ᠦᠪᠦᠷ ᠮᠣᠩᠭᠤᠯ ᠤᠨ ᠨᠡᠩ ᠣᠯᠠᠨ ᠰᠣᠲᠣᠨ ᠣᠷᠠᠯᠢᠬ ᠤᠨ ᠪᠦᠳᠦᠭᠡᠯ ᠢ ᠲᠣᠮᠣ ᠲᠠᠪᠴᠠᠩ ᠳᠤ ᠠᠯᠳᠠᠷᠰᠢᠭᠤᠯᠤᠶ᠎ᠠ
ᠨᠡᠶᠢᠲᠡᠯᠡᠭᠰᠡᠨ ᠴᠠᠭ᠄
2024/2/27
  ᠣᠶᠢᠷ᠎ᠠ ᠶᠢᠨ ᠵᠢᠯ ᠠᠴᠠ ᠨᠠᠭᠠᠰᠢ᠂ ᠦᠪᠦᠷ ᠮᠣᠩᠭᠤᠯ ᠳᠤ ᠣᠳᠬ᠎ᠠ ᠣᠷᠠᠯᠢᠬ ᠤᠨ ᠰᠣᠲᠣᠨ ᠪᠦᠲᠦᠭᠡᠯ ᠵᠠᠯᠭᠠᠭ᠎ᠠ ᠪᠠᠷ ᠴᠣᠯᠭᠤᠷᠠᠵᠦ᠂ ᠪᠦᠵᠢᠭᠲᠦ ᠵᠦᠴᠦᠭᠡ ︽ᠲᠠᠯ᠎ᠠ ᠨᠣᠲᠤᠬ ᠤᠨ ᠲᠣᠷᠠᠰᠣᠮᠵᠢ︾᠂ ︽ᠬᠦᠯᠦᠨ ᠪᠤᠶᠢᠷ ᠤᠨ ᠴᠠᠰᠣᠲᠣ ᠲᠠᠯ᠎ᠠ︾ ᠠᠴᠠ ︽ᠮᠡᠷᠺᠤ ᠫᠣᠯᠣ︾᠂ ︽ᠲᠠᠯ᠎ᠠ ᠨᠣᠲᠤᠬ ᠤᠨ ᠣᠯᠠᠭᠠᠨᠮᠦ᠋ᠴᠢᠷ︾ ᠬᠦᠷᠲᠡᠯ᠎ᠡ᠂ ᠪᠦᠵᠢᠭᠲᠦ ᠵᠦᠴᠦᠭᠡ ︽ᠲᠠᠯ᠎ᠠ ᠨᠣᠲᠤᠬ ᠤᠨ ᠪᠢᠴᠢᠬᠠᠨ ᠪᠠᠭᠠᠲᠣᠷ ᠡᠭᠡᠴᠢ ᠦᠬᠢᠨ ᠲᠡᠬᠦᠦ︾ ᠠᠴᠠ ︽ᠮᠣᠷᠢᠲᠣ ᠴᠡᠷᠢᠭ︾ ᠬᠦᠷᠲᠡᠯ᠎ᠡ ᠁ ᠨᠢᠭᠡ ᠪᠦᠯᠦᠭ ᠣᠳᠬ᠎ᠠ ᠣᠷᠠᠯᠢᠬ ᠤᠨ ᠰᠣᠲᠣᠨ ᠪᠦᠲᠦᠭᠡᠯ ᠢ ᠣᠯᠣᠰ ᠤᠨ ᠲᠡᠰ ᠤᠨ ᠲᠣᠮᠣ ᠲᠠᠪᠴᠠᠩ ᠳᠤ ᠲᠣᠬᠯᠠᠵᠦ ᠦᠵᠡᠬᠦᠯᠦᠭᠰᠡᠨ ᠲᠡᠲᠦᠢ ᠦᠭᠡᠢ ᠵᠠᠷᠢᠮ ᠨᠢ ᠣᠯᠣᠰ ᠣᠷᠣᠨ ᠤ ᠬᠢᠯᠢ ᠠᠴᠠ ᠲᠠᠪᠠᠵᠦ ᠲᠡᠯᠡᠬᠡᠢ ᠲᠠᠶᠠᠭᠠᠷ ᠲᠣᠭᠤᠷᠢᠨ ᠲᠣᠬᠯᠠᠭᠳᠠᠵᠦ ᠦᠪᠦᠷ ᠮᠣᠩᠭᠤᠯ ᠤᠨ ᠠᠯᠲᠠᠷ ᠢ ᠲᠠᠭᠤᠷᠢᠰᠣᠭᠤᠯᠣᠬᠰᠠᠨ ᠪᠠᠶᠢᠨ᠎ᠠ᠃ ᠡᠳᠡᠭᠡᠷ ᠪᠦᠲᠦᠭᠡᠯ ᠨᠢ ᠦᠷᠭᠡᠨ ᠣᠯᠠᠨ ᠦᠵᠡᠭᠴᠢᠳ ᠲᠤ ᠣᠷᠠᠯᠢᠬ ᠤᠨ ᠬᠦᠷᠲᠡᠭᠡᠯ ᠣᠯᠭᠤᠬᠤ ᠶᠢᠨ ᠲᠠᠭᠠᠣ ᠣᠮᠠᠷᠠᠲᠣ ᠬᠢᠯᠢ ᠶᠢᠨ ᠰᠣᠶᠣᠯ ᠤᠨ ᠪᠦᠲᠦᠭᠡᠨ ᠪᠠᠶᠢᠭᠤᠯᠣᠯᠲᠠ ᠶᠢᠨ ᠠᠭᠤᠯᠭ᠎ᠠ ᠪᠠ ᠬᠡᠯᠪᠡᠷᠢ ᠶᠢ ᠪᠠᠶᠠᠯᠢᠬᠵᠢᠭᠤᠯᠵᠦ᠂ ᠦᠪᠦᠷ ᠮᠣᠩᠭᠤᠯ ᠤᠨ ᠰᠣᠶᠣᠯ ᠤᠨ ᠰᠠᠶᠢᠨ ᠰᠠᠶᠢᠬᠠᠨ ᠲᠦᠷᠬᠦ ᠶᠢ ᠱᠣᠭᠤᠬᠰᠠᠨ ᠪᠢᠯᠡ᠃   ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠲᠣᠭᠠᠷ ᠪᠦᠬᠦᠲᠡ ᠬᠤᠷᠠᠯ ᠠᠴᠠ ᠬᠢᠨᠠᠨ ᠵᠦᠪᠯᠡᠵᠦ ᠪᠠᠲᠣᠯᠠᠬᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠦᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠣᠬᠠᠢ ᠰᠶᠢᠳᠪᠦᠷᠢ︾ ᠳᠤ ᠲᠣᠷᠠᠲᠣᠬᠰᠠᠨ ᠨᠢ᠂ ᠦᠪᠦᠷ ᠮᠣᠩᠭᠤᠯ ᠤᠨ ᠡᠬᠡ ᠭᠠᠵᠠᠷ ᠲᠠᠬᠢ ᠦᠪ ᠵᠣᠵᠠᠭᠠᠨ ᠲᠡᠦᠬᠡ ᠰᠣᠶᠣᠯ ᠪᠣᠯᠣᠨ ᠦᠨᠢᠷ ᠪᠠᠶᠠᠯᠢᠬ ᠬᠦᠮᠦᠨ ᠨᠡᠶᠢᠭᠡᠮ ᠤᠨ ᠡᠬᠢ ᠪᠠᠶᠠᠯᠢᠬ ᠢ ᠬᠦᠢᠴᠡᠳ ᠠᠭᠤᠲᠠᠯᠣᠨ ᠠᠮᠢᠲᠣᠯᠢᠬ ᠬᠠᠷᠠᠭᠤᠯᠵᠦ᠂ ᠬᠤᠪᠢᠰᠬᠠᠯᠲᠣ ᠰᠣᠶᠣᠯ ᠪᠠ ᠲᠠᠯ᠎ᠠ ᠨᠣᠲᠤᠬ ᠤᠨ ᠰᠣᠶᠣᠯ᠂ ᠲᠠᠷᠢᠶᠠᠯᠠᠬᠤ ᠰᠣᠶᠣᠯ᠂ ᠬᠠᠲᠣᠨ ᠭᠤᠣᠯ ᠤᠨ ᠰᠣᠶᠣᠯ᠂ ᠣᠷᠲᠣ ᠴᠠᠭᠠᠨ ᠬᠡᠷᠡᠮ ᠤᠨ ᠰᠣᠶᠣᠯ ᠲᠠᠢ ᠠᠭᠤᠰᠣᠯᠴᠠᠭᠤᠯᠣᠨ ᠨᠢᠭᠡᠳᠭᠡᠵᠦ᠂ ᠡᠯ᠎ᠡ ᠦᠨᠳᠦᠰᠦᠲᠡᠨ ᠨᠦᠭᠦᠳ ᠬᠠᠷᠢᠯᠴᠠᠵᠦ ᠰᠣᠯᠢᠯᠴᠠᠵᠦ ᠠᠭᠤᠰᠣᠯᠴᠠᠬᠰᠠᠨ᠂ ᠰᠠᠬᠢᠨ ᠪᠠᠷᠠᠯᠠᠵᠦ ᠬᠠᠷᠢᠯᠴᠠᠨ ᠬᠠᠪᠰᠣᠷᠣᠯᠴᠠᠬᠤ᠂ ᠮᠣᠩᠭᠤᠯ ᠮᠣᠷᠢᠨ ᠤ ᠵᠣᠷᠢᠬ ᠰᠠᠨᠠᠭ᠎ᠠ ᠪᠠ ︽ᠣᠮᠠᠷᠠᠲᠣ ᠶᠢᠨ ᠭᠤᠷᠪᠠᠨ ᠤᠷᠤᠨ ᠤ ᠵᠣᠷᠢᠬ ᠰᠠᠨᠠᠭ᠎ᠠ︾ ᠶᠢ ᠬᠠᠮᠲᠣ ᠪᠠᠷ ᠪᠠᠲᠠᠷᠠᠭᠤᠯᠵᠦ᠂ ᠲᠣᠮᠲᠠᠲᠣ ᠶᠢᠨ ᠦᠨᠳᠦᠰᠦᠲᠡᠨ ᠤ ᠬᠠᠮᠲᠣ ᠶᠢᠨ ᠴᠣᠬᠴᠠ ᠶᠢᠨ ᠣᠬᠠᠮᠰᠠᠷ ᠢ ᠪᠠᠲᠣ ᠴᠣᠬᠴᠠᠯᠠᠬᠤ ᠪᠠᠷ ᠭᠤᠣᠯ ᠠᠭᠤᠯᠭ᠎ᠠ ᠪᠣᠯᠭᠠᠬᠰᠠᠨ ︽ᠣᠮᠠᠷᠠᠲᠣ ᠬᠢᠯᠢ ᠶᠢᠨ ᠰᠣᠶᠣᠯ︾ ᠤᠨ ᠲᠦᠷᠦᠯ ᠲᠡᠮᠲᠡᠭ ᠢ ᠴᠣᠬᠴᠠᠯᠠᠨ᠎ᠠ ᠭᠡᠵᠡᠢ᠃   ᠦᠪᠦᠷ ᠮᠣᠩᠭᠤᠯ ᠤᠨ ᠦᠪᠡᠷᠮᠢᠴᠡ ᠣᠷᠣᠨ ᠨᠣᠲᠤᠬ ᠤᠨ ᠣᠨᠴᠠᠯᠢᠬ ᠲᠠᠢ ᠡᠨᠡ ᠬᠦ ᠰᠣᠶᠣᠯ ᠤᠨ ᠲᠦᠷᠦᠯ ᠲᠡᠮᠲᠡᠭ ᠢ ᠴᠣᠬᠴᠠᠯᠠᠬᠤ ᠳᠤ ᠡᠷᠬᠡᠪᠰᠢ ᠲᠣᠮᠲᠠᠲᠣ ᠶᠢᠨ ᠰᠢᠯᠢᠲᠡᠭ ᠣᠯᠠᠮᠵᠢᠯᠠᠯᠲᠣ ᠰᠣᠶᠣᠯ ᠢ ᠣᠯᠠᠮᠵᠢᠯᠠᠨ ᠬᠦᠭᠵᠢᠬᠦᠯᠵᠦ᠂ ᠣᠮᠠᠷᠠᠲᠣ ᠣᠷᠣᠨ ᠤ ᠡᠬᠡ ᠭᠠᠵᠠᠷ ᠲᠤ ᠦᠨᠳᠦᠰᠦ ᠬᠦᠨ ᠬᠠᠳᠬᠤᠵᠦ ᠦᠷᠡᠯᠡᠨ ᠪᠣᠯᠪᠠᠰᠣᠷᠠᠬᠰᠠᠨ ᠰᠢᠯᠢᠲᠡᠭ ᠰᠣᠶᠣᠯ ᠢ ᠰᠢᠨ᠎ᠡ ᠴᠠᠬ ᠦᠶ᠎ᠡ ᠳᠤ ᠬᠦᠭᠵᠢᠬᠦᠯᠦᠨ ᠪᠠᠲᠠᠷᠠᠭᠤᠯᠵᠦ᠂ ᠦᠪᠦᠷ ᠮᠣᠩᠭᠤᠯ ᠤᠨ ᠭᠡᠷᠡᠯ ᠰᠠᠴᠣᠷᠠᠩᠭᠤᠢ ᠲᠦᠷᠢ ᠲᠦᠷᠬᠦ ᠶᠢ ᠲᠡᠭᠡᠭᠰᠢᠯᠡᠬᠦᠯᠬᠦ ᠳᠤ ᠬᠦᠴᠦᠨ ᠪᠦᠬᠦᠢ ᠲᠣᠯᠭᠠᠭᠤᠷᠢᠯᠠᠯ ᠬᠠᠩᠭᠠᠵᠦ᠂ ᠣᠲᠣᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠳᠤ ᠬᠦᠴᠦᠷᠭᠡᠭ ᠶᠡᠭᠡ ᠣᠶᠣᠨ ᠰᠠᠨᠠᠭᠠᠨ ᠤ ᠬᠦᠴᠦᠨ ᠬᠠᠩᠭᠠᠬᠤ ᠬᠡᠷᠡᠭᠲᠡᠢ᠃   ᠦᠪᠦᠷ ᠮᠣᠩᠭᠤᠯ ᠤᠨ ᠦᠣᠬᠡ ᠲᠡᠦᠬᠡ ᠦᠨᠢ ᠣᠲᠠᠭᠠᠨ᠂ ᠦᠪ ᠰᠣᠶᠣᠯ ᠤᠨ ᠬᠦᠨ ᠵᠣᠵᠠᠭᠠᠨ ᠲᠣᠨᠲᠠᠰᠣ ᠲᠠᠢ ᠪᠠᠶᠢᠵᠦ᠂ ᠣᠳᠬ᠎ᠠ ᠣᠷᠠᠯᠢᠬ ᠤᠨ ᠰᠣᠲᠣᠨ ᠪᠦᠲᠦᠭᠡᠯ ᠵᠣᠬᠢᠶᠠᠨ ᠪᠦᠲᠦᠭᠡᠬᠦ ᠳᠤ ᠡᠯᠪᠡᠭ ᠪᠠᠶᠠᠯᠢᠬ ᠡᠬᠢ ᠰᠣᠷᠪᠣᠯᠵᠢ ᠬᠠᠩᠭᠠᠵᠠᠢ᠃ ᠦᠪᠡᠷᠲᠡᠭᠡᠨ ᠵᠠᠰᠠᠬᠤ ᠣᠷᠣᠨ ᠠᠴᠠ ᠭᠠᠷᠭᠠᠬᠰᠠᠨ ᠰᠣᠶᠣᠯ ᠤᠨ ᠪᠦᠲᠦᠭᠡᠨ ᠪᠠᠶᠢᠭᠤᠯᠣᠯᠲᠠ᠂ ᠣᠳᠬ᠎ᠠ ᠣᠷᠠᠯᠢᠬ ᠤᠨ ᠴᠡᠴᠡᠭᠯᠡᠨ ᠬᠦᠭᠵᠢᠯᠲᠡ ᠶᠢ ᠠᠬᠢᠭᠤᠯᠬᠤ ᠰᠢᠷᠢᠰ ᠲᠦᠷᠦ ᠶᠢᠨ ᠪᠣᠲᠣᠯᠭ᠎ᠠ ᠨᠢ ᠦᠪᠦᠷ ᠮᠣᠩᠭᠤᠯ ᠤᠨ ᠣᠳᠬ᠎ᠠ ᠣᠷᠠᠯᠢᠬ ᠤᠨ ᠰᠣᠲᠣᠨ ᠪᠦᠲᠦᠭᠡᠯ ᠢᠢᠡᠨ ᠲᠡᠯᠡᠬᠡᠢ ᠲᠠᠶᠠᠭᠠᠷ ᠬᠦᠷᠲᠡᠯ᠎ᠡ ᠲᠠᠭᠤᠷᠢᠰᠣᠭᠤᠯᠣᠨ ᠠᠯᠲᠠᠷᠰᠢᠭᠤᠯᠬᠤ ᠳᠤ ᠰᠠᠶᠢᠨ ᠰᠠᠶᠢᠬᠠᠨ ᠨᠦᠬᠦᠴᠡᠯ ᠢ ᠪᠦᠷᠢᠯᠲᠦᠬᠦᠯᠦᠨ ᠦᠭᠬᠦᠭᠰᠡᠨ ᠪᠠᠶᠢᠨ᠎ᠠ᠃   ᠦᠪᠦᠷ ᠮᠣᠩᠭᠤᠯ ᠰᠣᠶᠣᠯ ᠤᠨ ᠲᠣᠮᠣ ᠣᠷᠣᠨ ᠠᠴᠠ ᠰᠣᠶᠣᠯ ᠤᠨ ᠬᠦᠴᠦᠷᠬᠡᠭ ᠣᠷᠣᠨ ᠲᠡᠶᠢᠰᠢ ᠠᠶᠠᠯᠠᠬᠤ ᠲᠠᠪᠠᠯᠲᠠ ᠶᠢ ᠪᠡᠶᠡᠯᠡᠬᠦᠯᠬᠦ ᠭᠡᠪᠡᠯ᠂ ᠣᠳᠬ᠎ᠠ ᠣᠷᠠᠯᠢᠬ ᠤᠨ ᠲᠡᠭᠲᠡᠷᠯᠢᠭ ᠤᠨ ᠬᠤᠪᠢ ᠳᠤ ᠨᠢᠭᠡ ᠲᠠᠯ᠎ᠠ ᠪᠠᠷ ᠪᠢᠳᠡ ᠦᠩᠭᠡᠷᠡᠭᠰᠡᠨ ᠤ ᠰᠠᠭᠤᠷᠢ ᠲᠡᠭᠡᠷ᠎ᠡ ᠪᠠᠨ ᠲᠠᠰᠣᠷᠠᠯᠲᠠ ᠦᠭᠡᠢ ᠰᠢᠨ᠎ᠡ ᠶᠢ ᠡᠬᠦᠳᠴᠦ᠂ ᠴᠠᠬ ᠦᠶᠡᠴᠢ ᠴᠢᠨᠠᠷ ᠢ ᠲᠣᠰᠬᠠᠬᠰᠠᠨ᠂ ᠵᠢᠮ᠎ᠡ ᠶᠣᠰᠣᠴᠢ ᠴᠢᠨᠠᠷ ᠢ ᠡᠵᠡᠮᠲᠡᠭᠰᠡᠨ ᠪᠦᠲᠦᠭᠡᠯᠴᠢ ᠴᠢᠨᠠᠷ ᠪᠦᠬᠦᠢ ᠦᠨᠳᠦᠷ ᠴᠢᠨᠠᠷ ᠴᠢᠨᠰᠠᠭ᠎ᠠ ᠶᠢᠨ ᠣᠳᠬ᠎ᠠ ᠣᠷᠠᠯᠢᠬ ᠤᠨ ᠰᠣᠲᠣᠨ ᠪᠦᠲᠦᠭᠡᠯ ᠢ ᠵᠣᠬᠢᠶᠠᠨ ᠲᠣᠭᠤᠷᠪᠢᠬᠤ ᠬᠡᠷᠡᠭᠲᠡᠢ︔ ᠨᠦᠬᠦᠭᠡ ᠲᠠᠯ᠎ᠠ ᠪᠠᠷ ᠰᠣᠶᠣᠯ ᠣᠷᠠᠯᠢᠬ ᠤᠨ ᠡᠲᠡᠭᠡᠷ ᠰᠣᠲᠣᠨ ᠪᠦᠲᠦᠭᠡᠯ ᠢ ᠭᠠᠲᠠᠭᠰᠢ ᠭᠠᠷᠭᠠᠵᠦ ᠣᠯᠠᠨ ᠳᠤ ᠲᠠᠨᠢᠭᠤᠯᠬᠤ ᠬᠡᠷᠡᠭᠲᠡᠢ᠃ ᠣᠮᠠᠷᠠᠲᠣ ᠬᠢᠯᠢ ᠶᠢᠨ ᠦᠪ ᠵᠣᠵᠠᠭᠠᠨ ᠰᠣᠶᠣᠯ ᠤᠨ ᠲᠣᠨᠲᠠᠰᠣ ᠶᠢ ᠠᠴᠢᠶᠠᠯᠠᠬᠰᠠᠨ ᠦᠪᠦᠷ ᠮᠣᠩᠭᠤᠯ ᠤᠨ ᠣᠳᠬ᠎ᠠ ᠣᠷᠠᠯᠢᠬ ᠤᠨ ᠰᠣᠲᠣᠨ ᠪᠦᠲᠦᠭᠡᠯ ᠢ ᠣᠯᠣᠰ ᠲᠠᠶᠠᠭᠠᠷ᠂ ᠲᠡᠷᠡᠴᠢᠯᠡᠨ ᠲᠡᠯᠡᠬᠡᠢ ᠲᠠᠶᠠᠭᠠᠷ ᠮᠡᠲᠡᠷᠡᠬᠦᠯᠪᠡᠯ ᠰᠠᠶ᠋ᠢ ᠨᠡᠩ ᠣᠯᠠᠨ ᠬᠦᠮᠦᠰ ᠡᠳᠡᠭᠡᠷ ᠰᠣᠲᠣᠨ ᠪᠦᠲᠦᠭᠡᠯ ᠢᠢᠡᠷ ᠲᠠᠮᠵᠢᠨ ᠦᠪᠦᠷ ᠮᠣᠩᠭᠤᠯ ᠢ ᠲᠠᠨᠢᠵᠦ᠂ ᠦᠪᠦᠷ ᠮᠣᠩᠭᠤᠯ ᠢ ᠣᠶᠢᠯᠠᠭᠠᠨ᠂ ᠦᠪᠦᠷ ᠮᠣᠩᠭᠤᠯ ᠤᠨ ᠭᠡᠷᠡᠯ ᠰᠠᠴᠣᠷᠠᠩᠭᠤᠢ ᠪᠣᠯᠪᠠᠰᠣᠨ᠂ ᠦᠨᠢ ᠣᠲᠠᠭᠠᠨ ᠲᠡᠦᠬᠡ ᠰᠣᠶᠣᠯ ᠪᠠ ᠨᠢᠰᠬᠦ ᠮᠡᠲᠦ ᠲᠦᠷᠭᠡᠨ ᠬᠦᠭᠵᠢᠭᠰᠡᠨ ᠠᠵᠦ ᠠᠬᠤᠢ᠂ ᠪᠦᠯᠬᠦᠮᠲᠡᠨ ᠨᠢᠬᠲᠠᠷᠠᠬᠰᠠᠨ ᠨᠡᠶᠢᠭᠡᠮ ᠠᠬᠤᠢ ᠶᠢ ᠣᠶᠢᠯᠠᠭᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号