ᠮᠠᠨ ᠤ ᠤᠷᠤᠨ ᠤ ᠪᠣᠳᠠᠰ ᠤᠨ ᠪᠤᠰᠤ ᠰᠣᠶᠣᠯ ᠤᠨ ᠥᠪ ᠤᠨ 3 ᠲᠦᠷᠦᠯ ᠵᠦᠢᠯ ᠳᠤᠮᠳᠠᠳᠤ ᠤᠯᠤᠰ ᠤᠨ ᠢᠵᠠᠭᠤᠷ ᠠᠷᠠᠳ ᠤᠨ ᠳᠠᠭᠤᠤ ᠶᠢᠨ ᠨᠠᠶᠢᠷ ᠲᠤ ᠤᠷᠤᠯᠴᠠᠪᠠ
ᠨᠡᠶᠢᠲᠡᠯᠡᠭᠰᠡᠨ ᠴᠠᠭ᠄
2024/2/27
  ᠦᠪᠡᠷᠳᠡᠭᠡᠨ ᠵᠠᠰᠠᠬᠤ ᠤᠷᠤᠨ ᠤ ᠤᠷᠠᠯᠢᠭ ᠤᠨ ᠰᠤᠳᠤᠯᠤᠯ ᠤᠨ ᠬᠦᠷᠢᠶᠡᠯᠡᠩ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ᠂ ᠮᠣᠩᠭᠤᠯ ᠦᠨᠳᠦᠰᠦᠲᠡᠨ ᠤ ᠬᠥᠭᠡᠮᠡᠶ ᠪᠤᠯᠤᠨ ᠮᠣᠩᠭᠤᠯ ᠦᠨᠳᠦᠰᠦᠲᠡᠨ ᠤ ᠮᠣᠷᠢᠨ ᠬᠤᠭᠤᠷ ᠤᠨ ᠲᠦᠷᠦᠯ ᠵᠦᠢᠯ ᠲᠦᠷᠦᠬᠦᠭᠡᠨ ᠵᠢᠶᠠᠩᠰᠢ ᠶᠢᠨ ᠦᠶᠤᠸᠠᠨ ᠳᠤ ᠶᠠᠪᠤᠭᠳᠠᠭᠰᠠᠨ 2023 ᠳᠤᠮᠳᠠᠳᠤ ᠤᠯᠤᠰ ᠤᠨ ᠢᠵᠠᠭᠤᠷ ᠠᠷᠠᠳ ᠤᠨ ᠳᠠᠭᠤᠤ ᠶᠢᠨ ᠨᠠᠶᠢᠷ ᠲᠤ ᠣᠷᠣᠯᠴᠠᠵᠦ᠂ ᠮᠠᠨ ᠤ ᠤᠷᠤᠨ ᠤ ᠢᠵᠠᠭᠤᠷ ᠤᠷᠠᠯᠢᠭ ᠤᠨ ᠦᠪᠡᠷᠮᠢᠴᠡ ᠰᠤᠳᠤᠨ ᠰᠢᠨᠵᠢ ᠶᠢ ᠤᠯᠠᠨ ᠳᠤ ᠦᠵᠡᠬᠦᠯᠦᠭᠰᠡᠨ ᠪᠠᠶᠢᠨ᠎ᠠ᠃   2023 ᠳᠤᠮᠳᠠᠳᠤ ᠤᠯᠤᠰ ᠤᠨ ᠢᠵᠠᠭᠤᠷ ᠠᠷᠠᠳ ᠤᠨ ᠳᠠᠭᠤᠤ ᠶᠢᠨ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠂ ᠮᠠᠨ ᠤ ᠤᠷᠤᠨ ᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠᠶᠠᠨᠪᠤᠯᠠᠭ ᠵᠡᠷᠭᠡ 4 ᠤᠷᠠᠯᠢᠭᠴᠢᠨ ᠤ ᠲᠦᠷᠪᠡᠨ ᠤᠳᠠᠰᠤᠳᠤ ᠬᠤᠭᠤᠷ ᠤᠨ ᠲᠤᠭᠯᠠᠯᠳᠠ᠂ ᠮᠤᠩᠭᠤᠯ ᠦᠨᠳᠦᠰᠦᠳᠡᠨ ᠤ ᠬᠦᠭᠡᠮᠡᠢ  ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠸᠧᠨ ᠯᠢ ᠶᠢᠨ ᠲᠤᠭᠯᠠᠭᠰᠠᠨ ︽ᠨᠡᠭᠦᠳᠡᠯ ᠮᠠᠯᠵᠢᠯ ᠤᠨ ᠪᠠᠶᠠᠷᠲᠤ ᠳᠠᠭᠤᠤ︾ ᠨᠢ ᠪᠥᠬᠦ ᠤᠯᠤᠰ ᠤᠨ ᠦᠵᠡᠭᠴᠢᠳ ᠲᠤ ᠥᠪᠥᠷ ᠮᠣᠩᠭᠤᠯ ᠤᠨ ᠳᠠᠭᠤᠤ ᠬᠥᠭᠵᠢᠮ ᠤᠨ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠪᠠ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠵᠡᠶ᠃ ᠮᠤᠩᠭᠤᠯ ᠦᠨᠳᠦᠰᠦᠳᠡᠨ ᠤ ᠮᠤᠷᠢᠨ ᠬᠤᠭᠤᠷ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠴᠢ᠊ · ᠪᠤᠯᠠᠭ ᠵᠡᠷᠭᠡ 9 ᠮᠣᠷᠢᠨ ᠬᠤᠭᠤᠷᠴᠢᠨ ᠲᠡᠭᠦᠰᠭᠦ ᠶᠣᠰᠣᠯᠠᠯ ᠳᠤ ︽ᠲᠦᠮᠡᠨ ᠠᠭᠳᠠ ᠢᠢᠨ ᠲᠦᠪᠡᠷᠭᠡᠨ︾ ᠢ ᠬᠦᠭᠵᠢᠮᠳᠡᠵᠦ᠂ ᠮᠤᠷᠢᠨ ᠬᠤᠭᠤᠷ ᠤᠨ ᠦᠪᠡᠷᠮᠢᠴᠡ ᠳᠠᠳᠠᠯᠭ᠎ᠠ ᠪᠤᠯᠤᠨ ᠤᠶᠠᠩᠭᠠᠳᠦ ᠡᠭᠡᠰᠢᠭ ᠦᠵᠡᠭᠴᠢ ᠤᠯᠠᠨ ᠤ ᠪᠠᠬ᠎ᠠ ᠶᠢ ᠳᠠᠳᠠᠵᠦ ᠤᠷᠮ᠎ᠠ ᠶᠢ ᠬᠦᠭᠵᠢᠬᠡᠪᠡ᠃   ᠲᠤᠰ ᠬᠤᠭᠤᠴᠠᠭᠠᠨ ᠤ ᠢᠵᠠᠭᠤᠷ ᠠᠷᠠᠳ ᠤᠨ ᠳᠠᠭᠤᠤ ᠢᠢᠨ ᠨᠠᠶᠢᠷ ᠨᠢ ᠮᠠᠨ ᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠤᠨ ᠪᠤᠰᠤᠳ ᠦᠨᠳᠦᠰᠦᠲᠡᠨ ᠤ ᠰᠢᠯᠢᠳᠡᠭ ᠰᠠᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠲᠠᠢ ᠬᠠᠷᠢᠯᠴᠠᠨ ᠰᠣᠯᠢᠯᠴᠠᠵᠤ ᠲᠤᠷᠰᠢᠯᠭ᠎ᠠ ᠬᠤᠷᠠᠮᠳᠤᠭᠤᠯᠤᠨ᠂ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷ᠎ᠡ ᠠᠯᠳᠠᠷᠰᠢᠯ᠂ ᠨᠥᠯᠥᠭᠡᠯᠡᠬᠦ ᠬᠦᠴᠦᠨ ᠵᠢᠴᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠶᠢᠨ ᠲᠣᠬᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号