ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 9 ᠰᠠᠯᠪᠤᠷᠢ ᠱᠤᠭᠤᠮ ᠤᠨ ᠪᠠᠷᠢᠯᠭ᠎ᠠ ᠪᠦᠬᠦ ᠲᠠᠯ᠎ᠠ ᠪᠠᠷ ᠡᠬᠢᠯᠡᠪᠠ
ᠨᠡᠶᠢᠲᠡᠯᠡᠭᠰᠡᠨ ᠴᠠᠭ᠄
2024/3/12
   ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠴᠤᠤᠯ ᠭᠤᠤᠯ ᠤᠨ ᠤᠰᠤ ᠶᠢ ᠯᠢᠶᠣᠤ ᠾᠧ ᠭᠤᠤᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 9 ᠰᠠᠯᠪᠤᠷᠢ ᠱᠤᠭᠤᠮ ᠤᠨ 9 ᠰᠠᠯᠪᠤᠷᠢ ᠱᠤᠭᠤᠮ ᠤᠨ ᠪᠠᠷᠢᠯᠭ᠎ᠠ ᠪᠦᠬᠦ ᠲᠠᠯ᠎ᠠ ᠪᠠᠷ ᠡᠬᠢᠯᠡᠵᠤ᠂ ᠤᠳᠤᠬᠠᠨ ᠳᠤ ᠠᠷᠠᠳ ᠢ ᠨᠡᠭᠦᠯᠭᠡᠨ ᠭᠠᠵᠠᠷ ᠲᠠᠲᠠᠪᠤᠷᠢᠯᠠᠬᠤ ᠠᠵᠢᠯ ᠢ ᠦᠨᠳᠦᠰᠦᠨ ᠳᠡᠭᠡᠨ ᠳᠠᠭᠤᠰᠬᠠᠨ᠂ 187 ᠺᠢᠯᠣᠮᠧᠲᠷ ᠬᠤᠭᠤᠯᠠᠶ ᠶᠢᠨ ᠮᠠᠲ᠋ᠧᠷᠢᠶᠠᠯ ᠤᠨ ᠦᠢᠯᠡᠳᠪᠦᠷᠢᠯᠡᠯ ᠢ ᠪᠠᠶᠠᠯᠠᠭᠦᠯᠵᠤ᠂ 122 ᠺᠢᠯᠣᠮᠧᠲᠷ ᠬᠤᠭᠤᠯᠠᠶ ᠶᠢᠨ ᠱᠤᠭᠤᠮ ᠢ ᠳᠡᠪᠢᠰᠤᠨ᠂ ᠨᠡᠶᠢᠲᠡ 17.96 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 31% ᠳᠤ ᠬᠦᠷᠴᠡᠶ᠃   ᠤᠶᠢᠯᠠᠭᠠᠭᠰᠠᠨ ᠢᠶᠠᠷ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠵᠢᠴᠢ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠭᠰᠠᠨ ᠤ ᠳᠠᠷᠠᠭ᠎ᠠ᠂ ᠥᠨᠳᠡᠭᠡᠨ ᠤᠰᠤᠨ ᠴᠥᠭᠦᠷᠥᠮ ᠢᠶᠠᠷ ᠳᠠᠮᠵᠢᠨ ᠴᠤᠤᠯ ᠭᠤᠣᠯ ᠤᠨ ᠤᠰᠤ ᠶᠢ ᠲᠣᠬᠢᠷᠠᠭᠤᠯᠵᠤ᠂ ᠴᠤᠤᠯ ᠭᠤᠣᠯ ᠤᠨ ᠳᠣᠤᠷᠠᠳᠤ ᠤᠷᠤᠰᠬᠠᠯ ᠤᠨ ᠲᠠᠷᠢᠶᠠᠯᠠᠩ ᠤᠨ ᠤᠰᠤᠯᠠᠯᠲᠠ ᠶᠢᠨ ᠨᠥᠬᠦᠴᠡᠯ ᠢ ᠰᠠᠶᠢᠵᠢᠷᠠᠭᠤᠯᠤᠨ᠂ ᠤᠰᠤ ᠳᠠᠮᠵᠢᠭᠤᠯᠬᠤ ᠵᠠᠮ ᠳᠠᠭᠠᠤ ᠶᠢᠨ ᠬᠤᠲᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠰᠤ ᠬᠠᠩᠭᠠᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠨ᠂ ᠲᠦᠩᠯᠢᠶᠣᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠵᠡᠭᠦᠨ ᠪᠡᠶ᠎ᠠ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠪᠠ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ ᠰᠡᠷᠭᠦᠭᠡᠬᠦ ᠠᠬᠢᠴᠠ ᠶᠢ ᠲᠦᠷᠬᠡᠳᠬᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠵᠡᠷᠭᠡ ᠳᠤ ᠲᠦᠢᠯ ᠤᠨ ᠴᠢᠬᠤᠯᠠ ᠦᠢᠯᠡᠳᠤᠯ ᠦᠵᠡᠭᠦᠯᠬᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号