ᠨᠠᠮ ᠳᠤᠭᠤᠢ ᠬᠠᠳᠠᠨ ᠵᠢᠷᠤᠭ ᠪᠣᠯᠪᠠᠰᠤᠨ ᠢ ᠭᠡᠷᠡᠴᠢᠯᠡᠨ᠎ᠡ
ᠨᠡᠶᠢᠲᠡᠯᠡᠭᠰᠡᠨ ᠴᠠᠭ᠄
2024/2/27
  ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠳᠤ᠂ ᠬᠠᠲᠠᠨ ᠵᠢᠷᠤᠭ ᠢ ᠦᠵᠡᠰᠭᠦᠯᠡᠩ ᠰᠠᠶᠢᠬᠠᠨ ᠬᠠᠴᠢᠨ ᠶᠠᠭᠤᠮ᠎ᠠ ᠭᠡᠵᠦ ᠬᠡᠯᠡᠵᠦ ᠪᠣᠯᠤᠨ᠎ᠠ᠃ ᠬᠠᠳᠠᠨ ᠳᠡᠭᠡᠷ᠎ᠡ ᠰᠡᠶᠢᠯᠦᠭᠰᠡᠨ ᠡᠳᠡᠭᠡᠷ ᠵᠢᠷᠤᠭ ᠳᠦᠷᠰᠦ ᠪᠠᠷ ᠡᠷᠲᠡᠨ ᠤ ᠬᠥᠮᠦᠰ ᠤᠨ ᠠᠮᠢᠳᠤᠷᠠᠯ ᠤᠨ ᠵᠠᠮ ᠮᠦᠷ ᠢ ᠬᠠᠶᠢᠵᠤ᠂ ᠲᠤᠬᠠᠢ ᠶᠢᠨ ᠦᠶ᠎ᠡ ᠶᠢᠨ ᠬᠥᠮᠦᠰ ᠤᠨ ᠦᠵᠡᠯ ᠰᠠᠨᠠᠭ᠎ᠠ ᠲᠠᠨᠢᠯᠲᠠ ᠣᠶᠢᠯᠠᠭᠠᠯᠲᠠ᠂ ᠠᠮᠢᠳᠤᠷᠠᠯ ᠤᠨ ᠠᠷᠭ᠎ᠠ ᠬᠡᠯᠪᠡᠷᠢ᠂ ᠵᠠᠩ ᠦᠢᠯᠡ ᠬᠡᠪ ᠳᠠᠳᠬᠠᠯ ᠵᠡᠷᠭᠡ ᠶᠢ ᠰᠦᠪᠡᠭᠴᠢᠯᠡᠨ ᠬᠠᠶᠢᠵᠤ ᠪᠣᠯᠤᠨ᠎ᠠ᠃   ᠨᠠᠮ ᠳᠤᠭᠤᠢ ᠬᠠᠳᠠᠨ ᠵᠢᠷᠤᠭ ᠪᠣᠯᠪᠠᠰᠤᠨ ᠢ ᠭᠡᠷᠡᠴᠢᠯᠡᠨ᠎ᠡ᠃ ᠡᠲᠡᠭᠡᠷ ᠦᠭᠡ ᠬᠡᠯᠡᠵᠦ ᠴᠢᠳᠠᠬᠤ ᠥᠬᠡᠶ ᠬᠠᠲᠠᠨ ᠵᠢᠷᠤᠭ᠂ ᠬᠠᠲᠠᠨ ᠰᠡᠶᠢᠯᠦᠮᠡᠯ ᠮᠢᠩᠭ᠎ᠠ ᠲᠦᠮᠡᠨ ᠵᠢᠯ ᠢᠶᠠᠷ ᠰᠠᠯᠬᠢᠨ ᠳᠤ ᠦᠯᠢᠶᠡᠭᠳᠡᠨ ᠨᠡᠷᠡᠨ ᠳᠤ ᠰᠢᠷᠠᠭᠳᠠᠵᠤ᠂ ᠪᠣᠷᠣᠭᠠᠨ ᠳᠤ ᠨᠤᠷᠤᠭᠳᠠᠨ ᠮᠥᠰᠥᠲᠦᠵᠦ ᠬᠦᠯᠳᠡᠬᠦ ᠵᠡᠷᠭᠡ ᠪᠠᠶᠢᠭᠠᠯᠢ ᠶᠢᠨ ᠦᠵᠡᠭᠳᠡᠯ ᠢ ᠳᠠᠮᠵᠢᠭᠰᠠᠨ ᠪᠤᠯᠪᠠᠴᠤ ᠵᠠᠷᠢᠮ ᠨᠢ ᠮᠥᠨ ᠯᠡ ᠪᠦᠷᠢᠨ ᠪᠦᠲᠦᠨ ᠬᠠᠳᠠᠭᠠᠯᠠᠭᠳᠠᠵᠤ᠂ ᠬᠤᠵᠢᠮ ᠤᠨ ᠬᠥᠮᠦᠰ ᠲᠤ ᠡᠷᠬᠢᠮ ᠨᠠᠨᠳᠢᠨ ᠲᠡᠦᠬᠡ ᠶᠢᠨ ᠮᠠᠲ᠋ᠧᠷᠢᠶᠠᠯ ᠦᠯᠡᠳᠡᠭᠡᠨ ᠥᠭᠴᠦ᠂ ᠡᠷᠲᠡᠨ ᠤ ᠬᠥᠮᠦᠨ ᠲᠥᠷᠥᠯᠬᠢᠲᠡᠨ ᠤ ᠠᠵᠢᠯᠯᠠᠭ᠎ᠠ ᠶᠢ ᠰᠤᠳᠤᠯᠬᠤ ᠳᠤ ᠬᠦᠴᠦᠲᠡᠶ ᠭᠡᠷᠡᠴᠢ ᠪᠣᠯᠤᠭᠰᠠᠨ ᠪᠠᠶᠢᠨ᠎ᠠ᠃   ᠥᠪᠥᠷ ᠮᠣᠩᠭᠤᠯ ᠰᠣᠶᠣᠯ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠬᠢᠯᠢ ᠬᠢᠵᠠᠭᠠᠷ ᠳᠣᠲᠣᠷ᠎ᠠ ᠮᠠᠰᠢ ᠤᠯᠠᠨ ᠬᠠᠲᠠᠨ ᠵᠢᠷᠤᠭ ᠪᠠ ᠬᠠᠲᠠᠨ ᠰᠡᠶᠢᠯᠦᠮᠡᠯ ᠲᠠᠷᠬᠠᠵᠤ ᠪᠠᠶᠢᠳᠠᠭ᠂ ᠮᠠᠨᠳᠤᠯ ᠠᠭᠤᠯᠠ ᠶᠢᠨ ᠬᠠᠲᠠᠨ ᠵᠢᠷᠤᠭ᠂ ᠮᠤᠨᠠ ᠠᠭᠤᠯᠠ ᠶᠢᠨ ᠬᠠᠲᠠᠨ ᠵᠢᠷᠤᠭ ᠵᠡᠷᠭᠡ ᠨᠢ ᠮᠠᠰᠢ ᠠᠯᠳᠠᠷᠲᠠᠶ ᠪᠠᠶᠢᠵᠤ᠂ ᠬᠠᠲᠠᠨ ᠵᠢᠷᠤᠭ ᠤᠨ ᠠᠭᠤᠯᠭ᠎ᠠ ᠨᠢ ᠴᠦ ᠪᠠᠶᠠᠯᠢᠭ ᠪᠠᠶᠢᠳᠠᠭ᠃ ᠡᠲᠡᠭᠡᠷ ᠬᠠᠲᠠᠨ ᠵᠢᠷᠤᠭ ᠤᠳ ᠨᠢᠭᠡ ᠲᠠᠯ᠎ᠠ ᠪᠠᠷ ᠡᠷᠲᠡᠨ ᠤ ᠡᠪᠦᠭᠡ ᠳᠡᠭᠡᠳᠦᠰ ᠤᠨ ᠡᠬᠡ ᠪᠠᠶᠢᠭᠠᠯᠢ᠂ ᠬᠥᠮᠦᠨ ᠲᠥᠷᠥᠯᠬᠢᠲᠡᠨ ᠤ ᠤᠷᠤᠰᠢᠨ ᠦᠷᠡᠵᠢᠬᠦ ᠲᠤᠬᠠᠢ ᠰᠢᠲᠦᠯᠭᠡ ᠪᠢᠰᠢᠷᠡᠯ ᠢ ᠬᠠᠷᠠᠭᠤᠯᠵᠤ᠂ ᠨᠥᠭᠦᠭᠡ ᠲᠠᠯ᠎ᠠ ᠪᠠᠷ ᠪᠠᠰᠠ ᠡᠷᠲᠡᠨ ᠤ ᠬᠦᠮᠦᠰ ᠤᠨ ᠲᠤᠬᠠᠶ ᠶᠢᠨ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠨᠡᠨ ᠪᠣᠳᠠᠲᠠᠶ ᠲᠡᠮᠳᠡᠭᠯᠡᠭᠰᠡᠨ ᠪᠠᠶᠢᠨ᠎ᠠ᠃   ᠶᠡᠷᠦᠩᠬᠡᠢ ᠱᠦᠵᠢ ᠰᠢ ᠶᠢᠨ ᠫᠢᠩ᠄ ︽ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠰᠢᠰᠲ᠋ᠧᠮ ᠲᠠᠢ ᠡᠮᠬᠢᠯᠡᠵᠦ ᠂ ᠬᠠᠭᠠᠨ ᠤ ᠣᠷᠳᠣᠨ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ ᠳᠡᠭᠡᠷ᠎ᠡ ᠳᠡᠯᠭᠡᠭᠳᠡᠵᠦ ᠪᠠᠶᠢᠭ᠎ᠠ ᠥᠪ ᠬᠦᠷᠦᠩᠭᠡ᠂ ᠡᠷᠲᠡᠨ ᠤ ᠰᠤᠷᠪᠤᠯᠵᠢ ᠪᠢᠴᠢᠭ ᠲᠤ ᠲᠡᠮᠲᠡᠭᠯᠡᠭᠳᠡᠭᠰᠡᠨ ᠦᠰᠦᠭ ᠪᠢᠴᠢᠭ ᠢ ᠴᠥᠮ ᠠᠮᠢᠯᠠᠭᠤᠯᠬᠤ ᠬᠡᠷᠡᠭᠲᠡᠢ︾ ᠭᠡᠵᠦ ᠴᠢᠬᠤᠯᠠᠴᠢᠯᠠᠭᠰᠠᠨ ᠪᠠᠶᠢᠳᠠᠭ᠃ ᠬᠠᠳᠠᠨ ᠵᠢᠷᠤᠭ ᠪᠣᠯᠤᠨ ᠬᠠᠳᠠᠨ ᠰᠡᠶᠢᠯᠦᠮᠡᠯ ᠵᠡᠷᠭᠡ ᠬᠤᠪᠣᠷ ᠨᠠᠨᠳᠢᠨ ᠰᠣᠶᠣᠯ ᠤᠨ ᠡᠬᠢ ᠪᠠᠶᠠᠯᠢᠭ ᠢ ᠢᠯᠡᠷᠡᠭᠦᠯᠵᠦ᠂ ᠠᠭᠤᠳᠠᠯᠵᠤ᠂ ᠡᠮᠬᠢᠳᠭᠡᠵᠦ᠂ ᠰᠠᠶᠢᠲᠤᠷ ᠠᠰᠢᠭᠯᠠᠵᠤ᠂ ᠬᠠᠳᠠᠨ ᠵᠢᠷᠤᠭ᠂ ᠬᠠᠳᠠᠨ ᠰᠡᠶᠢᠯᠦᠮᠡᠯ ᠢᠶᠠᠷ ᠡᠷᠲᠡᠨ ᠤ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠭᠰᠡᠨ ᠲᠡᠦᠬᠡ ᠶᠢ ᠰᠤᠳᠤᠯᠬᠤ ᠨᠢ ᠥᠪᠥᠷ ᠮᠣᠩᠭᠤᠯ ᠴᠢᠨᠠᠭᠰᠢᠯᠠᠪᠠᠯ ᠬᠥᠮᠦᠨ ᠲᠥᠷᠥᠯᠬᠢᠲᠡᠨ ᠤ ᠨᠡᠶᠢᠭᠡᠮ ᠤᠨ ᠲᠡᠦᠬᠡ ᠶᠢ ᠰᠤᠳᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ᠬᠠᠳᠠᠨ ᠵᠢᠷᠤᠭ ᠢ ᠢᠯᠡᠷᠡᠭᠦᠯᠵᠦ ᠠᠰᠢᠭᠯᠠᠬᠤ ᠪᠠᠷ ᠪᠠᠷᠠᠬᠤ ᠦᠭᠡᠢ ᠪᠠᠰᠠ ᠰᠠᠶᠢᠲᠤᠷ ᠬᠠᠮᠠᠭᠠᠯᠠᠬᠤ ᠬᠡᠷᠡᠭᠲᠡᠶ᠃ ᠨᠢᠭᠡ ᠲᠠᠯ᠎ᠠ ᠪᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳᠤ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠠᠰᠢᠭᠯᠠᠵᠤ᠂ ᠬᠠᠳᠠᠨ ᠵᠢᠷᠤᠭ ᠢ ᠨᠡᠩ ᠠᠷᠪᠢᠨ ᠢᠯᠡᠷᠡᠭᠦᠯᠵᠦ᠂ ᠬᠠᠳᠠᠨ ᠵᠢᠷᠤᠭ ᠤᠨ ᠡᠯ᠎ᠡ ᠲᠠᠯ᠎ᠠ ᠶᠢᠨ ᠰᠤᠳᠤᠯᠭᠠᠨ ᠢ ᠴᠢᠩᠭᠠᠳᠬᠠᠵᠤ᠂ ᠲᠡᠭᠦᠨ ᠢ ᠨᠡᠩ ᠰᠠᠶᠢᠲᠤᠷ ᠠᠰᠢᠭᠯᠠᠬᠤ ᠬᠡᠷᠡᠭᠲᠡᠢ︔ ᠨᠥᠭᠦᠭᠡ ᠲᠠᠯ᠎ᠠ ᠪᠠᠷ᠂ ᠬᠠᠲᠠᠨ ᠵᠢᠷᠤᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠲᠠᠨ ᠵᠢᠷᠤᠭ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ᠂ ᠬᠠᠲᠠᠨ ᠵᠢᠷᠤᠭ ᠤᠨ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠰ ᠤᠨ ᠬᠠᠲᠠᠨ ᠵᠢᠷᠤᠭ ᠤᠨ ᠰᠤᠶᠤᠯ ᠢᠷᠭᠡᠨᠰᠢᠯ ᠤᠨ ᠦᠨ᠎ᠡ ᠥᠷᠲᠡᠭ ᠪᠠ ᠲᠡᠦᠬᠡ ᠶᠢᠨ ᠦᠨ᠎ᠡ ᠥᠷᠲᠡᠭ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠬᠥᠮᠦᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠰᠠᠨᠠᠭ᠎ᠠ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ ᠪᠠᠰᠠ ᠬᠠᠳᠠᠨ ᠵᠢᠷᠤᠭ ᠢ ᠬᠤᠯᠠᠭᠠᠶᠢᠯᠠᠵᠤ ᠡᠪᠳᠡᠭᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ᠂ ᠬᠠᠳᠠᠨ ᠵᠢᠷᠤᠭ ᠢ ᠨᠡᠩ ᠰᠠᠶᠢᠲᠤᠷ ᠬᠠᠮᠠᠭᠠᠯᠠᠵᠤ᠂ ᠬᠥᠮᠦᠨ ᠲᠥᠷᠥᠯᠬᠢᠲᠡᠨ ᠤ ᠲᠡᠦᠬᠡ ᠰᠣᠶᠣᠯ ᠤᠨ ᠰᠤᠳᠤᠯᠭᠠᠨ ᠳᠤ ᠦᠵᠡᠭᠦᠯᠪᠡᠰᠦ ᠵᠣᠬᠢᠬᠤ ᠦᠢᠯᠡᠳᠦᠯ ᠢ ᠨᠢ ᠪᠠᠳᠠᠷᠠᠭᠤᠯᠪᠠᠯ ᠵᠤᠬᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号