ᠪᠦᠬᠦ ᠤᠷᠤᠨ ᠤ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠭᠠᠶᠢᠯᠢ ᠰᠦᠢᠳᠭᠡᠯ ᠢ ᠬᠦᠩᠬᠡᠯᠡᠵᠤ ᠪᠠᠭᠤᠷᠠᠭᠤᠯᠤᠭᠰᠠᠨ ᠬᠡᠮᠵᠢᠶ᠎ᠠ 4436 ᠲᠦᠮᠡᠨ ᠲᠥᠭᠦᠷᠢᠭ ᠢ ᠲᠠᠪᠠᠪᠠ
ᠨᠡᠶᠢᠲᠡᠯᠡᠭᠰᠡᠨ ᠴᠠᠭ᠄
2024/2/27
    ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠯᠦᠭᠡ ᠶᠢᠨ ᠬᠠᠷᠢᠯᠴᠠᠭ᠎ᠠ ᠪᠠᠨ ᠨᠢᠭᠳᠠᠷᠠᠭᠤᠯᠤᠨ᠂ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠬᠤ ᠲᠥᠷᠥ ᠶᠢᠨ ᠪᠣᠳᠣᠯᠭ᠎ᠠ ᠢᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠵᠤ᠂ 2023 ᠣᠨ ᠳᠤ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠭᠠᠶᠢᠯᠢ ᠰᠦᠢᠳᠭᠡᠯ ᠢ ᠬᠦᠩᠬᠡᠯᠡᠵᠤ ᠪᠠᠭᠤᠷᠠᠭᠤᠯᠤᠭᠰᠠᠨ ᠬᠡᠮᠵᠢᠶ᠎ᠠ 4436.33 ᠲᠦᠮᠡᠨ ᠲᠥᠭᠦᠷᠢᠭ ᠲᠤ ᠬᠦᠷᠴᠠᠢ᠃    ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢᠭᠡ ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠂ ᠲᠤᠰᠬᠠᠶ ᠬᠥᠮᠦᠨ ᠲᠤᠬᠢᠷᠠᠭᠤᠯᠤᠨ ᠠᠵᠢᠯ ᠲᠥᠷᠥᠯ ᠤᠨ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠬᠤ ᠠᠵᠢᠯ ᠢ ᠬᠠᠷᠢᠭᠤᠴᠠᠭᠤᠯᠵᠤ᠂ ᠠᠵᠢᠯ ᠤᠨ ᠮᠡᠳᠡᠭᠳᠡᠯ ᠲᠣᠭᠲᠠᠭᠠᠨ ᠪᠠᠭᠤᠯᠭᠠᠵᠤ᠂ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠂ ᠮᠡᠳᠡᠭᠦᠯᠦᠨ ᠬᠦᠷᠭᠡᠬᠦ ᠠᠭᠤᠯᠭ᠎ᠠ᠂ ᠮᠡᠳᠡᠭᠦᠯᠦᠨ ᠬᠦᠷᠭᠡᠬᠦ ᠱᠠᠭᠠᠷᠳᠠᠯᠭ᠎ᠠ ᠢᠢ ᠨᠠᠷᠢᠯᠢᠬᠵᠢᠭᠤᠯᠬᠤ ᠶᠢᠨ ᠬᠠᠮᠳᠤ ᠠᠵᠢᠯ ᠤᠨ ᠰᠣᠯᠢᠯᠴᠠᠭᠠᠨ ᠤ ᠪᠦᠯᠬᠦᠮ ᠪᠠᠶᠢᠭᠤᠯᠵᠤ᠂ ᠠᠵᠢᠯ ᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠳᠠᠮᠵᠢᠭᠤᠯᠤᠨ ᠠᠩᠬᠠᠷᠬᠤ ᠵᠦᠢᠯᠡᠰ ᠢ ᠰᠠᠨᠠᠭᠤᠯᠵᠤ᠂ ᠨᠡᠶᠢᠲᠡᠴᠢ ᠴᠢᠨᠠᠷᠲᠠᠶ ᠠᠰᠠᠭᠤᠳᠠᠯ ᠳᠤ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠮᠡᠳᠡᠪᠡᠰᠦ ᠵᠣᠬᠢᠬᠤ ᠲᠥᠷᠥ ᠶᠢᠨ ᠪᠣᠳᠣᠯᠭ᠎ᠠ ᠢᠢ ᠪᠦᠬᠦᠨ ᠢ ᠮᠡᠳᠡᠬᠦ᠂ ᠡᠳ᠋ᠯᠡᠪᠡᠰᠦ ᠵᠣᠬᠢᠬᠤ ᠠᠰᠢᠭ ᠢ ᠪᠦᠬᠦᠨ ᠢ ᠡᠳ᠋ᠯᠡᠬᠦ ᠶᠢ ᠦᠨᠡᠨ ᠬᠦ ᠪᠠᠲᠤᠯᠠᠵᠠᠢ᠃ ᠨᠥᠭᠦᠭᠡ ᠲᠠᠯ᠎ᠠ ᠪᠠᠷ ᠰᠦᠯᠵᠢᠶᠡᠨ ᠤ ᠪᠠᠶᠢᠴᠠᠭᠠᠯᠲᠠ ᠬᠢᠬᠦ᠂ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠡᠳ᠋ᠯᠡᠬᠦ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠡᠮᠬᠢᠯᠡᠨ ᠳᠢᠭᠯᠡᠵᠦ᠂ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠬᠤ ᠲᠥᠷᠥ ᠶᠢᠨ ᠪᠣᠳᠣᠯᠭ᠎ᠠ ᠢᠢ ᠬᠡᠷᠡᠭᠵᠢᠭᠦᠯᠦᠭᠰᠡᠨ ᠤ ᠳᠠᠷᠠᠭᠠᠬᠢ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠡᠭᠦᠷᠭᠡᠯᠡᠯ ᠤᠨ ᠬᠤᠪᠢᠷᠠᠯᠲᠠ ᠶᠢᠨ ᠪᠠᠶᠢᠳᠠᠯ ᠢ ᠰᠤᠳᠤᠯᠵᠤ᠂ ᠲᠤᠭ᠎ᠠ ᠪᠠᠶᠢᠳᠠᠯ ᠢ ᠲᠣᠳᠣᠷᠬᠠᠶ ᠪᠣᠯᠭᠠᠨ ᠣᠷᠣᠰᠢᠵᠤ ᠪᠠᠶᠢᠭ᠎ᠠ ᠪᠠᠭᠤᠷᠠᠢ ᠲᠠᠯ᠎ᠠ ᠳᠤ ᠬᠠᠨᠳᠤᠯᠭᠠᠲᠤ ᠴᠢᠨᠠᠷᠲᠠᠶ ᠵᠢᠯᠣᠭᠤᠳᠣᠯᠭ᠎ᠠ ᠬᠢᠬᠦ ᠶᠢᠨ ᠬᠠᠮᠳᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠰᠢᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠠᠵᠤ ᠠᠬᠤᠶᠢᠯᠠᠯ ᠢ ᠵᠢᠯᠣᠭᠤᠳᠤᠨ ᠲᠥᠷᠥ ᠶᠢᠨ ᠪᠣᠳᠣᠯᠭ᠎ᠠ ᠯᠤᠭ᠎ᠠ ᠨᠠᠷᠢᠨ ᠬᠢᠨᠠᠮᠠᠭᠠᠶ ᠬᠠᠷᠢᠴᠠᠭᠤᠯᠤᠨ ᠬᠢᠨᠠᠨ ᠬᠠᠷᠭᠤᠭᠤᠯᠵᠤ ᠪᠠᠶᠢᠭᠠᠳ ᠭᠤᠶᠤᠴᠢᠯᠠᠨ ᠮᠡᠳᠡᠭᠦᠯᠤᠯᠳᠡ ᠬᠢᠵᠤ᠂ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠬᠤ ᠲᠥᠷᠥ ᠶᠢᠨ ᠪᠣᠳᠣᠯᠭ᠎ᠠ ᠢᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号