ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2024/3/11
   ᠰᠢ ᠶᠢᠨ ᠫᠢᠩ ᠯᠢ ᠴᠢᠶᠠᠩ ᠵᠤᠤ ᠯᠤ᠋ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠸᠠᠩ ᠬᠣ᠋ ᠨᠢᠩ ᠶᠠᠷᠢᠶ᠎ᠠ ᠲᠠᠯᠪᠢᠵᠠᠢ   ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠭᠢᠯ ᠨᠢᠭᠡ ᠵᠣᠷᠢᠭ ᠢᠶᠠᠷ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ᠃
254.png  
   ᠬᠤᠷᠠᠯ ᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠬᠢᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠦ᠋ᠯᠤᠭ᠍ᠨᠠᠮᠵᠢᠯ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂ ᠰᠤ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃   ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃   ᠦᠳᠡ ᠶᠢᠨ ᠡᠮᠦᠨᠡᠬᠢ 9 ᠴᠠᠭ ᠲᠤ ᠲᠡᠭᠦᠰᠭᠦ ᠬᠤᠷᠠᠯ ᠡᠬᠢᠯᠡᠪᠡ᠃ ᠸᠠᠩ ᠬᠣ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠵᠤᠬᠢᠰᠲᠠᠢ ᠭᠡᠰᠢᠭᠦᠨ 2162 ᠬᠥᠮᠦᠨ ᠪᠤᠢ᠂ ᠪᠤᠲᠠᠲᠠᠢ ᠤᠷᠤᠯᠴᠠᠭᠰᠠᠨ ᠨᠢ 2085 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ᠃   ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃   ᠸᠠᠩ ᠬᠤ᠋ ᠨᠢᠩ ᠶᠠᠷᠢᠶᠠᠨ ᠳᠠᠭᠠᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠬᠰᠠᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠢᠳᠡᠪᠬᠢ ᠬᠦᠴᠦᠨ ᠢ ᠨᠢᠭᠲᠠᠷᠠᠭᠤᠯᠵᠤ᠂ ᠴᠤᠭ ᠰᠦᠯᠳᠡ ᠶᠢ ᠬᠥᠪᠴᠢᠯᠡᠵᠡᠢ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠨᠥᠬᠦᠳ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠪᠣᠯᠤᠨ ᠲᠡᠭᠦᠰᠭᠦ ᠬᠤᠷᠠᠯ ᠳᠤ ᠣᠷᠣᠯᠴᠠᠵᠤ ᠂ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠪᠡ᠃ ᠪᠦᠬᠦ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠵᠡᠷᠭᠡ ᠳᠤ ᠣᠷᠣᠯᠴᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ ᠦᠷ᠎ᠡ ᠪᠦᠲᠦᠭᠡᠯ ᠤᠯᠪᠠ᠃ ᠪᠦᠬᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠤᠮᠳᠠᠳᠤ ᠤᠯᠤᠰ ᠨᠡᠷᠡᠮᠵᠢᠲᠦ︾ ᠲᠤᠮᠤ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ︽ᠬᠤᠶᠠᠷ ᠢ ᠲᠣᠭᠲᠠᠭᠠᠭᠰᠠᠨ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠪᠦᠬᠦ ᠭᠡᠰᠢᠭᠦᠳ ᠨᠡᠩ ᠭᠦᠨᠵᠡᠭᠡᠢ ᠣᠶᠢᠯᠠᠭᠠᠪᠠ ᠭᠡᠵᠡᠢ᠃   ᠸᠠᠩ ᠬᠤ᠋ ᠨᠢᠩ᠂ ᠡᠨᠡ ᠵᠢᠯ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠬᠤ ᠪᠥᠭᠡᠳ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ 75 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠰᠢᠨ᠎ᠡ ᠳᠤᠮᠳᠠᠳᠤ ᠤᠯᠤᠰ ᠢ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢᠨ ᠵᠠᠮ ᠢ ᠰᠦᠪᠡᠭᠴᠢᠯᠡᠬᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠳᠠᠯᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠡᠭᠡᠭᠰᠢᠯᠡᠭᠦᠯᠵᠦ᠂ ᠢᠮᠠᠭᠲᠠ ᠨᠠᠮ ᠪᠠ ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠶᠢ ᠪᠣᠳᠣᠯᠬᠢᠯᠠᠨ ᠠᠵᠢᠯ ᠢᠶᠠᠨ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ ᠪᠠᠨ ᠭᠦᠢᠴᠡᠳᠭᠡᠵᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠬᠤ ᠬᠡᠷᠡᠭᠳᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠨᠠᠮ ᠤᠨ ᠦᠭᠡ ᠶᠢ ᠡᠷᠡᠰ ᠪᠠᠲᠤ ᠰᠣᠨᠣᠰᠴᠤ᠂ ᠨᠠᠮ ᠢᠶᠠᠨ ᠳᠠᠭᠠᠬᠤ ᠶᠢ ᠪᠦᠯᠬᠦᠮᠳᠡᠭᠦᠯᠦᠨ ᠵᠢᠯᠣᠭᠤᠳᠬᠤ ᠬᠡᠷᠡᠭᠳᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠷᠭᠡᠨ ᠳᠡᠯᠭᠡᠷ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠦ ᠢᠯᠡᠳᠬᠡᠪᠡ᠃   ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠪᠢᠴᠢᠭᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠳᠡᠢ ᠭᠡᠵᠦ ᠢᠯᠡᠳᠭᠡᠪᠡ᠃   ᠲᠡᠭᠦᠰᠭᠦ ᠬᠤᠷᠠᠯ ᠳᠤ ᠣᠷᠣᠯᠴᠠᠭᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶᠤ᠂ ᠯᠢ ᠱᠤ᠋ ᠯᠸᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠵᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠤᠤ ᠬᠤᠩ᠂ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠤᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ᠂ ᠡᠤ ᠵᠧᠩ ᠯᠦᠩ᠂ ᠱᠧᠨ ᠢ ᠴᠢᠨ ᠂ ᠵᠠᠩ ᠵᠢᠶᠦ᠋ᠨ᠂ ᠵᠢᠩ ᠶᠦᠩ ᠨᠠᠷ ᠪᠠᠶᠢᠨ᠎ᠠ᠃ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠭᠦ ᠬᠤᠷᠠᠯ ᠳᠤ ᠰᠤᠯᠠ ᠣᠷᠣᠯᠴᠠᠵᠠᠢ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠷᠢᠯᠭ᠎ᠠ ᠪᠠᠷ ᠲᠡᠭᠦᠰᠭᠦ ᠬᠤᠷᠠᠯ ᠳᠤ ᠣᠷᠣᠯᠴᠠᠪᠠ᠃   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号