ᠪᠦᠬᠦ ᠣᠷᠣᠨ ᠤ ᠵᠡᠮᠳᠡᠭᠴᠦᠳ ᠤᠨ ᠠᠵᠢᠯ ᠣᠯᠭᠤᠯᠲᠠ ᠶᠢᠨ ᠲᠤᠰᠬᠠᠢ ᠲᠠᠯᠠᠪᠠᠢ ᠤᠷᠢᠨ ᠡᠯᠰᠡᠬᠦ ᠴᠤᠬᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/2/28
    ᠤᠶᠢᠷ᠎ᠠ ᠳᠤ ᠪᠦᠬᠦ ᠣᠷᠣᠨ ᠤ ᠵᠡᠮᠳᠡᠭᠴᠦᠳ ᠤᠨ ᠠᠵᠢᠯ ᠣᠯᠭᠤᠯᠲᠠ ᠶᠢᠨ ᠲᠤᠰᠬᠠᠢ ᠲᠠᠯᠠᠪᠤᠷ ᠤᠷᠢᠨ ᠡᠯᠰᠡᠬᠦ ᠴᠤᠬᠯᠠᠭᠠᠨ ᠬᠥᠬᠡᠬᠤᠲᠠ ᠳᠤ ᠶᠠᠪᠤᠭᠳᠠᠵᠤ᠂ 35 ᠠᠵᠤ ᠠᠬᠤᠶᠢᠯᠠᠯ ᠪᠦᠬᠦ ᠣᠷᠣᠨ ᠤ ᠠᠵᠢᠯ ᠣᠯᠬᠤ ᠨᠠᠰᠤᠨ ᠳᠠᠬᠢ ᠠᠵᠢᠯ ᠣᠯᠬᠤ ᠴᠢᠳᠠᠪᠤᠷᠢ ᠲᠠᠢ ᠪᠠ ᠠᠵᠢᠯ ᠣᠯᠬᠤ ᠬᠦᠰᠡᠯ ᠲᠠᠢ ᠵᠡᠮᠳᠡᠭᠴᠦᠳ ᠲᠤ 400 ᠭᠠᠷᠤᠢ ᠲᠤᠰᠬᠠᠢ ᠠᠵᠢᠯ ᠤᠨ ᠪᠠᠶᠢᠷᠢ ᠬᠠᠩᠭᠠᠵᠤ᠂ ᠵᠠᠭᠤ ᠭᠠᠷᠤᠢ ᠵᠡᠮᠳᠡᠭᠴᠦᠳ ᠳᠤᠬᠠᠢ ᠶᠢᠨ ᠳᠠᠯᠠᠪᠠᠢ ᠳᠤ ᠤᠷᠤᠯᠴᠠᠪᠠ᠃    ᠤᠷᠢᠨ ᠡᠯᠰᠡᠬᠦ ᠴᠤᠭᠯᠠᠭᠠᠨ ᠤ ᠲᠤᠬᠠᠢ ᠶᠢᠨ ᠳᠠᠯᠠᠪᠠᠢ ᠳᠤ᠂ ᠬᠠᠮᠢᠶ᠎ᠠ ᠪᠦᠬᠦᠢ ᠠᠵᠢᠯᠲᠠᠨ ᠠᠴᠠ ᠬᠥᠮᠥᠨ ᠬᠡᠷᠡᠭᠯᠡᠬᠦ ᠨᠢᠭᠡᠴᠢ ᠳᠤ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ︔ ᠰᠡᠳᠬᠢᠴᠡ ᠶᠢᠨ ᠵᠥᠪᠯᠡᠯᠭᠡ ᠥᠭᠬᠦ ᠲᠤᠰᠬᠠᠢ ᠣᠷᠣᠨ ᠭᠠᠷᠭᠠᠵᠤ᠂ ᠰᠡᠳᠬᠢᠴᠡ ᠶᠢᠨ ᠵᠥᠪᠯᠡᠯᠭᠡ ᠥᠭᠭᠦᠭᠴᠢ ᠠᠴᠠ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠵᠡᠮᠳᠡᠭᠴᠦᠳ ᠢ ᠬᠠᠪᠰᠤᠷᠤᠨ ᠠᠵᠢᠯ ᠡᠷᠢᠬᠦ ᠶᠠᠪᠤᠴᠠ ᠳᠠᠬᠢ ᠰᠡᠳᠬᠢᠯ ᠤᠨ ᠳᠠᠷᠤᠭᠠᠰᠦ ᠶᠢ ᠨᠢ ᠬᠦᠩᠭᠡᠷᠡᠬᠦᠯᠵᠦ᠂ ᠲᠡᠳᠡᠨ ᠤ ᠠᠵᠢᠯ ᠡᠷᠢᠬᠦ ᠶᠠᠪᠤᠴᠠ ᠳᠠᠬᠢ ᠬᠦᠴᠢᠷᠳᠡᠯ ᠪᠠ ᠥᠷᠢᠰᠦᠯᠳᠦᠭᠡᠨ ᠳᠤ ᠢᠳᠡᠪᠬᠢᠲᠡᠢ ᠬᠠᠨᠳᠤᠬᠤ ᠶᠢ ᠵᠣᠷᠢᠭᠵᠢᠭᠤᠯᠵᠠᠢ᠃ ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷ᠎ᠡ ᠪᠠ ᠲᠤᠬᠠᠢ ᠶᠢᠨ ᠳᠠᠯᠠᠪᠠᠢ ᠳᠤ ᠵᠡᠷᠭᠡ ᠪᠠᠷ ᠥᠷᠨᠢᠭᠦᠯᠵᠦ᠂ ᠰᠦᠯᠵᠢᠶᠡᠨ ᠳᠡᠭᠡᠷᠡᠬᠢ ᠤᠷᠢᠨ ᠡᠯᠰᠡᠬᠦ ᠴᠤᠭᠯᠠᠭᠠᠨ ᠢ ᠳᠤᠮᠳᠠᠳᠤ ᠤᠯᠤᠰ ᠤᠨ ᠵᠡᠮᠳᠡᠭᠴᠦᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠰᠦᠯᠵᠢᠶᠡᠨ ᠤ ᠦᠢᠯᠡᠴᠢᠯᠡᠭᠡᠨ ᠤ ᠲᠠᠪᠴᠠᠩ ᠳᠤ ᠨᠢᠭᠡ ᠰᠠᠷ᠎ᠠ ᠶᠢᠨ ᠬᠤᠭᠤᠴᠠᠭ᠎ᠠ ᠲᠠᠢ ᠤᠷᠢᠨ ᠡᠯᠰᠡᠬᠦ ᠲᠤᠰᠬᠠᠢ ᠰᠤᠪᠠᠭ ᠭᠠᠷᠭᠠᠬᠤ ᠶᠢᠨ ᠬᠠᠮᠲᠤ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠲᠠᠨᠢᠯᠴᠠᠭᠤᠯᠵᠦ᠂ ᠬᠥᠮᠥᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠢ ᠬᠠᠪᠰᠤᠷᠤᠨ ᠬᠠᠩᠭᠠᠯᠭ᠎ᠠ ᠬᠡᠷᠡᠭᠴᠡᠭᠡᠨ ᠤ ᠲᠠᠪᠴᠠᠩ ᠪᠠᠶᠢᠭᠤᠯᠵᠤ ᠥᠭᠪᠡ᠃ ᠲᠤᠬᠠᠢ ᠶᠢᠨ ᠳᠠᠯᠠᠪᠠᠢ ᠳᠠᠬᠢ ᠤᠷᠢᠨ ᠡᠯᠰᠡᠬᠦ ᠴᠤᠭᠯᠠᠭᠠᠨ ᠳᠤ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠤᠰᠬᠠᠢ ᠣᠷᠣᠨ ᠭᠠᠷᠭᠠᠵᠤ᠂ ᠵᠡᠮᠳᠡᠭ ᠣᠶᠤᠲᠠᠳ ᠤᠨ ᠨᠠᠩ ᠴᠢᠨᠠᠷ ᠰᠠᠶᠢᠲᠠᠢ ᠪᠥᠭᠡᠳ ᠲᠣᠭᠲᠠᠪᠤᠷᠢᠲᠠᠢ ᠠᠵᠢᠯ ᠤᠯᠬᠤ ᠳᠤ ᠳᠡᠮᠵᠢᠯᠭᠡ ᠬᠠᠩᠭᠠᠵᠠᠢ᠃    ᠣᠶᠢᠯᠠᠭᠠᠭᠰᠠᠨ ᠢᠶᠠᠷ᠂ ᠮᠠᠨ ᠤ ᠤᠷᠤᠨ ᠳᠤ ᠣᠲᠣ ᠠᠵᠢᠯ ᠣᠯᠬᠤ ᠨᠠᠰᠤᠨ ᠳᠠᠬᠢ ᠵᠡᠮᠳᠡᠭᠴᠤᠳ 35.4 ᠲᠦᠮᠡ ᠪᠠᠶᠢᠵᠤ᠂ ᠨᠢᠭᠡᠨᠲᠡ 19.2 ᠲᠦᠮᠡᠨ ᠵᠡᠮᠳᠡᠭᠴᠦᠳ ᠬᠠᠷᠢᠴᠠᠯ ᠶᠣᠰᠣᠭᠠᠷ ᠠᠵᠢᠯ ᠣᠯᠭᠤᠬᠤ᠂ ᠲᠥᠪᠯᠡᠷᠡᠭᠦᠯᠦᠨ ᠠᠵᠢᠯ ᠣᠯᠭᠤᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯ ᠣᠯᠭᠤᠬᠤ ᠵᠡᠷᠭᠡ ᠠᠷᠭ᠎ᠠ ᠮᠠᠶ᠋ᠢᠭ ᠲᠤ ᠲᠦᠰᠢᠭᠯᠡᠨ ᠠᠵᠢᠯ ᠣᠯᠵᠤ᠂ ᠠᠵᠢᠯ ᠣᠯᠣᠭᠰᠠᠨ ᠨᠣᠷᠮ᠎ᠠ ᠨᠢ 54% ᠳᠤ ᠬᠦᠷᠴᠡᠢ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022 — 2024 ᠣᠨ︶︾ ᠳᠠᠬᠢ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠵᠡᠮᠳᠡᠭᠴᠦᠳ ᠲᠤ ᠠᠵᠢᠯ ᠣᠯᠭᠤᠬᠤ ᠠᠵᠢᠯᠯᠠᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠡᠭᠡ ᠬᠠᠶᠢᠷ᠎ᠠ ᠶᠢᠨ ᠤᠮᠠᠷᠠᠲᠤ ᠬᠢᠯᠢ · ᠠᠵᠢᠯ ᠤᠯᠵᠦ ᠥᠪᠡᠷ ᠢ ᠪᠠᠨ ᠬᠦᠴᠦᠷᠬᠡᠭᠵᠢᠭᠦᠯᠬᠦ︾ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠲᠦᠷᠦᠯ ᠲᠡᠮᠳᠡᠭ ᠢ ᠡᠭᠦᠳᠴᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠵᠡᠮᠳᠡᠭᠴᠦᠳ ᠢ ᠬᠠᠪᠰᠤᠷᠤᠨ ᠠᠵᠢᠯ ᠣᠯᠵᠤ ᠦᠢᠯᠡᠰ ᠪᠣᠰᠬᠠᠬᠤ ᠤᠷ᠎ᠠ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ ᠨᠡᠮᠡᠭᠳᠡᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号