ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠮᠤᠷ ᠲᠦᠪᠰᠢᠨ ᠤ ᠭᠡᠮ ᠰᠣᠭᠤᠭ ᠤᠨ ᠶᠡᠭᠡ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/2/28
  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠪᠠᠳᠠᠷᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠲᠣᠭᠲᠠᠭᠤᠨ᠂ ᠡᠮᠬᠢ ᠵᠢᠷᠤᠮ ᠲᠠᠢ᠂ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 2024 ᠣᠨ ᠤ 2 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠪᠡ᠃    ᠹᠦ᠋ ᠶᠢᠩ ᠵᠢᠶᠧ ᠰᠤᠷᠭᠠᠭᠤᠯᠢ ᠶᠢᠨ ᠵᠠᠬᠢᠷᠤᠯ ᠵᠢᠭᠰᠠᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠢ ᠳᠠᠭᠠᠭᠤᠯᠤᠨ ᠪᠦᠬᠦ᠋ᠢᠯᠡ ᠰᠤᠷᠭᠠᠭᠤᠯᠢ ᠶᠢᠨ ᠬᠦᠷᠢᠶ᠎ᠡ ᠶᠢ ᠨᠠᠷᠢᠨ ᠬᠢᠨᠠᠮᠠᠭᠠᠢ ᠲᠣᠭᠤᠷᠢᠨ ᠪᠠᠶᠢᠴᠠᠭᠠᠪᠠ᠃ ᠭᠤᠣᠯᠳᠠᠭᠤ ᠵᠢᠭᠠᠨ ᠰᠤᠷᠭᠠᠬᠤ ᠠᠰᠠᠷ᠂ ᠪᠠᠶᠢᠷᠢ ᠶᠢᠨ ᠠᠰᠠᠷ᠂ ᠬᠡᠦᠬᠡᠳ ᠤᠨ ᠴᠡᠴᠡᠷᠯᠢᠭ᠂ ᠭᠦᠸᠧᠯᠦ ᠶᠢᠨ ᠭᠡᠷ ᠵᠡᠷᠭᠡ ᠲᠠᠯᠠᠪᠤᠷ ᠭᠠᠵᠠᠷ ᠤᠨ ᠭᠡᠷ ᠤᠨ ᠳᠣᠲᠣᠨ᠎ᠠ ᠭᠠᠳᠠᠨᠠᠬᠢ ᠭᠠᠯ ᠤᠨᠲᠠᠷᠠᠭᠠᠬᠤ ᠪᠡᠯᠡᠳᠬᠡᠮᠵᠢ᠂ ᠭᠡᠷ ᠤᠨ ᠳᠣᠲᠣᠨ᠎ᠠ ᠭᠠᠳᠠᠨᠠᠬᠢ ᠴᠠᠬᠢᠯᠭᠠᠨ ᠬᠡᠷᠡᠭᠯᠡᠬᠦ ᠱᠤᠭᠤᠮ᠂ ᠠᠮᠤᠷ ᠲᠦᠪᠰᠢᠨ ᠢᠶᠠᠷ ᠲᠠᠷᠬᠠᠭᠠᠬᠤ ᠵᠠᠮ ᠵᠡᠷᠭᠡ ᠲᠠᠯ᠎ᠠ ᠪᠠᠷ ᠨᠠᠷᠢᠨ ᠨᠢᠮᠪᠠᠢ ᠠᠮᠤᠷ ᠲᠦᠪᠰᠢᠨ ᠤ ᠳᠠᠯᠳᠠ ᠭᠡᠮ ᠤᠨ ᠪᠠᠶᠢᠴᠠᠭᠠᠯᠲᠠ ᠬᠢᠨ᠎ᠡ᠃    ᠵᠢᠭᠰᠠᠭᠠᠨ ᠪᠠᠶᠢᠴᠠᠭᠠᠭᠰᠠᠨ ᠤ ᠳᠠᠷᠠᠭ᠎ᠠ᠂ ᠵᠢᠭᠰᠠᠭᠠᠨ ᠪᠠᠶᠢᠴᠠᠭᠠᠬᠤ ᠳᠤᠭᠤᠶᠢᠯᠠᠩ ᠢᠯᠡᠷᠡᠭᠦᠯᠦᠭᠰᠡᠨ ᠠᠰᠠᠭᠤᠳᠠᠯ ᠢ ᠨᠠᠷᠢᠨ ᠲᠣᠳᠣᠷᠬᠠᠢ ᠳᠠᠩᠰᠠᠯᠠᠨ ᠲᠡᠮᠳᠡᠭᠯᠡᠬᠦ ᠪᠠ ᠬᠤᠷᠢᠶᠠᠩᠭᠤᠶᠢᠯᠠᠬᠤ ᠶᠢᠨ ᠬᠠᠮᠲᠤ ᠠᠰᠠᠭᠤᠳᠠᠯ ᠳᠤ ᠴᠢᠭᠯᠡᠭᠦᠯᠦᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠵᠢᠯ ᠢ ᠦᠳᠲᠡᠷ ᠲᠦᠷᠭᠡᠨ ᠪᠠᠶᠢᠷᠢᠯᠠᠭᠤᠯᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠨᠢᠭᠡᠪᠦᠷᠢ ᠶᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号