ᠪᠣᠳᠠᠰ ᠤᠨ ᠪᠤᠰᠤ ᠰᠣᠶᠣᠯ ᠤᠨ ᠥᠪ ᠬᠥᠮᠦᠰ ᠤᠨ ᠰᠡᠳᠭᠢᠯ ᠢ ᠲᠠᠲᠠᠨᠠᠮ
ᠨᠡᠶᠢᠲᠡᠯᠡᠭᠰᠡᠨ ᠴᠠᠭ᠄
2024/2/27
   ᠳᠤᠮᠳᠠᠳᠤ ᠶᠢᠨ ᠦᠨᠳᠦᠰᠦᠲᠡᠨ ᠤ ᠤᠶᠤᠨ ᠤᠬᠠᠭᠠᠨ ᠪᠣᠯᠤᠨ ᠪᠣᠯᠪᠠᠰᠤᠨ ᠤ ᠲᠠᠯᠠᠰᠳᠤ ᠪᠣᠯᠤᠭᠰᠠᠨ ᠤ ᠬᠤᠪᠢ ᠳᠤ᠂ ᠪᠣᠳᠠᠰ ᠤᠨ ᠪᠤᠰᠤ ᠰᠣᠶᠣᠯ ᠤᠨ ᠥᠪ ᠪᠣᠯ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ᠂ ᠡᠷᠬᠡᠪᠰᠢ ᠰᠠᠶᠢᠲᠤᠷ ᠵᠠᠯᠭᠠᠮᠵᠢᠯᠠᠵᠤ᠂ ᠰᠠᠶᠢᠲᠤᠷ ᠬᠠᠮᠠᠭᠠᠯᠠᠬᠤ ᠬᠡᠷᠡᠭᠲᠡᠢ᠃    ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ᠂ ᠦᠶ᠎ᠡ ᠤᠯᠠᠷᠢᠨ ᠤᠯᠠᠮᠵᠢᠯᠠᠭᠳᠠᠨ᠎ᠠ᠃ ᠵᠦᠪᠬᠡᠨ ᠤᠯᠠᠮᠵᠢᠯᠠᠨ ᠵᠠᠯᠭᠠᠮᠵᠢᠯᠠᠭᠴᠢ ᠶᠢ ᠢᠳᠡᠪᠬᠢᠲᠡᠶ ᠬᠦ᠋ᠮᠦᠵᠢᠭᠦᠯᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠨᠡᠩ ᠢᠯᠡᠭᠦᠦ ᠬᠥᠮᠦᠰ ᠤᠨ ᠰᠡᠳᠭᠢᠯ ᠢ ᠲᠠᠲᠠᠮ᠎ᠠ ᠭᠢᠯᠪᠠᠭ᠎ᠠ ᠰᠠᠴᠤᠷᠠᠭᠤᠯᠵᠤ ᠴᠢᠳᠠᠨ᠎ᠠ᠃ ᠸᠠᠩ ᠵᠢᠶᠠᠨ ᠶᠦᠩ ᠱᠠᠭᠠᠵᠠᠩ ᠰᠡᠶᠢᠯᠬᠦ ᠤᠷ᠎ᠠ ᠮᠡᠷᠭᠡᠵᠢᠯ ᠢ ᠪᠠᠳᠠᠷᠠᠭᠤᠯᠤᠨ ᠳᠡᠯᠭᠡᠷᠡᠭᠦᠯᠬᠦ ᠶᠢᠨ ᠲᠥᠯᠥᠭᠡ᠂ ᠪᠣᠯᠪᠠᠰᠤᠷᠠᠯ ᠤᠨ ᠲᠥᠪ ᠪᠠᠶᠢᠭᠤᠯᠬᠤ ᠶᠢᠨ ᠬᠠᠮᠲᠤ ᠰᠤᠷᠭᠠᠭᠤᠯᠢ ᠶᠢᠨ ᠬᠦᠷᠢᠶ᠎ᠡ ᠪᠣᠯᠤᠨ ᠨᠡᠶᠢᠭᠡᠮ ᠲᠣᠭᠤᠷᠢᠭ ᠲᠤ ᠬᠦᠷᠴᠦ᠂ ᠨᠡᠩ ᠤᠯᠠᠨ ᠬᠥᠮᠦᠰ ᠲᠤ ᠱᠠᠭᠠᠵᠠᠩ ᠰᠡᠶᠢᠯᠬᠦ ᠤᠯᠠᠮᠵᠢᠯᠠᠯᠲᠤ ᠤᠷ᠎ᠠ ᠮᠡᠷᠭᠡᠵᠢᠯ ᠢ ᠣᠶᠢᠯᠠᠭᠠᠭᠤᠯᠵᠤ᠂ ᠪᠠᠭ᠋ᠠᠳᠠᠢ ᠪᠤᠯᠭᠠᠬᠤ ᠶᠢᠨ ᠬᠠᠮᠲᠤ ᠱᠠᠭᠠᠵᠠᠩ ᠰᠡᠶᠢᠯᠬᠦ ᠤᠯᠠᠮᠵᠢᠯᠠᠯᠲᠤ ᠤᠷ᠎ᠠ ᠮᠡᠷᠭᠡᠵᠢᠯ ᠤᠨ ᠠᠵᠢᠯ ᠢ ᠦᠪᠯᠡᠨ ᠵᠠᠯᠭᠠᠮᠵᠢᠯᠠᠵᠦ ᠬᠢᠯᠭᠡᠬᠦ ᠪᠠᠷ ᠴᠢᠷᠮᠠᠶᠢᠵᠤ ᠪᠤᠢ᠃ ᠪᠤᠰᠤᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠶᠢ ᠠᠵᠢᠭᠯᠠᠪᠠᠯ᠂ ᠲᠡᠳᠡ ᠪᠠᠰᠠ ᠸᠠᠩ ᠵᠢᠶᠠᠨ ᠶᠦᠩ ᠲᠠᠢ ᠠᠳᠠᠯᠢ ᠪᠠᠷ ᠤᠯᠠᠮᠵᠢᠯᠠᠬᠤ ᠪᠠᠷ ᠬᠠᠷᠢᠭᠤᠴᠠᠯᠭ᠎ᠠ ᠪᠠᠨ ᠪᠣᠯᠭᠠᠵᠤ᠂ ᠴᠢᠳᠠᠯ ᠤᠨ ᠢᠶᠠᠨ ᠬᠢᠷᠢ ᠪᠠᠷ ᠵᠠᠯᠠᠭᠤ ᠤᠯᠠᠮᠵᠢᠯᠠᠭᠴᠢ ᠶᠢ ᠡᠷᠢᠳᠡᠭ᠃ ᠴᠢᠪᠬᠠᠳᠠᠰᠤᠲᠤ ᠳᠠᠭᠤᠤ ᠬᠦᠭᠵᠢᠮ ᠢᠶᠠᠨ ᠵᠣᠭᠰᠣᠯ ᠦᠭᠡᠶ ᠳᠠᠭᠤᠯᠠᠨ ᠬᠦᠭᠵᠢᠮᠳᠡᠵᠤ᠂ ᠥᠨᠢ ᠤᠳᠠᠭᠠᠨ ᠤᠯᠠᠮᠵᠢᠯᠠᠯ ᠤᠨ ᠳᠤᠮᠳᠠ ᠤᠯᠠᠮᠵᠢᠯᠠᠯᠲᠤ ᠰᠣᠶᠣᠯ ᠤᠨ ᠦᠨᠦᠷ ᠠᠮᠲᠠ ᠤᠯᠠᠮ ᠢᠶᠠᠷ ᠵᠤᠵᠠᠭᠠᠷᠠᠵᠠᠶ᠃   ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠶᠢᠨ ᠭᠤᠣᠯᠳᠠᠯᠭ᠎ᠠ ᠨᠢ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠵᠤ᠂ ᠤᠳᠤ ᠦᠶ᠎ᠡ ᠶᠢᠨ ᠦᠨ᠎ᠡ ᠦᠷᠳᠡᠭ ᠢ ᠢᠯᠡᠷᠡᠭᠦᠯᠵᠤ᠂ ᠪᠣᠯᠪᠠᠰᠤᠨ ᠨᠤᠲᠤᠭ ᠤᠨ ᠬᠡᠪ ᠰᠤᠷᠲᠠᠯ ᠢ ᠬᠠᠳᠠᠭᠠᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠨᠢᠭᠲᠠᠷᠠᠭᠤᠯᠬᠤ ᠳᠤ ᠪᠤᠢ᠃ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠠᠬᠢᠭᠤᠯᠬᠤ ᠳᠤ ᠤᠯᠠᠮᠵᠢᠯᠠᠯ ᠪᠠ ᠤᠳᠤ ᠦᠶ᠎ᠡ᠂ ᠵᠠᠯᠭᠠᠮᠵᠢᠯᠠᠬᠤ ᠪᠠ ᠬᠥᠭᠵᠢᠭᠦᠯᠬᠦ᠂ ᠬᠠᠮᠠᠭᠠᠯᠠᠬᠤ ᠪᠠ ᠠᠰᠢᠭᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠢ ᠪᠠᠶᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠲᠦᠭᠡᠭᠳᠡᠬᠦᠨ ᠪᠠ ᠲᠣᠭᠯᠠᠯᠲᠠ ᠶᠢᠨ ᠤᠷᠠᠯᠢᠭ ᠤᠨ ᠪᠦᠲᠦᠭᠡᠯ ᠢ ᠪᠣᠶ ᠪᠣᠯᠭᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠤᠨᠴᠠᠯᠢᠭᠳᠤ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠᠷ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠬᠡᠵᠤ ᠪᠠᠶᠢᠨ᠎ᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤ ᠪᠣᠳᠠᠰ ᠤᠨ ᠪᠤᠰᠤ ᠰᠣᠶᠣᠯ ᠤᠨ ᠥᠪ ᠶᠠᠭ ᠥᠪᠡᠷᠮᠢᠴᠡ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ ︽ᠪᠣᠳᠠᠰ ᠤᠨ ᠪᠤᠰᠤ ᠰᠣᠶᠣᠯ ᠤᠨ ᠥᠪ ᠤᠨ + ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠲᠦᠰᠢᠭᠯᠡᠨ᠂ ᠣᠯᠠᠨ ᠲᠦᠮᠡᠨ ᠤ ᠬᠡᠷ ᠤᠨ ᠢᠶᠠᠨ ᠡᠭᠦᠳᠡᠨ ᠳᠤ ᠠᠵᠢᠯ ᠤᠯᠬᠤ ᠶᠢ ᠪᠡᠶᠡᠯᠡᠭᠦᠯᠦᠨ᠎ᠡ︔ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ ᠶᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠵᠦ ᠠᠵᠢᠯ ᠣᠯᠭᠤᠬᠤ ᠦᠢᠯᠡᠳᠭᠡᠯ ᠤᠨ ᠭᠠᠵᠠᠷ ᠪᠠᠶᠢᠭᠤᠯᠤᠨ᠂ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠶᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠦᠢᠯᠡᠳᠭᠡᠯ ᠤᠨ ᠭᠠᠵᠠᠷ ᠤᠨ ᠦᠢᠯᠡᠳᠬᠦᠨ ᠲᠠᠨᠢᠯᠴᠠᠭᠤᠯᠬᠤ ᠶᠢ ᠵᠣᠷᠢᠭᠵᠢᠭᠤᠯᠤᠨ᠎ᠠ᠃    ᠢᠷᠡᠭᠡᠳᠦᠢ ᠳᠤ᠂ ᠰᠢᠰᠲᠤᠮ ᠤᠨ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠬᠤ ᠮᠥᠷᠲᠡᠭᠡᠨ ᠪᠠᠰᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠂ ᠢᠩᠭᠢᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠬᠦ᠂ ᠰᠣᠶᠣᠯ ᠤᠨ ᠢᠲᠡᠭᠡᠯ ᠢ ᠪᠠᠲᠤᠳᠬᠠᠬᠤ ᠳᠤ ᠴᠢᠬᠤᠯᠠ ᠤᠶᠤᠨ ᠰᠠᠨᠠᠭᠠᠨ ᠤ ᠲᠤᠯᠭᠠᠭᠤᠷᠢᠯᠠᠯ ᠬᠠᠩᠭᠠᠵᠤ ᠴᠢᠳᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号