2023 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/3/11
ᠬᠤᠰᠢᠭᠤᠨ ᠤ ᠰᠢᠭᠤᠳ ᠬᠠᠷᠢᠶ᠎ᠠ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠄    ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢ᠊ ᠡᠶ᠎ᠡ ᠶᠢᠨ ︽ᠨᠡᠶᠢᠭᠡᠮ ᠤᠨ ᠪᠦᠯᠬᠦᠮ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠳᠦᠷᠢᠮ︾᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠳᠠᠩᠰᠠᠯᠠᠨ ᠬᠠᠮᠢᠶᠠᠷᠬᠤ ᠲᠦᠷ ᠬᠡᠷᠡᠭᠵᠢᠭᠦᠯᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠡᠳᠦᠭᠡ 2023 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠣᠨ ᠤ ᠰᠢᠯᠭᠠᠯᠲᠠ ᠶᠢᠨ ᠡᠲᠡᠭᠡᠳ    2023 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ ᠬᠠᠤᠯᠢ ᠶᠣᠰᠣᠭᠠᠷ ᠳᠠᠩᠰᠠᠯᠠᠭᠤᠯᠤᠭᠰᠠᠨ ᠨᠡᠶᠢᠭᠡᠮ ᠤᠨ ᠪᠦᠯᠬᠦᠮ ᠵᠢᠴᠢ 2023 ᠣᠨ ᠤ 6 ᠰᠠᠷ᠎ᠠ ᠶᠢᠨ 30᠎ ᠤ ᠡᠳᠦᠷ ᠠᠴᠠ ᠡᠮᠦᠨ᠎ᠡ ᠬᠠᠤᠯᠢ ᠶᠣᠰᠣᠭᠠᠷ ᠳᠠᠩᠰᠠᠯᠠᠭᠤᠯᠤᠭᠰᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠴᠥᠮ ᠣᠨ ᠤ ᠪᠠᠶᠢᠴᠠᠭᠠᠯᠲᠠ ᠳᠤ ᠣᠷᠣᠯᠴᠠᠬᠤ ᠬᠡᠷᠡᠭᠲᠡᠢ᠃    ᠬᠤᠶᠠᠷ᠂ ᠣᠨ ᠤ ᠪᠠᠶᠢᠴᠠᠭᠠᠯᠲᠠ ᠶᠢᠨ ᠴᠠᠭ ᠬᠤᠭᠤᠴᠠᠭ᠎ᠠ    ︵ᠨᠢᠭᠡ︶ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠣᠨ ᠤ ᠪᠠᠶᠢᠴᠠᠭᠠᠯᠲᠠ ᠶᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠤᠨ ᠴᠠᠭ ᠨᠢ 2024 ᠣᠨ ᠤ 3 ᠳ᠋ᠤᠭᠠᠷ ᠰᠠᠷ᠎ᠠ ᠶᠢᠨ 8᠎ ᠤ ᠡᠳᠦᠷ ᠠᠴᠠ 6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ ᠶᠠᠪᠤᠭᠳᠠᠨ᠎ᠠ᠃    ︵ᠬᠤᠶᠠᠷ︶ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠶᠢ ᠪᠡᠶᠡᠯᠡᠭᠦᠯᠬᠦ ᠴᠠᠭ᠄ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠡᠷᠬᠡᠪᠰᠢ 4 ᠰᠠᠷ᠎ᠠ ᠶᠢᠨ 30᠎ ᠤ ᠡᠳᠦᠷ ᠠᠴᠠ ᠡᠮᠦᠨ᠎ᠡ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ 15 ᠠᠵᠢᠯ ᠢ ᠪᠡᠶᠡᠯᠡᠭᠦᠯᠦᠭᠰᠡᠨ ᠤ ᠳᠠᠷᠠᠭ᠎ᠠ ᠰᠦᠯᠵᠢᠶᠡᠨ ᠳᠡᠭᠡᠷ᠎ᠡ ᠰᠠᠨᠠᠯ ᠢᠶᠠᠨ ᠬᠠᠷᠢᠭᠤ ᠲᠤᠰᠬᠠᠭᠰᠠᠨ ᠪᠠᠶᠢᠳᠠᠯ ᠢ ᠪᠠᠶᠢᠴᠠᠭᠠᠨ ᠦᠵᠡᠪᠡ᠃ ᠬᠠᠷᠢᠭᠤ ᠲᠤᠰᠬᠠᠭᠰᠠᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠭᠰᠡᠨ ᠦᠭᠡᠢ ᠠᠴᠠ ᠪᠣᠯᠵᠤ ᠣᠨ ᠤ ᠪᠠᠶᠢᠴᠠᠭᠠᠯᠲᠠ ᠶᠢᠨ ᠴᠠᠭᠠᠰᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢ ᠰᠠᠭᠠᠲᠠᠭᠠᠵᠤ᠂ ᠣᠨ ᠤ ᠪᠠᠶᠢᠴᠠᠭᠠᠯᠲᠠ ᠳᠤ ᠣᠷᠣᠯᠴᠠᠭᠰᠠᠨ ᠦᠭᠡᠢ ᠭᠡᠵᠦ ᠦᠵᠡᠨ᠎ᠡ᠃    ︵ᠭᠤᠷᠪᠠ︶ ᠬᠤᠭᠤᠴᠠᠭ᠎ᠠ ᠥᠩᠭᠡᠷᠡᠲᠡᠯ᠎ᠡ ᠳᠡᠭᠡᠭᠰᠢ ᠮᠡᠳᠡᠭᠦᠯᠦᠭᠰᠡᠨ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠨ ᠤ ᠪᠠᠶᠢᠴᠠᠭᠠᠯᠲᠠ ᠬᠢᠭᠰᠡᠨ ᠦᠭᠡᠢ᠂ ᠣᠨ ᠤ ᠪᠠᠶᠢᠴᠠᠭᠠᠯᠲᠠ ᠬᠢᠭᠰᠡᠨ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠲᠠ ᠳᠤ ᠣᠷᠣᠭᠤᠯᠵᠤ᠂ ᠦᠷᠭᠦᠯᠵᠢᠯᠡᠨ ᠬᠤᠶᠠᠷ ᠵᠢᠯ ᠣᠨ ᠤ ᠪᠠᠶᠢᠴᠠᠭᠠᠯᠲᠠ ᠬᠢᠭᠰᠡᠨ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠦᠴᠦᠨ ᠦᠭᠡᠢ ᠪᠣᠯᠭᠠᠵᠤ᠂ ᠢᠲᠡᠭᠡᠯ ᠢᠶᠠᠨ ᠠᠯᠳᠠᠭᠰᠠᠨ ᠬᠥᠮᠦᠰ ᠤᠨ ᠨᠡᠷᠡᠰ ᠲᠤ ᠵᠢᠭᠰᠠᠭᠠᠨ ᠣᠷᠣᠭᠤᠯᠤᠨ᠎ᠠ᠃    ᠭᠤᠷᠪᠠ᠂ ᠣᠨ ᠤ ᠪᠠᠶᠢᠴᠠᠭᠠᠯᠲᠠ ᠶᠢᠨ ᠠᠭᠤᠯᠭ᠎ᠠ ᠪᠠ ᠭᠤᠣᠯᠳᠠᠯᠭ᠎ᠠ    ᠡᠭᠦᠨ ᠳᠤ ᠭᠤᠣᠯᠳᠠᠭᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠪᠠᠶᠢᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠳᠠᠯ᠂ ᠠᠵᠢᠯᠲᠠᠨ ᠤ ᠬᠠᠮᠢᠶᠠᠷᠤᠯᠲᠠ ᠶᠢᠨ ᠪᠠᠶᠢᠳᠠᠯ᠂ ᠨᠡᠶᠢᠭᠡᠮ ᠤᠨ ᠦᠢᠯᠡᠴᠢᠯᠡᠭᠡ ᠳᠤ ᠣᠷᠣᠯᠴᠠᠭᠰᠠᠨ ᠪᠠᠶᠢᠳᠠᠯ᠂ ᠬᠢᠨᠠᠯᠲᠠ ᠬᠠᠮᠢᠶᠠᠷᠤᠯᠲᠠ ᠶᠢ ᠬᠦᠯᠢᠶᠡᠭᠰᠡᠨ ᠪᠠᠶᠢᠳᠠᠯ ᠵᠡᠷᠭᠡ ᠶᠢ ᠪᠠᠭᠲᠠᠭᠠᠵᠤ᠂ ᠳᠣᠣᠷᠠᠬᠢ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠨ᠎ᠠ᠄    ︵ᠨᠢᠭᠡ︶ ᠨᠠᠮ ᠤᠨ ᠵᠣᠬᠢᠶᠠᠨ ᠪᠠᠶᠢᠬᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ᠃ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠳᠦᠷᠢᠮ ᠤᠨ ᠨᠠᠶᠢᠳᠠᠪᠤᠷᠢᠵᠢᠭᠤᠯᠤᠯᠲᠠ᠂ ᠠᠵᠢᠯᠯᠠᠭ᠎ᠠ ᠥᠷᠨᠢᠭᠦᠯᠦᠭᠰᠡᠨ᠂ ᠵᠣᠬᠢᠶᠠᠨ ᠪᠠᠶᠢᠭᠤᠯᠤᠯᠲᠠ ᠶᠢᠨ ᠳᠦᠷᠢᠮ ᠳᠤ ᠨᠠᠮ ᠤᠨ ᠪᠠᠶᠢᠭᠤᠯᠤᠯᠲᠠ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠭᠰᠡᠨ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ︽ᠭᠤᠷᠪᠠ ᠶᠢ ᠣᠷᠣᠭᠤᠯᠬᠤ︾ ᠵᠡᠷᠭᠡ ᠪᠠᠶᠢᠳᠠᠯ ᠢ ᠪᠠᠶᠢᠴᠠᠭᠠᠨ᠎ᠠ᠃    ︵ᠬᠤᠶᠠᠷ︶ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠵᠢᠷᠤᠮᠯᠠᠵᠤ ᠪᠠᠶᠢᠭ᠎ᠠ ᠪᠠᠶᠢᠳᠠᠯ᠃    ︵ᠭᠤᠷᠪᠠ︶ ᠳᠠᠩᠰᠠᠯᠠᠨ ᠲᠡᠮᠳᠡᠭᠯᠡᠬᠦ᠂ ᠳᠠᠩᠰᠠᠯᠠᠬᠤ᠂ ᠬᠢᠨᠠᠨ ᠵᠥᠪᠰᠢᠶᠡᠷᠡᠬᠦ ᠵᠦᠢᠯᠡᠰ ᠲᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠭᠰᠡᠨ ᠪᠠᠶᠢᠳᠠᠯ᠃    ︵ᠳᠥᠷᠪᠡ︶ ᠳᠤᠲᠤᠬᠠᠳᠤ ᠶᠢᠨ ᠪᠦᠲᠦᠭᠡᠨ ᠪᠠᠶᠢᠬᠤᠯᠤᠯᠲᠠ ᠶᠢᠨ ᠪᠠᠶᠢᠳᠠᠯ᠃ ᠡᠭᠦᠨ ᠳᠤ ᠲᠤᠰᠬᠠᠢ ᠲᠤᠰᠢᠶᠠᠯᠲᠤ ᠠᠵᠢᠯᠲᠠᠨ᠂ ᠲᠣᠭᠲᠠᠮᠠᠯ ᠣᠷᠣᠨ ᠰᠠᠭᠤᠴᠠ᠂ ᠲᠤᠰᠠᠭᠠᠷ ᠪᠠᠩᠬᠢ ᠶᠢᠨ ᠳᠠᠩᠰᠠᠨ ᠡᠷᠦᠬᠡ᠂ ᠳᠠᠩᠰᠠᠯᠠᠭᠤᠯᠬᠤ ᠪᠡᠯᠡ ᠮᠥᠩᠭᠦ ︵ᠨᠡᠭᠡᠭᠡᠨ ᠡᠷᠬᠢᠯᠡᠬᠦ ᠪᠡᠯᠡ ᠮᠥᠩᠭᠦ ᠶᠢ ᠪᠠᠭᠲᠠᠭᠠᠨ᠎ᠠ᠃︶ ᠪᠠᠶᠢᠭᠤᠯᠬᠤ ᠦᠶ᠎ᠡ ᠶᠢᠨ ᠦᠨᠳᠦᠰᠦᠨ ᠨᠥᠬᠦᠴᠡᠯ︔ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠦᠷᠢᠨ ᠪᠠᠶᠢᠬᠤ ᠡᠰᠡᠬᠦ᠂ ᠳᠦᠷᠢᠮ ᠤᠨ ᠲᠣᠭᠲᠠᠭᠠᠯ ᠶᠣᠰᠣᠭᠠᠷ ᠡᠷᠬᠡ ᠲᠤᠰᠢᠶᠠᠯ ᠢᠶᠠᠨ ᠭᠦᠢᠴᠡᠳᠬᠡᠭᠰᠡᠨ ᠡᠰᠡᠬᠦ︔ ᠳᠦᠷᠢᠮ ᠲᠣᠭᠲᠠᠭᠠᠯ ᠪᠦᠷᠢᠨ ᠲᠡᠭᠦᠯᠳᠡᠷ ᠪᠠᠶᠢᠬᠤ ᠡᠰᠡᠬᠦ︔ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ ᠶᠢᠨ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠬᠦ ᠵᠡᠷᠭᠡ ᠪᠣᠯᠤᠨ᠎ᠠ᠃    ︵ᠲᠠᠪᠤ︶ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ᠃ ᠣᠨ ᠤ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ ᠳᠦᠷᠢᠮ ᠳᠤ ᠲᠣᠭᠲᠠᠭᠠᠭᠰᠠᠨ ᠵᠣᠷᠢᠯᠲᠠ ᠪᠣᠯᠤᠨ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ ᠳᠠᠪᠠᠭᠰᠠᠨ ᠠᠵᠢᠯᠯᠠᠭ᠎ᠠ ᠥᠷᠨᠢᠭᠦᠯᠦᠭᠰᠡᠨ ᠡᠰᠡᠬᠦ ᠵᠢᠴᠢ ᠳᠤᠷ᠎ᠠ ᠪᠠᠷ ᠢᠶᠠᠨ ᠠᠳᠠᠯᠢᠳᠬᠠᠨ ᠰᠢᠯᠭᠠᠷᠠᠭᠤᠯᠬᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃       ︵ᠵᠢᠷᠭᠤᠭ᠎ᠠ᠂ ᠡᠳ᠋ ᠤᠨ ᠶᠠᠪᠤᠳᠠᠯ ᠤᠨ ᠪᠠᠶᠢᠳᠠᠯ ᠪᠣᠯᠤᠨ ᠪᠡᠯᠡ ᠮᠥᠩᠭᠦ ᠶᠢᠨ ᠢᠷᠡᠯᠲᠡ ᠶᠢ ᠬᠡᠷᠡᠭᠯᠡᠭᠰᠡᠨ ᠪᠠᠶᠢᠳᠠᠯ᠃ ᠡᠭᠦᠨ ᠳᠤ ︽ᠠᠷᠠᠳ ᠤᠨ ᠠᠰᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠣᠳᠣᠬᠤ ᠳᠦᠷᠢᠮ︾᠎ ᠢᠶᠠᠷ ᠲᠤᠰᠠᠭᠠᠷ ᠲᠣᠭᠠᠴᠠᠭ᠎ᠠ ᠬᠢᠭᠰᠡᠨ ᠦᠭᠡᠢ ᠪᠠᠶᠢᠳᠠᠯ ᠪᠠᠶᠢᠬᠤ ᠡᠰᠡᠬᠦ︔ ᠪᠡᠯᠡ ᠮᠥᠩᠭᠦ ᠶᠢᠨ ᠢᠷᠡᠯᠲᠡ ᠵᠢᠴᠢ ᠬᠡᠷᠡᠭᠯᠡᠯᠲᠡ ᠨᠢ ᠲᠣᠭᠲᠠᠭᠠᠯ ᠳᠤ ᠨᠡᠶᠢᠴᠡᠬᠦ ᠡᠰᠡᠬᠦ᠂ ᠢᠯᠠᠩᠭᠤᠶ᠎ᠠ ᠳᠠᠩᠰᠠᠯᠠᠭᠤᠯᠤᠭᠰᠠᠨ ᠪᠡᠯᠡ ᠮᠥᠩᠭᠦ ᠠᠴᠠ ᠣᠷᠭᠤᠨ ᠳᠤᠲᠠᠭᠠᠭᠰᠠᠨ ᠡᠰᠡᠬᠦ ᠵᠡᠷᠭᠡ ᠪᠠᠭᠲᠠᠨ᠎ᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠶᠢ ᠡᠵᠡᠯᠡᠭᠰᠡᠨ᠂ ᠬᠤᠪᠢᠨ ᠳᠤ ᠪᠠᠨ ᠬᠤᠪᠢᠶᠠᠭᠰᠠᠨ᠂ ᠰᠢᠯᠵᠢᠭᠦᠯᠦᠨ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠪᠠᠶᠢᠳᠠᠯ᠃    ︵ᠳᠤᠯᠤᠭ᠎ᠠ︶ ᠬᠠᠷᠢᠭᠤᠴᠠᠯᠭᠠᠲᠠᠨ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠪᠠᠶᠢᠳᠠᠯ᠃ ᠡᠭᠦᠨ ᠳᠤ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠪᠰᠤᠷᠭᠠᠨ ᠬᠠᠷᠢᠭᠤᠴᠠᠬᠤ ᠳᠤ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠡᠰᠡᠬᠦ᠂ ᠬᠥᠯᠥᠰᠥ ᠣᠯᠭᠤᠮᠵᠢ ᠠᠪᠤᠭᠰᠠᠨ ᠡᠰᠡᠬᠦ︔ ᠠᠵᠢᠯᠯᠠᠵᠤ ᠪᠠᠶᠢᠭ᠎ᠠ ᠬᠥᠮᠦᠰ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠡᠰᠡᠬᠦ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠲᠤᠰᠢᠶᠠᠭᠰᠠᠨ ᠡᠰᠡᠬᠦ᠂ ᠬᠥᠳᠡᠯᠮᠦᠷᠢ ᠠᠵᠢᠯᠴᠢᠨ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠶᠢ ᠪᠠᠭᠲᠠᠭᠠᠨ᠎ᠠ᠃    ︵ᠨᠠᠢᠮᠠ︶ ᠦᠶ᠋ᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ᠃ ᠭᠤᠣᠯᠳᠠᠭᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠲᠥᠪ ᠤᠨ ᠠᠵᠢᠯ ᠪᠠ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠠᠵᠢᠯᠯᠠᠭ᠎ᠠ ᠥᠷᠨᠢᠭᠦᠯᠦᠭᠰᠡᠨ᠂ ᠦᠢᠯᠡᠴᠢᠯᠡᠭᠡ ᠬᠠᠩᠭᠠᠭᠰᠠᠨ᠂ ᠬᠠᠷᠢᠭᠤᠴᠠᠯᠭ᠎ᠠ ᠡᠭᠦᠷᠭᠡᠯᠡᠭᠰᠡᠨ᠂ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠰᠠᠨ᠂ ᠣᠶᠤᠨ ᠤ ᠪᠣᠯᠪᠠᠰᠤᠨ ᠤ ᠦᠢᠯᠡᠳᠦᠯ᠂ ᠤᠶᠤᠲᠠᠳ ᠤᠨ ᠠᠵᠢᠯ ᠣᠯᠭᠤᠯᠲᠠ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠤᠨ ᠪᠠᠶᠢᠳᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠠᠵᠢᠯ ᠲᠥᠷᠥᠯ ᠤᠨ ᠥᠪᠡᠷ ᠢ ᠪᠠᠨ ᠱᠠᠭᠠᠷᠳᠠᠭᠰᠠᠨ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠥᠷᠨᠢᠭᠦᠯᠦᠭᠰᠡᠨ ᠪᠠᠶᠢᠳᠠᠯ ᠵᠢᠴᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠭᠰᠠᠨ ᠪᠠᠶᠢᠳᠠᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠭᠰᠠᠨ ᠪᠠ ᠨᠡᠶᠢᠭᠡᠮ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠪᠠᠭᠲᠠᠭᠠᠨ᠎ᠠ᠃    ︵ᠶᠢᠰᠦ︶ 2022 ᠣᠨ ᠤ ᠣᠨ ᠤ ᠪᠠᠶᠢᠴᠠᠭᠠᠯᠲᠠ ᠶᠢᠨ ᠳ᠋ᠦᠩᠨᠡᠯᠲᠡ ᠨᠢ ︽ᠦᠨᠳᠦᠰᠦᠨ ᠳᠡᠭᠡᠨ ᠬᠢᠷᠢ ᠲᠡᠩᠴᠡᠭᠰᠡᠨ︾᠂ ︽ᠬᠢᠷᠢ ᠲᠡᠩᠴᠡᠬᠦ ᠦᠭᠡᠢ︾ ᠪᠠᠶᠢᠬᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ᠎ᠠ᠃    ᠳᠥᠷᠪᠡ᠂ ᠠᠷᠭ᠎ᠠ ᠮᠠᠶ᠋ᠢᠭ ᠠᠯᠬᠤᠮ ᠳᠠᠷᠠᠭ᠎ᠠ    2023 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠤ ᠬᠥᠮᠥᠷᠭᠡ ᠳᠤ ᠲᠦᠰᠢᠭᠯᠡᠨ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾᠎ ᠳᠤ ᠭᠠᠷᠴᠤ ᠣᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃    ︵ᠨᠢᠭᠡ︶ ᠣᠨ ᠤ ᠠᠵᠢᠯ ᠤᠨ ᠮᠡᠳᠡᠭᠦᠯᠦᠯᠲᠡ ᠮᠡᠳᠡᠭᠦᠯᠬᠦ    ᠪᠠᠶᠢᠴᠠᠭᠠᠯᠲᠠ ᠳᠤ ᠣᠷᠣᠯᠴᠠᠭᠰᠠᠨ ᠨᠡᠶᠢᠭᠡᠮ ᠤᠨ ᠡᠯ᠎ᠡ ᠵᠣᠬᠢᠶᠠᠨ ᠪᠠᠶᠢᠭᠤᠯᠤᠯᠲᠠ ᠨᠢ 3 ᠳ᠋ᠤᠭᠠᠷ ᠰᠠᠷ᠎ᠠ ᠶᠢᠨ 8᠎ ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ︵http://116.113.102.50᠄ 8089/sonm/net /︶᠎ ᠲᠤ ᠳᠠᠩᠰᠠᠯᠠᠵᠤ᠂ ᠳᠠᠩᠰᠠᠯᠠᠬᠤ ᠴᠣᠩᠬᠤᠨ ᠳᠤ ᠬᠡᠷᠡᠭᠯᠡᠭᠴᠢ ᠶᠢᠨ ᠨᠡᠷ᠎ᠡ᠂ ᠨᠢᠭᠤᠴᠠ ᠲᠡᠮᠳᠡᠭ ᠪᠠ ᠰᠢᠯᠭᠠᠨ ᠪᠠᠲᠤᠯᠠᠬᠤ ᠺᠣᠳ᠋ ᠢ ᠣᠷᠣᠭᠤᠯᠵᠤ ᠳᠠᠩᠰᠠᠯᠠᠵᠤ᠂ ᠲᠣᠪᠶᠤᠭ ᠪᠤᠯᠤᠩ ᠤᠨ ᠳᠣᠲᠣᠷᠠᠬᠢ ︽ᠣᠨ ᠤ ᠪᠠᠶᠢᠴᠠᠭᠠᠯᠲᠠ︾᠎ ᠶᠢᠨ ᠲᠤᠬᠠᠶᠢᠯᠠᠭᠰᠠᠨ ᠠᠵᠢᠯ ᠢ ᠰᠣᠩᠭᠤᠵᠤ᠂ ︽ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ︾ ︵ᠳᠠᠭᠠᠯᠳᠤᠭᠤᠯᠤᠯ 1᠎ ᠳᠤ ᠨᠠᠷᠢᠨ ᠦᠵᠡᠭᠡᠷᠡᠢ︶᠎ ᠢ ᠳᠣᠶ᠋ᠢᠯᠭᠠᠵᠤ᠂ ᠣᠨ ᠤ ᠠᠵᠢᠯ ᠤᠨ ᠮᠡᠳᠡᠭᠦᠯᠦᠯᠲᠡ ᠶᠢᠨ ᠪᠢᠴᠢᠭ ᠢ ᠲᠠᠭᠯᠠᠨ ᠮᠡᠳᠡᠭᠦᠯᠦᠨ᠎ᠡ᠃    ︵ᠬᠤᠶᠠᠷ︶ ᠡᠳ᠋ ᠤᠨ ᠶᠠᠪᠤᠳᠠᠯ ᠤᠨ ᠬᠢᠨᠠᠨ ᠪᠣᠳᠣᠯᠲᠠ    1. ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠨᠢ ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢᠨ ᠡᠲᠡᠭᠦᠯᠦᠯᠲᠡ ︵2023 ᠣᠨ ᠤ 12 ᠰᠠᠷ᠎ᠠ ᠶᠢᠨ 31᠎ ᠤ ᠡᠳᠦᠷ︶ ᠲᠤᠱᠢᠶᠠᠬᠤ ᠴᠢᠬᠤᠯᠠ ᠦᠭᠡᠢ ᠪᠠᠶᠢᠵᠤ᠂ ︽ᠠᠷᠠᠳ ᠤᠨ ᠠᠱᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠣᠳᠣᠬᠤ ᠳᠦᠷᠢᠮ︾ ᠪᠣᠯᠤᠨ ︽ᠣᠨ ᠤᠨ ᠵᠠᠰᠠᠭ ᠤᠨ ᠶᠠᠮᠤᠨ ᠤ ︿ᠠᠷᠠᠳ ᠤᠨ ᠠᠱᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠣᠳᠣᠬᠤ ᠳᠦᠷᠢᠮ ᠤᠨ ᠠᠰᠠᠭᠤᠳᠠᠯ ᠤᠨ ᠲᠤᠬᠠᠢ ᠲᠠᠶᠢᠯᠪᠤᠷᠢ︾︾ ︵ᠡᠳ᠋ ᠤᠨ ᠶᠠᠪᠤᠳᠠᠯ [ 20] 9 ᠳ᠋ᠦᠭᠡᠷ ᠲᠣᠭᠠᠲᠤ︶᠎ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠤᠰᠭᠠᠢ ᠡᠳ᠋ ᠤᠨ ᠶᠠᠪᠤᠳᠠᠯ ᠤᠨ ᠠᠵᠢᠯᠲᠠᠨ ᠲᠣᠮᠢᠯᠠᠵᠤ ︽ᠣᠨ ᠤ ᠠᠵᠢᠯ ᠤᠨ ᠡᠲᠡᠭᠦᠯᠦᠯᠲᠡ ᠶᠢᠨ ᠪᠢᠴᠢᠭ︾ ᠳᠤᠮᠳᠠᠬᠢ ︽ᠡᠳ᠋ ᠬᠥᠷᠥᠩᠭᠡ ᠶᠢᠨ ᠥᠷᠢ ᠶᠢᠨ ᠬᠦᠰᠦᠨᠦᠭᠲᠦ︾᠂ ︽ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠦᠰᠦᠨᠦᠭᠲᠦ︾᠂ ︽ᠪᠡᠯᠡᠨ ᠵᠣᠭᠤᠰᠣᠨ ᠤ ᠭᠦᠢᠯᠭᠡᠭᠡᠨ ᠤ ᠬᠦᠰᠦᠨᠦᠭᠲᠦ︾ ᠵᠡᠷᠭᠡ ᠭᠤᠷᠪᠠᠨ ᠡᠳ᠋ ᠤᠨ ᠶᠠᠪᠤᠳᠠᠯ ᠤᠨ ᠡᠲᠡᠭᠦᠯᠦᠯᠲᠡ ᠶᠢᠨ ᠬᠦᠰᠦᠨᠦᠭᠲᠦ ︵ᠳᠠᠭᠠᠯᠳᠤᠭᠤᠯᠤᠯ 5᠎ ᠶᠢ ᠨᠠᠷᠢᠨ ᠦᠵᠡ︶᠎ ᠶᠢ ᠲᠠᠭᠯᠠᠵᠤ ᠂ ᠡᠳ᠋ ᠤᠨ ᠶᠠᠪᠤᠳᠠᠯ ᠤᠨ ᠡᠲᠡᠭᠦᠯᠦᠯᠲᠡ ᠶᠢᠨ ᠬᠦᠰᠦᠨᠦᠭᠲᠦ ᠶᠢ ᠡᠳ᠋ ᠤᠨ ᠶᠠᠪᠤᠳᠠᠯ ᠤᠨ ᠠᠵᠢᠯᠲᠠᠨ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠣᠨ ᠤ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠰᠤᠭᠤᠴᠢᠨ ᠪᠠᠶᠢᠴᠠᠭᠠᠯᠲᠠ ᠬᠢᠨ᠎ᠡ᠃          ︵ᠭᠤᠷᠪᠠ︶ ᠨᠧᠲ ᠢᠶᠠᠷ ᠬᠢᠨᠠᠨ ᠪᠠᠶᠢᠴᠠᠭᠠᠬᠤ    ᠳᠠᠩᠰᠠᠯᠠᠨ ᠬᠠᠮᠢᠶᠠᠷᠬᠤ ᠪᠠᠶᠢᠭᠤᠯᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ︾ ︵http://116.113.102.50᠄ 8089/sonm︶᠎ ᠢᠶᠠᠷ ᠳᠠᠮᠵᠢᠭᠤᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠭᠰᠠᠨ ᠣᠨ ᠤ ᠪᠠᠶᠢᠴᠠᠭᠠᠯᠲᠠ ᠶᠢᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠪᠠ᠃ ᠠᠵᠢᠯᠯᠠᠭᠠᠨ ᠤ ᠳᠤᠮᠳᠠ ᠬᠡᠷᠪᠡ ᠮᠠᠳᠠᠭ ᠲᠠᠢ ᠪᠣᠯ ᠮᠡᠷᠭᠡᠵᠢᠯ ᠤᠨ ᠳᠡᠮᠵᠢᠯᠭᠡ ᠶᠢᠨ ᠤᠲᠠᠰᠤ ᠪᠤᠶᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠨ ᠤ ᠪᠠᠶᠢᠴᠠᠭᠠᠯᠲᠠ ᠶᠢᠨ ᠯᠠᠪᠯᠠᠭ᠎ᠠ ᠶᠢᠨ ᠤᠲᠠᠰᠤ ᠶᠢ ᠤᠲᠠᠰᠤᠳᠠᠵᠤ ᠪᠣᠯᠤᠨ᠎ᠠ᠃    ︵ᠳᠥᠷᠪᠡ︶ ᠮᠠᠲ᠋ᠧᠷᠢᠶᠠᠯ ᠮᠡᠳᠡᠭᠦᠯᠦᠨ ᠬᠦᠷᠭᠡᠬᠦ    ᠰᠦᠯᠵᠢᠶᠡᠨ ᠳᠡᠭᠡᠷ᠎ᠡ ᠤᠷᠢᠳᠴᠢᠯᠠᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠴᠠᠭᠠᠰᠤᠨ ᠤ ᠣᠨ ᠤ ᠠᠵᠢᠯ ᠤᠨ ᠮᠡᠳᠡᠭᠦᠯᠦᠯᠲᠡ ᠶᠢᠨ ᠪᠢᠴᠢᠭ ᠢ ᠳᠠᠷᠤᠮᠠᠯᠯᠠᠬᠤ ᠳᠤ᠂ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠠᠴᠠ ᠠᠩᠬ᠎ᠠ ᠬᠢᠨᠠᠭᠰᠠᠨ ᠰᠠᠨᠠᠯ ᠢᠶᠠᠨ ᠭᠤᠷᠪᠠᠨ ᠬᠤᠪᠢ ᠳᠠᠷᠤᠮᠠᠯᠯᠠᠬᠤ ᠶᠢᠨ ᠬᠠᠮᠲᠤ ᠲᠠᠮᠠᠭ᠎ᠠ ᠳᠠᠷᠤᠭᠰᠠᠨ ᠤ ᠳᠠᠷᠠᠭ᠎ᠠ ᠳᠠᠩᠰᠠᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠦᠨ᠎ᠡ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠢᠭᠤᠳ ᠳᠠᠩᠰᠠᠯᠠᠬᠤ ᠪᠤᠶᠤ ᠨᠢᠭᠡᠨᠲᠡ ᠬᠠᠷᠢᠴᠠᠭ᠎ᠠ ᠪᠠᠨ ᠲᠠᠰᠤᠯᠤᠭᠰᠠᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠲᠤ ᠨᠢᠭᠡ ᠮᠠᠶ᠋ᠢᠭ ᠤᠨ ᠬᠤᠶᠠᠷ ᠬᠤᠪᠢ ᠳᠠᠷᠤᠮᠠᠯᠯᠠᠵᠤ᠂ ᠳᠠᠩᠰᠠᠯᠠᠨ ᠬᠠᠮᠢᠶᠠᠷᠬᠤ ᠪᠠᠶᠢᠭᠤᠯᠭ᠎ᠠ ᠳᠤ ᠰᠢᠭᠤᠳ ᠮᠡᠳᠡᠭᠦᠯᠦᠨ ᠬᠦᠷᠭᠡᠵᠦ ᠪᠠᠶᠢᠴᠠᠭᠠᠯᠭᠠᠬᠤ ᠬᠡᠷᠡᠭᠲᠡᠢ︔ ᠪᠡᠶ᠎ᠡ ᠶᠢᠨ ᠲᠠᠮᠢᠷ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ ᠨᠢ ᠲᠤᠰ ᠲᠤᠰ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠠᠩᠬ᠎ᠠ ᠬᠢᠨᠠᠭᠰᠠᠨ ᠰᠠᠨᠠᠯ ᠭᠠᠷᠭᠠᠭᠤᠯᠬᠤ ᠶᠢᠨ ᠬᠠᠮᠲᠤ ᠲᠠᠮᠠᠭ᠎ᠠ ᠳᠠᠷᠤᠭᠰᠠᠨ ᠤ ᠳᠠᠷᠠᠭ᠎ᠠ ᠳᠠᠩᠰᠠᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ ᠪᠠᠰᠠ ᠪᠤᠰᠤᠳ ᠮᠠᠲ᠋ᠧᠷᠢᠶᠠᠯ ᠢ ᠲᠤᠰᠢᠶᠠᠬᠤ ᠬᠡᠷᠡᠭᠲᠡᠢ ︵ᠳᠠᠭᠠᠯᠳᠤᠭᠤᠯᠤᠯ 2᠎ ᠢ ᠦᠵᠡ︶᠃    ︵ᠲᠠᠪᠤ︶ ᠣᠨ ᠤ ᠪᠠᠶᠢᠴᠠᠭᠠᠯᠲᠠ ᠶᠢᠨ ᠳ᠋ᠦᠩᠨᠡᠯᠲᠡ ᠭᠠᠷᠭᠠᠬᠤ    ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠪᠠᠶᠢᠭᠤᠯᠭ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠪᠦᠯᠬᠦᠮ ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ︾᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠨ ᠬᠠᠮᠢᠶᠠᠷᠬᠤ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠦᠯᠦᠨ ᠬᠦᠷᠭᠡᠭᠰᠡᠨ ᠣᠨ ᠤ ᠪᠠᠶᠢᠴᠠᠭᠠᠯᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ᠰᠤᠭᠤᠴᠢᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠪᠠ ᠪᠤᠰᠤᠳ ᠠᠰᠠᠭᠤᠳᠠᠯ ᠤᠨ ᠰᠦᠪᠡᠭᠴᠢ ᠶᠢ ᠬᠢᠨᠠᠨ ᠬᠠᠷᠭᠤᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 2023 ᠣᠨ ᠤ ᠪᠠᠶᠢᠴᠠᠭᠠᠯᠲᠠ ᠶᠢᠨ ᠳ᠋ᠦᠩᠨᠡᠯᠲᠡ ᠶᠢ ᠶᠡᠷᠦᠩᠬᠡᠶᠢᠯᠡᠨ ᠰᠤᠳᠤᠯᠤᠨ ᠲᠣᠭᠲᠠᠭᠠᠨ᠎ᠠ᠃ ᠳ᠋ᠦᠩᠨᠡᠯᠲᠡ ᠶᠢ ︽ᠬᠢᠷᠢ ᠲᠡᠩᠴᠡᠭᠰᠡᠨ︾᠂ ︽ᠦᠨᠳᠦᠰᠦᠨ ᠳᠡᠭᠡᠨ ᠬᠢᠷᠢ ᠲᠡᠩᠴᠡᠭᠰᠡᠨ︾᠂ ︽ᠬᠢᠷᠢ ᠲᠡᠩᠴᠡᠬᠦ ᠦᠭᠡᠢ︾ ᠭᠡᠵᠦ ᠬᠤᠪᠢᠶᠠᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠣᠨ ᠤ ᠪᠠᠶᠢᠴᠠᠭᠠᠯᠲᠠ ᠶᠢᠨ ᠮᠠᠲ᠋ᠧᠷᠢᠶᠠᠯ ᠢᠶᠠᠨ ᠲᠤᠰᠢᠶᠠᠬᠤ ᠠᠴᠠ ᠡᠮᠦᠨ᠎ᠡ᠂ ᠲᠣᠭᠲᠠᠭᠠᠯ ᠠᠴᠠ ᠵᠥᠷᠢᠴᠡᠭᠰᠡᠨ ᠵᠦᠢᠯᠡᠰ ᠢ ᠨᠢᠭᠡᠨᠲᠡ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ᠂ ᠣᠨ ᠤ ᠪᠠᠶᠢᠴᠠᠭᠠᠯᠲᠠ ᠬᠢᠬᠦ ᠳᠤ ᠬᠥᠩᠭᠡᠨ ᠢᠶᠠᠷ ᠪᠤᠶᠤ ᠰᠢᠢᠳᠪᠦᠷᠢᠯᠡᠬᠦ ᠠᠴᠠ ᠬᠡᠯᠲᠦᠷᠢᠭᠦᠯᠵᠦ ᠪᠣᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠶᠢᠨ ᠳ᠋ᠦᠩᠨᠡᠯᠲᠡ ᠶᠢ ᠨᠡᠶᠢᠲᠡᠯᠡᠭᠰᠡᠨ ᠤ ᠳᠠᠷᠠᠭ᠎ᠠ᠂ ᠬᠡᠷᠪᠡ ᠲᠤᠬᠠᠢ ᠶᠢᠨ ᠵᠢᠯ ᠤᠨ ᠣᠨ ᠤ ᠪᠠᠶᠢᠴᠠᠭᠠᠯᠲᠠ ᠶᠢᠨ ᠳ᠋ᠦᠩᠨᠡᠯᠲᠡ ᠶᠢᠨ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠣᠨ ᠤ ᠪᠠᠶᠢᠴᠠᠭᠠᠯᠲᠠ ᠶᠢᠨ ᠳ᠋ᠦᠩᠨᠡᠯᠲᠡ ᠶᠢ ᠳᠠᠬᠢᠨ ᠲᠣᠭᠲᠠᠭᠠᠬᠤ ︵ᠣᠨ ᠤ ᠪᠠᠶᠢᠴᠠᠭᠠᠯᠲᠠ ᠶᠢᠨ ᠳ᠋ᠦᠩᠨᠡᠯᠲᠡ ᠶᠢ ᠦᠨᠡᠯᠡᠨ ᠲᠣᠭᠲᠠᠭᠠᠬᠤ ᠦᠨᠳᠦᠰᠦᠯᠡᠯ ᠢ ᠳᠠᠭᠠᠯᠳᠤᠭᠤᠯᠤᠯ 3᠎ ᠳᠤ ᠨᠠᠷᠢᠨ ᠦᠵᠡᠭᠡᠷᠡᠢ︶᠃    ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠪᠠᠶᠢᠭᠤᠯᠭ᠎ᠠ ᠴᠠᠭᠠᠰᠤᠨ ᠤ ᠣᠨ ᠤ ᠪᠠᠶᠢᠴᠠᠭᠠᠯᠲᠠ ᠶᠢᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠣᠨ ᠤ ᠪᠠᠶᠢᠴᠠᠭᠠᠯᠲᠠ ᠶᠢᠨ ᠳ᠋ᠦᠩᠨᠡᠯᠲᠡ ᠭᠠᠷᠭᠠᠬᠤ ᠶᠢᠨ ᠬᠠᠮᠲᠤ ᠣᠨ ᠤ ᠪᠠᠶᠢᠴᠠᠭᠠᠯᠲᠠ ᠶᠢᠨ ᠳ᠋ᠦᠩᠨᠡᠯᠲᠡ ᠪᠠᠨ ᠬᠠᠤᠯᠢ ᠶᠢᠨ ᠡᠷᠬᠡᠲᠡᠨ ᠤ ᠳᠠᠩᠰᠠᠯᠠᠨ ᠲᠡᠮᠳᠡᠭᠯᠡᠭᠰᠡᠨ ᠭᠡᠷᠡᠴᠢ ᠪᠢᠴᠢᠭ ᠤᠨ ᠬᠠᠭᠤᠯᠪᠤᠷᠢ ᠳᠡᠪᠲᠡᠷ ᠲᠤ ᠪᠢᠴᠢᠵᠦ ᠣᠷᠣᠭᠤᠯᠬᠤ ᠬᠡᠷᠡᠭᠲᠡᠢ᠃ ᠣᠨ ᠤ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠨᠡᠶᠢᠭᠡᠮ ᠳᠤ ᠢᠯᠡ ᠪᠣᠯᠭᠠᠪᠠ᠃ ᠣᠨ ᠤ ᠪᠠᠶᠢᠴᠠᠭᠠᠯᠲᠠ ᠶᠢᠨ ᠲᠥᠰᠦᠯ ᠢ ᠬᠠᠤᠯᠢ ᠶᠢᠨ ᠡᠷᠬᠡᠲᠡᠨ ᠤ ᠪᠦᠷᠢᠳᠬᠡᠭᠦᠯᠦᠭᠰᠡᠨ ᠦᠨᠡᠮᠯᠡᠯ ᠤᠨ ᠬᠠᠭᠤᠯᠪᠤᠷᠢ ᠳᠡᠪᠲᠡᠷ ᠳᠤ ᠣᠷᠣᠭᠤᠯᠵᠤ᠃ ᠣᠨ ᠤ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠣᠨ ᠤ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠬᠠᠮᠢᠶ᠎ᠠ ᠪᠦᠬᠦᠢ ᠵᠠᠭᠤᠴᠢ ᠪᠤᠶᠤ ᠨᠧᠲ ᠥᠷᠲᠡᠭᠡ ᠳᠤ ᠨᠢᠭᠡᠳᠦᠯᠲᠡᠢ ᠢᠯᠡ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号