ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤᠭᠤᠶᠢᠯᠠᠩ ᠬᠤᠪᠢᠶᠠᠵᠤ ᠡᠯ᠎ᠡ ᠵᠦᠢᠯ ᠤᠨ ᠰᠢᠢᠳᠪᠦᠷᠢ ᠶᠢᠨ ᠲᠥᠰᠦᠯ ᠢ ᠬᠢᠨᠠᠨ ᠵᠥᠪᠯᠡᠵᠠᠢ
ᠨᠡᠶᠢᠲᠡᠯᠡᠭᠰᠡᠨ ᠴᠠᠭ᠄
2024/3/12
   ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠪᠠ   3 ᠰᠠᠷ᠎ᠠ ᠶᠢᠨ 10 ᠤ ᠦᠳᠡ ᠶᠢᠨ ᠬᠤᠶᠢᠨ᠎ᠠ ᠪᠣᠯᠤᠨ 11 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ᠃   ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃   ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠰᠢᠢᠳᠪᠦᠷᠢ ᠶᠢᠨ ᠲᠥᠰᠦᠯ᠂ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ ᠶᠢᠨ ᠲᠥᠰᠦᠯ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠤᠬᠠᠶ ᠰᠢᠢᠳᠪᠦᠷᠢ ᠶᠢᠨ ᠲᠥᠰᠦᠯ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢᠨ ᠲᠥᠰᠦᠯ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢᠨ ᠲᠥᠰᠦᠯ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ᠃   ᠬᠤᠷᠠᠯ ᠠᠴᠠ᠂ ᠶᠡᠭᠡ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ ᠪᠠᠷ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠤᠳᠤ ᠮᠡᠷᠭᠡᠨ ᠣᠶᠤᠨ ᠤᠬᠠᠭᠠᠨ ᠢᠶᠠᠨ ᠡᠷᠭᠦᠵᠦ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠰᠦᠪᠡᠭᠴᠢᠯᠡᠨ ᠦᠭᠴᠦ᠂ ᠲᠡᠮᠡᠴᠡᠯ ᠤᠨ ᠬᠦᠴᠦᠨ ᠢ ᠨᠢᠭᠲᠠᠷᠠᠭᠤᠯᠵᠤ᠂ ᠠᠷᠠᠳ ᠣᠯᠠᠨ ᠤ ᠰᠡᠳᠬᠢᠯ ᠤᠨ ᠲᠠᠭᠤᠨ ᠪᠠ ᠬᠦᠰᠡᠯ ᠡᠷᠡᠮᠡᠯᠵᠡᠯ ᠢ ᠭᠦᠢᠴᠡᠳ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠳᠡᠮᠵᠢᠯᠭᠡ ᠶᠢ ᠲᠡᠮᠡᠴᠡᠨ ᠤᠯᠵᠤ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠨᠡᠯᠢᠶᠡᠳ ᠴᠢᠩᠭ᠎ᠠ ᠬᠡᠷᠡᠭ ᠵᠥᠪᠯᠡᠬᠦ ᠴᠢᠳᠠᠪᠤᠷᠢ ᠶᠢ ᠢᠯᠡᠷᠡᠭᠦᠯᠪᠡ᠃ ᠲᠥᠯᠥᠭᠡᠯᠡᠭᠴᠢᠳ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠱᠠᠭᠠᠷᠳᠠᠯᠭ᠎ᠠ ᠪᠠ ᠨᠢᠭᠤᠴᠠ ᠶᠢ ᠬᠠᠮᠠᠭᠠᠯᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠤᠶᠤᠨ ᠴᠢᠳᠠᠯ ᠢᠶᠠᠨ ᠲᠥᠪᠯᠡᠷᠡᠭᠦᠯᠦᠨ᠂ ᠨᠢᠭᠡ ᠰᠡᠳᠭᠢᠯ ᠨᠢᠭᠡ ᠵᠣᠷᠢᠭ ᠢᠶᠠᠷ ᠬᠤᠷᠠᠯ ᠳᠤ ᠣᠷᠣᠯᠴᠠᠵᠤ᠂ ᠳᠡᠭᠡᠳᠦ ᠬᠡᠮᠵᠢᠶᠡᠨ ᠤ ᠰᠠᠬᠢᠯᠭ᠎ᠠ ᠪᠠᠲᠤᠴᠢ ᠴᠢᠨᠠᠷ᠂ ᠤᠬᠠᠮᠰᠠᠷᠲᠤ ᠴᠢᠨᠠᠷ ᠢ ᠢᠯᠡᠷᠡᠭᠦᠯᠵᠦ᠂ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠡᠭᠦᠷᠭᠡ ᠶᠢ ᠲᠡᠭᠦᠰ ᠰᠠᠶᠢᠨ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠣᠷᠣᠨ ᠳᠠᠶᠠᠭᠠᠷ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠲᠥᠯᠥᠭᠡᠯᠡᠭᠴᠢᠳ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯᠯᠠᠵᠤ ᠪᠠᠶᠢᠭ᠎ᠠ ᠨᠢᠭᠡᠴᠢ᠂ ᠰᠢᠰᠲ᠋ᠧᠮ ᠪᠣᠯᠤᠨ ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ ᠴᠠᠭ ᠲᠤᠬᠠᠶ ᠳᠤᠨᠢ ᠤᠯᠠᠮᠵᠢᠯᠠᠨ᠂ ᠨᠠᠮ ᠪᠣᠯᠤᠨ ᠤᠯᠤᠰ ᠤᠨ ᠠᠭᠤᠤ ᠶᠡᠭᠡ ᠠᠮᠵᠢᠯᠲᠠ ᠪᠦᠲᠦᠮᠵᠢ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠡᠮᠦᠨ᠎ᠡ ᠹᠷᠣᠨᠲ᠂ ᠬᠥᠮᠦᠨ ᠪᠦᠷᠢ ᠳᠤ ᠳᠠᠮᠵᠢᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠯᠢᠭᠡᠷ ᠳᠠᠭᠤᠷᠢᠶᠠᠯ ᠪᠣᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号