ᠮᠠᠨ ᠤ ᠤᠷᠤᠨ ᠲᠥᠬᠦᠭᠡᠷᠦᠮᠵᠢᠳᠤ ᠲᠠᠷᠢᠮᠠᠯ ᠤᠨ ᠦᠢᠯᠡᠰ ᠤᠨ ᠱᠠᠩᠨᠠᠯ ᠨᠥᠬᠦᠪᠥᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠪᠠ
ᠨᠡᠶᠢᠲᠡᠯᠡᠭᠰᠡᠨ ᠴᠠᠭ᠄
2024/2/28
   ᠤᠶᠢᠷ᠎ᠠ ᠳᠤ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠳᠤᠷᠠᠨ 4 ᠪᠠᠶᠢᠴᠠᠭᠠᠬᠤ ᠳᠤᠭᠤᠶᠢᠯᠠᠩ ᠳᠤᠬᠢᠷᠠᠭᠤᠯᠤᠨ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠪᠠ ᠤᠯᠠᠭᠠᠨᠬᠠᠳᠠ ᠬᠤᠲᠠ ᠳᠤ ᠬᠦᠷᠴᠦ᠂ 2023 ᠣᠨ ᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠲᠥᠬᠦᠭᠡᠷᠦᠮᠵᠢᠳᠤ ᠲᠠᠷᠢᠮᠠᠯ ᠤᠨ ᠦᠢᠯᠡᠰ ᠤᠨ ᠤᠳᠤᠬᠢᠴᠢᠯᠠᠯᠳᠠ ᠶᠢᠨ ᠲᠦᠪᠰᠢᠨ ᠢ ᠲᠠᠬᠡᠭᠰᠢᠯᠡᠬᠦᠯᠬᠦ ᠠᠵᠢᠯᠯᠠᠭᠠᠨ ᠤ ᠱᠠᠩᠨᠠᠯ ᠨᠦᠭᠦᠪᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠪᠠ᠃   ᠡᠯ᠎ᠡ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠯᠳᠠ ᠬᠢᠭᠦ᠂ ᠲᠤᠬᠠᠢ ᠶᠢᠨ ᠭᠠᠵᠠᠷ ᠲᠤ ᠬᠦᠷᠴᠦ ᠰᠤᠷᠪᠤᠯᠵᠢᠯᠠᠨ ᠠᠰᠠᠭᠤᠬᠤ ᠵᠡᠷᠭᠡ ᠠᠷᠭ᠎ᠠ ᠪᠠᠷ ᠳᠠᠮᠵᠢᠨ 2023 ᠣᠨ ᠤ ᠲᠦᠭᠦᠭᠡᠷᠦᠮᠵᠢᠲᠦ ᠲᠠᠷᠢᠮᠠᠯ ᠤᠨ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠲᠠᠬᠡᠭᠰᠢᠯᠡᠬᠦᠯᠬᠦ ᠠᠵᠢᠯᠯᠠᠭᠠᠨ ᠤ ᠱᠠᠩᠨᠠᠯ ᠨᠦᠭᠦᠪᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳ᠋ᠤ᠋ ᠪᠠᠶᠢᠴᠠᠭᠠᠯᠲᠠ ᠬᠢᠵᠦ᠂ ᠱᠠᠩᠨᠠᠯ ᠨᠦᠭᠦᠪᠦᠷᠢ ᠪᠠᠷ ᠬᠤᠳᠠᠯᠳᠤᠨ ᠠᠪᠤᠭᠰᠠᠨ ᠳᠤᠨᠤᠭ ᠲᠦᠭᠦᠭᠡᠷᠦᠮᠵᠢ ᠪᠠ ᠲᠠᠷᠢᠵᠤ ᠤᠷᠭᠤᠭᠤᠯᠤᠭᠰᠠᠨ ᠪᠠᠶᠢᠳᠠᠯ ᠢ ᠣᠶᠢᠯᠠᠭᠠᠪᠠ᠃ ᠲᠤᠬᠠᠢ ᠶᠢᠨ ᠲᠠᠯᠠᠪᠤᠷ ᠲᠤ ᠪᠠᠰᠠ ᠱᠠᠩᠨᠠᠯ ᠨᠦᠭᠦᠪᠦᠷᠢ ᠤᠯᠭᠤᠬᠰᠠᠨ ᠭᠤᠣᠯ ᠴᠣᠭᠴᠠ ᠶᠢᠨ ᠪᠣᠳᠠᠲᠠᠢ ᠪᠠᠶᠢᠳᠠᠯ ᠵᠢᠴᠢ ᠱᠠᠩᠨᠠᠯ ᠨᠦᠭᠦᠪᠦᠷᠢ ᠶᠢ ᠭᠤᠶᠤᠴᠢᠯᠠᠭᠰᠠᠨ ᠪᠠ ᠲᠠᠷᠢᠵᠤ ᠤᠷᠭᠤᠭᠤᠯᠬᠤ ᠪᠠᠶᠢᠳᠠᠯ ᠢ ᠣᠶᠢᠯᠠᠭᠠᠵᠤ᠂ ᠱᠠᠩᠨᠠᠯ ᠨᠦᠭᠦᠪᠦᠷᠢ ᠶᠢ ᠭᠤᠶᠤᠴᠢᠯᠠᠨ ᠮᠡᠳᠡᠭᠦᠯᠦᠭᠰᠡᠨ ᠭᠡᠷᠡᠴᠢ ᠮᠠᠲ᠋ᠧᠷᠢᠶᠠᠯ ᠤᠨ ᠤᠭ ᠮᠠᠲ᠋ᠧᠷᠢᠶᠠᠯ ᠵᠡᠷᠭᠡ ᠶᠢ ᠰᠤᠭᠤᠴᠢᠨ ᠪᠠᠶᠢᠴᠠᠭᠠᠵᠠᠢ᠃ ᠣᠳᠣᠬᠠᠨ ᠳ᠋ᠤ᠋ ᠡᠯ᠎ᠡ ᠪᠠᠶᠢᠴᠠᠭᠠᠬᠤ ᠳᠤᠭᠤᠶᠢᠯᠠᠩ ᠤᠨ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠬᠤ ᠠᠵᠢᠯ ᠨᠢᠭᠡᠨᠲᠡ ᠲᠠᠭᠤᠰᠴᠦ᠂ ᠲᠤᠰ ᠤᠳᠠᠭ᠎ᠠ ᠶᠢᠨ ᠪᠠᠶᠢᠴᠠᠭᠠᠯᠲᠠ ᠪᠠᠷ ᠳᠠᠮᠵᠢᠨ ᠲᠦᠭᠦᠭᠡᠷᠦᠮᠵᠢᠲᠦ ᠲᠠᠷᠢᠮᠠᠯ ᠤᠨ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠲᠡᠬᠡᠭᠰᠢᠯᠡᠬᠦᠯᠬᠦ ᠠᠵᠢᠯᠯᠠᠭᠠᠨ ᠤ ᠱᠠᠩᠨᠠᠯ ᠨᠦᠭᠦᠪᠦᠷᠢ ᠤᠯᠭᠤᠬᠤ ᠠᠵᠢᠯ ᠢ ᠨᠡᠩ ᠵᠢᠷᠤᠮᠵᠢᠭᠤᠨ ᠪᠥᠭᠡᠳ ᠵᠦᠢ ᠵᠣᠬᠢᠰᠲᠠᠢ ᠪᠤᠯᠭᠠᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠴᠢᠨᠠᠭᠰᠢᠳᠠ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号