ᠰᠢ ᠶᠢᠨ ᠫᠢᠩ ᠫᠠᠺᠢᠰᠲ᠋ᠠᠨ ᠤ ᠰᠢᠨ᠎ᠡ ᠪᠠᠷ ᠲᠤᠰᠢᠶᠠᠯ ᠳᠤ ᠭᠠᠷᠤᠬᠰᠡᠨ ᠶᠡᠷᠦᠩᠬᠡᠶᠢᠯᠡᠭᠴᠢ ᠵᠠᠷᠳᠠᠯᠢ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/3/11
   3 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠢᠹ · ᠵᠠᠷᠳᠠᠯᠢ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠫᠠᠺᠢᠰᠲ᠋ᠠᠨ ᠤ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠫᠠᠺᠢᠰᠲ᠋ᠠᠨ ᠪᠣᠯ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠳᠠᠨ᠂ ᠰᠠᠶᠢᠨ ᠠᠬ᠎ᠠ ᠳᠡᠭᠦᠦ ᠮᠥᠨ᠂ ᠬᠤᠶᠠᠷ ᠤᠯᠤᠰ ᠤᠨ ᠪᠠᠳᠤ ᠨᠥᠬᠦᠷᠯᠡᠯ ᠪᠣᠯ ᠲᠡᠦᠬᠡ ᠶᠢᠨ ᠰᠣᠩᠭᠤᠯᠲᠠ ᠮᠥᠨ᠂ ᠬᠤᠶᠠᠷ ᠤᠯᠤᠰ ᠤᠨ ᠠᠷᠠᠳ ᠲᠦᠮᠡᠨ ᠤ ᠡᠷᠬᠢᠮ ᠨᠠᠨᠳᠢᠨ ᠥᠪ ᠬᠥᠷᠥᠩᠭᠡ ᠮᠥᠨ᠃ ᠤᠢᠢᠷ᠎ᠠ ᠶᠢᠨ ᠵᠢᠯ ᠠᠴᠠ ᠬᠤᠶᠠᠷ ᠤᠯᠤᠰ ᠢᠶᠠᠷ ᠢᠶᠠᠨ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠬᠠᠷᠢᠯᠴᠠᠭ᠎ᠠ ᠥᠨᠳᠥᠷ ᠲᠦᠪᠰᠢᠨ ᠢᠶᠠᠷ ᠬᠥᠭᠵᠢᠬᠦ ᠶᠢ ᠪᠠᠲᠤᠯᠠᠵᠠᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠰᠴᠤ᠂ ᠳᠤᠮᠳᠠᠳᠤ ᠫᠠᠺᠢᠰᠲ᠋ᠠᠨ ᠤ ᠬᠠᠷᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠨᠡᠩ ᠲᠤᠪᠤᠶᠢᠮ᠎ᠠ ᠪᠣᠯᠵᠠᠢ᠃ ᠪᠢ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠵᠠᠷᠳᠠᠯᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠫᠠᠺᠢᠰᠲ᠋ᠠᠨ ᠤ ᠤᠯᠠᠮᠵᠢᠯᠠᠯᠲᠤ ᠨᠥᠬᠦᠷᠯᠡᠯ ᠢ ᠪᠠᠳᠠᠷᠠᠭᠤᠯᠵᠤ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠫᠠᠺᠢᠰᠲ᠋ᠠᠨ ᠤ ᠪᠦᠬᠦ ᠲᠠᠯ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠨᠡᠩ ᠨᠢᠭᠲᠠ ᠳᠤᠮᠳᠠᠳᠤ ᠫᠠᠺᠢᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号