠠᠭᠤᠯᠪᠡᠯ ᠵᠤᠬᠢᠨ᠎ᠠ᠃ ᠤᠢᠢᠷ᠎ᠠ ᠶᠢᠨ ᠵᠢᠯ ᠠᠴᠠ ᠮᠠᠰᠢ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠨᠢ ᠪᠦᠲᠦᠭᠡᠯᠴᠢ ᠴᠢᠨᠠᠷᠲᠠᠢ ᠬᠤᠪᠢᠷᠠᠭᠤᠯᠤᠯᠳᠠ᠂ ᠰᠢᠨ᠎ᠡ ᠶᠢ ᠡᠭᠦᠳᠬᠦ ᠬᠥᠭᠵᠢᠯᠳᠠ ᠪᠠᠷ ᠳᠠᠮᠵᠢᠨ ᠤᠳᠤ ᠶᠢᠨ ᠠᠮᠢᠳᠤᠷᠠᠯ ᠲᠠᠢ ᠲᠠᠰᠤᠷᠠᠯᠳᠠ ᠦᠭᠡᠢ ᠠᠭᠤᠰᠤᠯᠴᠠᠵᠤ ᠪᠠᠶᠢᠨ᠎ᠠ᠃ ᠵᠢᠱᠢᠶᠡᠯᠡᠪᠡᠯ᠂ ︽ᠢᠨᠲ᠋ᠤᠷ ᠰᠦᠯᠵᠢᠶ᠎ᠡ + ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠪᠦᠲᠦᠭᠡᠯᠴᠢ ᠦᠢᠯᠡᠳᠬᠦᠨ︾᠂ ︽ᠢᠨᠲ᠋ᠤᠷ ᠰᠦᠯᠵᠢᠶ᠎ᠡ + ᠲᠡᠦᠬᠡ ᠶᠢᠨ ᠳᠤᠷᠠᠰᠬᠠᠯᠲᠤ ᠵᠦᠢᠯᠡᠰ ᠤᠨ ᠪᠣᠷᠣ ᠮᠠᠲ᠋ᠧᠷᠢᠶᠠᠯ ᠤᠨ ᠰᠢᠨ᠎ᠡ ᠡᠭᠦᠳᠦᠯᠲᠡ︾᠂ ︽ᠢᠨᠲ᠋ᠤᠷ ᠰᠦᠯᠵᠢᠶ᠎ᠡ + ᠲᠡᠦᠬᠡ ᠶᠢᠨ ᠳᠤᠷᠠᠰᠬᠠᠯᠲᠤ ᠵᠦᠢᠯᠡᠰ ᠤᠨ ᠺᠠᠷᠲ᠋ᠣᠨ ᠲᠣᠭᠯᠠᠭᠠᠮ︾ ᠵᠡᠷᠭᠡ ᠬᠡᠯᠪᠡᠷᠢ ᠪᠠᠷ ᠲᠠᠮᠵᠢᠨ᠂ ᠵᠠᠷᠢᠮ ᠪᠣᠳᠠᠰ ᠤᠨ ᠪᠤᠰᠤ ᠰᠣᠶᠣᠯ ᠤᠨ ᠥᠪ ᠨᠢᠭᠡᠨᠲᠡ ᠰᠢᠨ᠎ᠡ ᠴᠠᠭ ᠦᠶ᠎ᠡ ᠶᠢᠨ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠪᠠᠶᠢᠨ᠎ᠠ᠃ ᠡᠷᠬᠡᠪᠰᠢ ᠪᠦᠲᠦᠭᠡᠯᠴᠢ ᠴᠢᠨᠠᠷᠲᠠᠢ ᠬᠤᠪᠢᠷᠠᠭᠤᠯᠤᠯᠳᠠ᠂ ᠰᠢᠨ᠎ᠡ ᠶᠢ ᠡᠭᠦᠳᠬᠦ ᠬᠥᠭᠵᠢᠯᠳᠠ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠲᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠪᠠ ᠤᠳᠤ ᠦᠶ᠎ᠡ ᠶᠢᠨ ᠢᠯᠡᠳᠭᠡᠬᠦ ᠬᠡᠯᠪᠡᠷᠢ ᠣᠯᠭᠤᠬᠤ ᠬᠡᠷᠡᠭᠲᠡᠢ᠃    ᠣᠯᠠᠨ ᠲᠦᠮᠡᠨ ᠲᠠᠢ ᠤᠶᠢᠷᠠᠳᠤᠨ᠂ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠯ ᠭᠢᠯᠪᠠᠭ᠎ᠠ ᠶᠢ ᠰᠠᠴᠤᠷᠠᠭᠤᠯᠪᠡᠯ ᠵᠤᠬᠢᠨ᠎ᠠ᠃ ᠠᠷᠠᠳ ᠤᠯᠠᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠤᠢᠢᠷ᠎ᠠ ᠶᠢᠨ ᠵᠢᠯ ᠠᠴᠠ ᠰᠡᠭᠦᠳᠡᠷ ᠰᠢ ᠂ ᠰᠢ ᠠᠨ ᠤ ᠬᠡᠩᠭᠡᠷᠭᠡ ᠶᠢᠨ ᠬᠦᠭᠵᠢᠮ ᠵᠡᠷᠭᠡ ᠲᠣᠭᠯᠠᠯᠲᠠ ᠨᠢ ᠤᠯᠠᠮ ᠠᠴᠠ ᠤᠯᠠᠮ ᠠᠷᠠᠳ ᠲᠦᠮᠡᠨ ᠤ ᠳᠤᠮᠳᠠ ᠢᠯᠡᠷᠡᠬᠦ ᠪᠣᠯᠪᠠ᠃ ᠡᠳᠦᠷ ᠳᠤᠳᠤᠮ ᠤᠨ ᠠᠮᠢᠳᠤᠷᠠᠯ ᠳᠤ ᠤᠯᠠᠮ ᠠᠴᠠ ᠤᠯᠠᠮ ᠨᠡᠩ ᠤᠯᠠᠨ ᠵᠠᠯᠠᠭᠤᠴᠤᠳ ᠣᠬᠤᠷ ᠸᠢᠳᠢᠣ᠋᠂ ᠰᠢᠭᠤᠳ ᠨᠡᠪᠲᠡᠷᠡᠭᠦᠯᠭᠡ ᠶᠢᠨ ᠲᠠᠪᠴᠠᠩ ᠳᠡᠭᠡᠷᠡᠬᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ᠂ ᠳᠠᠮᠵᠢᠭᠤᠯᠬᠤ ᠭᠤᠣᠯ ᠬᠦᠴᠦᠨ ᠪᠤᠯᠵᠤ ᠪᠠᠶᠢᠨ᠎ᠠ᠃ ᠣᠳᠣ ᠦᠶ᠎ᠡ ᠶᠢᠨ ᠬᠥᠮᠦᠰ ᠤᠨ ᠳᠤᠷ᠎ᠠ ᠰᠤᠨᠢᠷᠬᠠᠯ ᠳᠤ ᠳᠣᠭᠢᠷᠬᠠᠰᠠᠨ᠂ ᠰᠦᠯᠵᠢᠶ᠎ᠡ ᠪᠠᠷ ᠤᠯᠠᠮᠵᠢᠯᠠᠬᠤ ᠳᠤ ᠨᠡᠩ ᠠᠰᠢᠭᠲᠠᠶ ᠰᠣᠶᠣᠯ ᠤᠨ ᠪᠦᠲᠦᠭᠡᠭᠳᠡᠬᠦᠨ ᠢ ᠨᠡᠩ ᠣᠯᠠᠨ ᠨᠡᠭᠡᠭᠡᠨ ᠬᠥᠭᠵᠢᠭᠦᠯᠵᠦ᠂ ᠨᠡᠩ ᠣᠯᠠᠨ ᠬᠥᠮᠦᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠠᠪᠤᠴᠠ ᠳᠤ ᠰᠣᠶᠣᠯ ᠤᠨ ᠢᠲᠡᠭᠡᠯ ᠢᠶᠠᠨ ᠪᠠᠲᠤᠳᠬᠠᠬᠤ ᠪᠣᠯᠤᠨ᠎ᠠ᠃    ᠰᠣᠶᠣᠯ ᠪᠣᠯ ᠦᠨᠳᠦᠰᠦᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠬᠦᠴᠦᠨ ᠮᠥᠨ᠂ ᠪᠣᠳᠠᠰ ᠤᠨ ᠪᠤᠰᠤ ᠰᠣᠶᠣᠯ ᠤᠨ ᠥᠪ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠴᠡᠭᠡᠵᠢᠯᠡᠬᠦᠶ ᠶᠢᠨ ᠠᠴᠢᠶᠠᠯᠠᠭᠴᠢ ᠮᠥᠨ᠃ ᠣᠳᠣᠬᠠᠨ ᠳᠤ ᠳᠡᠯᠡᠬᠡᠢ ᠵᠢᠷᠲᠢᠨᠴᠦ ᠶᠠᠭ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠪᠠᠰᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠰᠢᠨ᠎ᠡ ᠠᠶᠠᠨ ᠵᠠᠮ ᠳᠠᠭᠠᠨ ᠡᠷᠬᠡᠪᠰᠢ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠭᠰᠠᠨ ᠰᠠᠭᠤᠷᠢᠨ ᠳᠡᠭᠡᠷ᠎ᠡ ᠳᠤᠮᠳᠠᠳᠤ ᠶᠢᠨ ᠦᠯᠢᠬᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠶᠢᠨ ᠪᠣᠯᠪᠠᠰᠤᠨ ᠤ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ᠂ ᠤᠷᠢᠶᠠᠯᠠᠬᠤ ᠬᠦᠴᠦᠨ ᠢ ᠲᠠᠰᠤᠷᠠᠯᠳᠠ ᠦᠬᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠲᠤᠮᠤ ᠠᠰᠠᠷ ᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号