ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠰᠢᠨ᠎ᠡ ᠶᠢ ᠡᠭᠦᠳᠬᠦ ᠴᠢᠬᠤᠯᠠᠳᠠᠢ
ᠨᠡᠶᠢᠲᠡᠯᠡᠭᠰᠡᠨ ᠴᠠᠭ᠄
2024/2/27
  ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠦ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠶᠢᠨ ᠠᠮᠢᠳᠤᠯᠢᠭ ᠭᠡᠷᠡᠴᠢ ᠮᠥᠨ᠃ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠰᠣᠶᠣᠯ ᠤᠨ ᠢᠲᠡᠭᠡᠯ ᠢ ᠪᠠᠲᠤᠳᠬᠠᠬᠤ᠂ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ᠤᠢᠢᠷ᠎ᠠ ᠶᠢᠨ ᠵᠢᠯ ᠠᠴᠠ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠲᠠ ᠶᠢᠨ ᠡᠮᠦᠨ᠎ᠡ᠂ ᠮᠠᠰᠢ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠣᠷᠣᠰᠢᠨ ᠦᠷᠭᠦᠯᠵᠢᠯᠡᠬᠦ ᠣᠷᠴᠢᠨ ᠲᠣᠭᠤᠷᠢᠨ ᠳᠤ ᠬᠤᠪᠢᠷᠠᠯᠲᠠ ᠭᠠᠷᠪᠠ᠂ ᠡᠨᠡ ᠨᠢ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠴᠠᠭ ᠦᠶ᠎ᠡ ᠶᠢᠨ ᠵᠣᠷᠢᠭ ᠰᠠᠨᠠᠭ᠎ᠠ ᠶᠢ ᠵᠠᠯᠭᠠᠮᠵᠢᠯᠠᠬᠤ᠂ ᠲᠥᠪ ᠶᠤᠰᠤ ᠶᠢ ᠪᠠᠷᠢᠮᠳᠠᠯᠠᠨ ᠰᠢᠨ᠎ᠡ ᠶᠢ ᠡᠭᠦᠳᠬᠦ᠂ ᠠᠮᠢᠳᠤᠯᠢᠭ ᠬᠡᠯᠪᠡᠷᠢ ᠪᠠᠷ ᠤᠯᠠᠮᠵᠢᠯᠠᠬᠤ ᠶᠢ ᠪᠠᠷᠢᠮᠲᠠᠯᠠᠭᠰᠠᠨ ᠠᠴᠠ ᠰᠠᠶ᠋ᠢ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠴᠢᠳᠠᠭᠰᠠᠨ ᠶᠤᠮ᠃   ᠭᠡᠪᠡᠴᠦ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠪᠠ ᠬᠠᠮᠠᠭᠠᠯᠠᠬᠤ ᠳᠤ ᠵᠥᠪᠬᠡᠨ ᠴᠥᠭᠡᠨ ᠲᠣᠭᠠᠨ ᠤ ᠬᠥᠮᠦᠨ ᠳᠤ ᠲᠦᠰᠢᠭᠯᠡᠭᠡᠳ ᠪᠣᠯᠬᠤ ᠦᠭᠡᠢ᠂ ᠪᠣᠳᠠᠰ ᠤᠨ ᠪᠤᠰᠤ ᠰᠣᠶᠣᠯ ᠤᠨ ᠥᠪ ᠢ ᠡᠯ᠎ᠡ ᠲᠠᠯ᠎ᠠ ᠶᠢᠨ ᠬᠢᠨ ᠤ ᠬᠠᠮᠲᠤᠷᠠᠭᠰᠠᠨ ᠬᠦᠴᠦᠨ ᠳᠤ ᠤᠯᠠᠨ ᠠᠷᠭ᠎ᠠ ᠵᠠᠮ ᠢᠶᠠᠷ ᠶᠡᠭᠡ ᠪᠠᠷ ᠤᠯᠠᠮᠵᠢᠯᠠᠵᠤ᠂ ᠨᠡᠩ ᠤᠯᠠᠨ ᠬᠥᠮᠦᠰ ᠤᠨ ᠠᠩᠬᠠᠷᠤᠯ ᠢ ᠲᠡᠳᠡᠵᠤ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠶᠢᠷᠠᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠲᠡᠯᠬᠡᠷᠡᠩᠬᠦᠢ ᠪᠠᠷ ᠣᠷᠣᠯᠴᠠᠬᠤ᠂ ᠬᠥᠮᠦᠨ ᠪᠦᠬᠦᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠴᠢᠬᠤᠯᠠᠳᠠᠢ᠃    ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠪᠠ ᠤᠯᠠᠷᠢᠭᠤᠯᠬᠤ ᠶᠢᠨ ᠭᠤᠣᠯᠳᠠᠯᠭ᠎ᠠ ᠪᠣᠯ ᠳᠤᠮᠳᠠᠳᠤ ᠶᠢᠨ ᠦᠨᠳᠦᠰᠦᠲᠡᠨ ᠤ ᠦᠵᠡᠯ ᠰᠠᠨᠠᠭ᠎ᠠ ᠣᠶᠢᠯᠠᠭᠠᠭᠳᠠᠬᠤᠨ ᠵᠢᠴᠢ ᠰᠣᠶᠣᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠤᠯᠠᠮ ᠠᠴᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠵᠠᠯᠭᠠᠮᠵᠢᠯᠠᠬᠤ ᠶᠠᠪᠤᠳᠠᠯ ᠮᠦᠨ᠃ ᠶᠠᠭᠤ ᠴᠤ ᠭᠡᠰᠡᠨ ᠰᠢᠨ᠎ᠡ ᠶᠢ ᠡᠭᠦᠳᠬᠦ ᠳᠤ ᠴᠥᠮ ᠪᠣᠳᠠᠰ ᠤᠨ ᠪᠤᠰᠤ ᠰᠣᠶᠣᠯ ᠤᠨ ᠥᠪ ᠤᠨ ᠳᠣᠲᠣᠭᠠᠳᠤ ᠶᠢᠨ ᠰᠣᠶᠣᠯ ᠤᠨ ᠠᠭᠤᠯᠤᠭᠳᠠᠬᠤᠨ ᠢ ᠰᠤᠳᠤᠯᠤᠭᠰᠠᠨ ᠰᠠᠭᠤᠷᠢᠨ ᠳᠡᠭᠡᠷ᠎ᠡ ᠲᠡᠭᠦᠨ ᠢ ᠤᠯᠠᠮᠵᠢᠯᠠᠯ ᠤᠨ ᠬᠢ ᠪᠤᠯᠭᠠᠬᠤ᠂ ᠠᠮᠢᠳᠤᠷᠠᠯ ᠤᠨ ᠬᠢ ᠪᠤᠯᠭᠠᠬᠤ ᠬᠡᠷᠡᠭᠲᠡᠶ︔ ᠢᠵᠠᠭᠤᠷ ᠤᠷᠠᠯᠢᠬ ᠤᠨ ᠭᠤᠤᠯ ᠴᠢᠮᠦᠬᠡ ᠪᠠᠨ ᠦᠯᠦ ᠠᠯᠳᠠᠬᠤ ᠰᠠᠭᠤᠷᠢᠨ ᠳᠡᠭᠡᠷ᠎ᠡ ᠤᠯᠠᠨ ᠬᠦᠮᠤᠰ ᠤᠨ ᠰᠠᠶᠢᠨ ᠲᠠᠢ ᠲᠠᠯ᠎ᠠ ᠶᠢ ᠥᠷᠭᠡᠨ ᠢᠶᠠᠷ ᠰᠢᠩᠭᠡᠭᠡᠨ ᠠᠪᠴᠤ᠂ ᠰᠢᠨ᠎ᠡ ᠶᠢ ᠡᠭᠦᠳᠦᠨ ᠬᠥᠭᠵᠢᠭᠦᠯᠵᠦ᠂ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠳᠤ ᠦᠶ᠎ᠡ ᠶᠢᠨ ᠨᠡᠶᠢᠭᠡᠮ ᠳᠤ ᠠᠮᠢᠵᠢᠷᠠᠯ ᠤᠨ ᠬᠦᠴᠦᠨ ᠲᠠᠢ ᠪᠣᠯᠭᠠᠪᠡᠯ ᠵᠤᠬᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号