ᠮᠠᠨ ᠤ ᠤᠷᠤᠨ ᠬᠠᠭᠤᠴᠢ ᠰᠤᠳᠤᠯᠤᠯ ᠤᠨ ᠴᠢᠬᠤᠯᠠ ᠶᠡᠭᠡ ᠢᠨᠵᠧᠨᠧᠷᠢᠩ ᠳᠤ ᠡᠯᠪᠡᠭ ᠳᠡᠯᠪᠡᠭ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2024/2/27
  ᠦᠪᠡᠷᠳᠡᠭᠡᠨ ᠵᠠᠰᠠᠬᠤ ᠤᠷᠤᠨ ᠤ ᠲᠡᠦᠬᠡ ᠢᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠢᠨᠵᠧᠨᠧᠷᠢᠩ ᠳᠤ ᠡᠯᠪᠡᠭ ᠳᠡᠯᠪᠡᠭ ᠦᠷ᠎ᠡ ᠪᠦᠲᠦᠭᠡᠯ ᠤᠯᠪᠠ᠃   ᠵᠢᠯ ᠤᠨ ᠡᠬᠢᠨ ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ︽ᠬᠠᠭᠤᠴᠢ ᠰᠤᠳᠤᠯᠤᠯ ᠤᠨ ᠳᠤᠮᠳᠠᠳᠤ ᠤᠯᠤᠰ — ᠬᠤᠩᠱᠠᠨ ᠨᠡᠶᠢᠭᠡᠮ ᠤᠨ ᠪᠣᠯᠪᠠᠰᠤᠨ ᠤ ᠠᠬᠢᠴᠠ   ᠶᠢᠨ ᠰᠤᠳᠤᠯᠭᠠᠨ︾ ᠤ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠨᠢᠩᠴᠧᠩ ᠣᠷᠣᠨ ᠳᠠᠬᠢ ᠴᠢᠨ ᠠᠴᠠ ᠡᠮᠦᠨᠡᠬᠢ ᠦᠶ᠎ᠡ ᠢᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠶᠢ ᠲᠣᠭᠲᠠᠭᠤᠨ ᠢᠶᠠᠷ ᠶᠠᠪᠤᠭᠳᠠᠭᠤᠯᠵᠦ᠂ ᠨᠡᠶᠢᠳᠡ 200 ᠲᠡᠭᠰᠢ ᠳᠥᠷᠪᠡᠯᠵᠢᠨ ᠺᠢᠯᠤᠮᠤᠳ᠋ᠷ ᠤᠨ ᠭᠠᠵᠠᠷ ᠨᠤᠳᠤᠭ ᠪᠤᠯᠤᠨ 61 ᠪᠠᠭᠤᠷᠢ ᠶᠢ ᠪᠠᠶᠢᠴᠠᠭᠠᠪᠠ᠃ ᠯᠢᠦ ᠾᠧ ᠭᠤᠤᠯ ᠤᠨ ᠰᠠᠪᠠ ᠭᠠᠵᠠᠷ ᠤᠨ ᠬᠦᠷᠢᠶ᠎ᠠ ᠬᠤᠰᠢᠭᠤᠨ ᠤ ᠡᠮᠦᠨ᠎ᠡ ᠬᠡᠰᠡᠭ ᠤᠨ ᠭᠠᠵᠠᠷ ᠣᠷᠣᠨ ᠤ ᠴᠢᠨ ᠠᠴᠠ ᠡᠮᠦᠨᠡᠬᠢ ᠦᠶ᠎ᠡ  ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠳᠤ ᠰᠢᠪᠲᠤᠯᠤᠯᠲᠠ   ᠶᠢᠨ ᠴᠢᠨᠠᠷᠲᠠᠶ ᠠᠬᠢᠴᠠ ᠭᠠᠷᠭᠠᠨ᠂ ᠨᠡᠶᠢᠲᠡ 240 ᠭᠠᠷᠤᠶ ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ ᠨᠤᠳᠤᠭ ᠪᠤᠯᠤᠨ 168 ᠪᠠᠭᠤᠷᠢ ᠶᠢ ᠪᠠᠶᠢᠴᠠᠭᠠᠵᠤ᠂ 160 ᠪᠠᠭᠤᠷᠢ ᠶᠢ ᠰᠢᠨ᠎ᠡ ᠪᠠᠷ ᠢᠯᠡᠷᠡᠭᠦᠯᠦᠭᠰᠡᠨ ᠪᠠᠶᠢᠨ᠎ᠠ᠃ ᠼᠠᠢ ᠲᠤᠤ ᠫᠦᠤᠤ ᠶᠢᠨ ᠪᠠᠭᠤᠷᠢ ᠶᠢᠨ ᠬᠠᠭᠤᠴᠢ ᠰᠤᠳᠤᠯᠤᠯ ᠳᠤ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠬᠠᠶᠢᠨ ᠰᠢᠨᠵᠢᠭᠰᠡᠨ ᠲᠠᠯᠠᠪᠠᠢ ᠨᠢ 7 ᠲᠦᠮᠡᠨ ᠲᠡᠭᠰᠢ ᠳᠥᠷᠪᠡᠯᠵᠢᠨ ᠮᠤᠳ᠋ᠷ ᠢ ᠲᠠᠪᠠᠨ᠂ ᠮᠠᠯᠳᠠᠭᠰᠠᠨ ᠲᠠᠯᠠᠪᠠᠢ ᠨᠢ 1322 ᠲᠡᠭᠰᠢ ᠳᠥᠷᠪᠡᠯᠵᠢᠨ ᠮᠤᠳ᠋ᠷ ᠬᠦᠷᠴᠦ᠂ ᠮᠠᠯᠲᠠᠵᠤ ᠭᠠᠷᠭᠠᠭᠰᠠᠨ ᠯᠣᠣ ᠶᠢᠨ ᠰᠢᠨᠵᠢᠳᠡᠢ ᠬᠢᠰᠤᠭ᠎ᠠ ᠵᠢᠮᠰᠡᠭ ᠨᠢ ᠬᠤᠩᠱᠠᠨ ᠰᠣᠶᠣᠯ ᠤᠨ ᠤᠷᠢᠳᠤᠰ ᠤᠨ ︽ᠯᠣᠣ ︾ ᠶᠢᠨ ᠰᠢᠲᠦᠯᠭᠡ ᠶᠢᠨ ᠲᠦᠭᠡᠮᠡᠯ ᠴᠢᠨᠠᠷ ᠢ ᠭᠡᠷᠡᠴᠢᠯᠡᠵᠦ᠂ ᠬᠤᠩᠱᠠᠨ ᠰᠣᠶᠣᠯ ᠢ ᠳᠡᠯᠡᠬᠡᠢ   ᠶᠢᠨ ᠰᠤᠶᠤᠯ ᠤᠨ ᠥᠪ ᠢᠶᠠᠷ ᠮᠡᠳᠡᠭᠦᠯᠬᠦ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ᠤᠶᠢᠯᠠᠭᠠᠭᠰᠠᠨ ᠢᠶᠠᠷ᠂ ᠡᠨᠡ ᠵᠢᠯ ︽ᠬᠠᠭᠤᠴᠢ ᠰᠤᠳᠤᠯᠤᠯ ᠤᠨ ᠳᠤᠮᠳᠠᠳᠤ ᠤᠯᠤᠰ — ᠪᠣᠷᠣᠲᠣᠬᠤᠶ ᠣᠷᠣᠨ ᠤ ᠰᠠᠭᠤᠷᠢᠰᠢᠯ ᠬᠢᠭᠡᠳ ᠨᠡᠶᠢᠭᠡᠮ ᠤᠨ ᠰᠤᠳᠤᠯᠭᠠᠨ︾ ᠤ ᠽᠦᠶ ᠰᠢ ᠴᠧᠩ ᠤᠨ ᠬᠠᠭᠤᠴᠢ ᠰᠤᠳᠤᠯᠤᠯ ᠤᠨ ᠠᠵᠢᠯ ᠢ ᠦᠷᠭᠦᠯᠵᠢᠯᠡᠨ ᠥᠷᠨᠢᠭᠦᠯᠵᠤ᠂ ᠯᠦᠡᠭ ᠱᠠᠨ ᠤ ᠦᠶ᠎ᠡ ᠶᠢᠨ ᠬᠡᠯᠬᠢᠯᠳᠦᠭᠰᠡᠨ ᠪᠠᠶᠢᠰᠢᠩ ᠤᠨ ᠪᠠᠭᠤᠷᠢ᠂ ᠬᠦᠷᠢᠶ᠎ᠡ ᠬᠠᠰᠢᠶ᠎ᠠ ᠵᠢᠴᠢ ᠴᠢᠯᠠᠭᠤᠨ ᠳᠠᠯᠠᠩ ᠤᠨ ᠰᠠᠭᠤᠷᠢ ᠪᠠᠷ ᠪᠦᠷᠢᠯᠳᠦᠭᠰᠡᠨ ᠳᠡᠭᠡᠳᠦ ᠳᠡᠰ ᠤᠨ ᠪᠠᠷᠢᠯᠭ᠎ᠠ ᠵᠢᠴᠢ ᠭᠠᠵᠠᠷ ᠳᠣᠣᠷᠠᠬᠢ ᠵᠠᠮ ᠵᠡᠷᠭᠡ 20 ᠭᠠᠷᠤᠶ ᠭᠠᠵᠠᠷ ᠢ ᠰᠢᠨ᠎ᠡ ᠪᠠᠷ ᠢᠯᠡᠷᠡᠭᠦᠯᠦᠭᠰᠡᠨ ᠨᠢ ᠪᠣᠷᠣᠲᠣᠬᠤᠶ ᠣᠷᠣᠨ ᠤ ᠪᠣᠯᠪᠠᠰᠤᠨ ᠤ ᠠᠬᠢᠴᠠ᠂ ᠳᠤᠮᠳᠠᠳᠤ ᠤᠯᠤᠰ ᠤᠨ ᠤᠮᠠᠷᠠᠲᠤ ᠣᠷᠣᠨ ᠤ ᠡᠷᠲᠡ ᠦᠶ᠎ᠡ ᠶᠢᠨ ᠬᠤᠲᠠ ᠢᠢᠨ ᠪᠠᠶᠢᠭᠤᠯᠤᠯ ᠤᠨ ᠰᠤᠳᠤᠯᠭᠠᠨ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠳᠤ ᠽᠦᠶ ᠰᠢ ᠴᠧᠩ ᠤᠨ ᠡᠷᠬᠢᠨ ᠲᠣᠭᠤᠷᠢᠨ ᠤ ᠣᠷᠣᠨ ᠪᠦᠰᠡ ᠶᠢᠨ ᠪᠠᠶᠢᠴᠠᠭᠠᠯᠲᠠ ᠢᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠡᠷᠬᠢᠨ ᠲᠣᠭᠤᠷᠢᠨ ᠤ ᠪᠤᠰᠤᠳ ᠴᠢᠯᠠᠭᠤᠨ ᠪᠠᠷᠢᠯᠭ᠎ᠠ ᠪᠠ ᠣᠷᠣᠨ ᠰᠠᠭᠤᠴᠠ ᠶᠢᠨ ᠭᠠᠵᠠᠷ ᠢ ᠢᠯᠭᠠᠨ ᠳᠣᠲᠣᠯᠠᠵᠤ᠂ ᠤᠯᠤᠰ ᠤᠨ ᠳᠣᠲᠣᠭᠠᠳᠤ ᠢᠢᠨ ᠣᠷᠦ᠋ᠢᠯᠠᠭᠰᠠᠨ ᠡᠷᠳᠡᠮ ᠰᠢᠨᠵᠢᠯᠡᠭᠡᠨ ᠤ ᠨᠢᠭᠡᠴᠢ ᠪᠠ ᠡᠷᠳᠡᠮᠲᠡᠳ ᠤᠨ ᠣᠷᠣᠯᠴᠠᠭᠰᠠᠨ ᠰᠤᠳᠤᠯᠭᠠᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠦ᠂ ᠲᠠᠷᠠᠭᠠᠴᠢ ᠶᠢᠨ ᠠᠯᠬᠤᠮ ᠳᠤ ᠳᠤᠮᠳᠠᠳᠤ ᠤᠯᠤᠰ ᠤᠨ ᠤᠮᠠᠷᠠᠲᠤ ᠣᠷᠣᠨ ᠤ ᠡᠷᠲᠡ ᠦᠶ᠎ᠡ ᠶᠢᠨ  ᠬᠤᠲᠠ ᠪᠠ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠮᠵᠢ ᠶᠢᠨ ᠲᠦᠷᠢᠮ ᠢ ᠭᠦᠨᠵᠡᠭᠡᠶ ᠰᠦᠪᠡᠭᠴᠢᠯᠡᠵᠦ᠂ ᠳᠤᠮᠳᠠᠳᠤ ᠢᠢᠨ ᠪᠣᠯᠪᠠᠰᠤᠨ ᠤ ᠡᠭᠦᠰᠦᠯ ᠤᠨ ᠰᠤᠳᠤᠯᠭᠠᠨ ᠤ ᠰᠣᠶᠣᠯ ᠤᠨ ᠭᠧᠨ ᠢ ᠲᠣᠳᠣᠷᠬᠠᠶᠢᠯᠠᠨ ᠲᠠᠶᠢᠯᠪᠤᠷᠢᠯᠠᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号