︽ᠰᠢ ᠶᠢᠨ ᠫᠢᠩ ᠤᠨ ᠵᠣᠬᠢᠶᠠᠯ ᠪᠦᠳᠦᠭᠡᠯ ᠤᠨ ᠰᠣᠩᠭᠤᠮᠠᠯ︾ ᠤᠨ ᠨᠢᠭᠡᠳᠦᠭᠡᠷ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠵᠠᠢ
ᠨᠡᠶᠢᠲᠡᠯᠡᠭᠰᠡᠨ ᠴᠠᠭ᠄
2024/3/12
   ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠤᠳᠢ᠂ ᠬᠤᠶᠠᠳᠤᠭᠠᠷ ᠪᠤᠳᠢ ᠶᠢᠨ ᠠᠩᠭ᠍ᠯᠢ ᠬᠡᠯᠡᠨ ᠤ ᠬᠡᠪᠯᠡᠯ ᠢ ᠤᠢᠢᠷ᠎ᠠ ᠶᠢᠨ ᠡᠳᠦᠷ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃   ︽ᠰᠢ ᠶᠢᠨ ᠫᠢᠩ ᠤᠨ ᠵᠣᠬᠢᠶᠠᠯ ᠪᠦᠳᠦᠭᠡᠯ ᠤᠨ ᠰᠣᠩᠭᠤᠮᠠᠯ︾ ᠤᠨ ᠨᠢᠭᠡᠳᠦᠭᠡᠷ ᠪᠤᠲᠢ᠂ ᠬᠤᠶᠠᠳᠤᠭᠠᠷ ᠪᠤᠳᠢ ᠳᠤ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2022 ᠣᠨ ᠤ 10 ᠰᠠᠷ᠎ᠠ ᠪᠣᠯᠲᠠᠯᠠᠬᠢ ᠬᠤᠭᠤᠴᠠᠭᠠᠨ ᠳᠠᠬᠢ ᠴᠢᠬᠤᠯᠠ ᠵᠣᠬᠢᠶᠠᠯ ᠪᠦᠳᠦᠭᠡᠯ ᠢ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︾ ᠭᠡᠬᠦ ᠢᠯᠡᠳᠭᠡᠯ ᠢᠶᠠᠷ ᠡᠬᠢᠯᠡᠯᠲᠡ ᠪᠣᠯᠭᠠᠵᠤ᠂ ᠪᠤᠰᠤᠳ ᠵᠣᠬᠢᠶᠠᠯ ᠪᠦᠳᠦᠭᠡᠯ ᠤᠳ ᠢ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠪᠠ᠃   ︽ᠰᠢ ᠶᠢᠨ ᠫᠢᠩ ᠤᠨ ᠵᠣᠬᠢᠶᠠᠯ ᠪᠦᠳᠤᠭᠡᠯ ᠤᠨ ᠰᠣᠩᠭᠤᠮᠠᠯ︾ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠭᠦᠳᠦᠨ ᠨᠡᠭᠡᠭᠡᠬᠦ ᠶᠢᠨ ᠵᠡᠷᠭᠡ ᠪᠠᠷ ᠲᠠᠰᠤᠷᠠᠯᠳᠡ ᠦᠭᠡᠢ ᠰᠢᠨ᠎ᠡ ᠢᠯᠠᠯᠲᠠ ᠶᠢ ᠲᠡᠮᠡᠴᠡᠨ ᠣᠯᠵᠤ ᠪᠠᠶᠢᠭ᠎ᠠ ᠠᠭᠤᠤ ᠶᠡᠭᠡ ᠲᠡᠦᠬᠡᠨ ᠶᠠᠪᠤᠴᠠ ᠶᠢ ᠠᠮᠢᠳᠤᠯᠢᠭ ᠢᠶᠠᠷ ᠲᠡᠮᠳᠡᠭᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠠᠬᠢᠭᠤᠯᠤᠭᠠᠳ ᠣᠯᠤᠭᠰᠠᠨ ᠴᠢᠬᠤᠯᠠ ᠶᠡᠭᠡ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠲᠤᠰᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠢᠶᠠᠨ ᠬᠦᠴᠤᠷᠭᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠬᠦᠳᠦᠯᠦᠨ ᠳᠠᠭᠠᠭᠤᠯᠬᠤ ᠦᠨᠡᠨ ᠶᠣᠰᠣᠨ ᠤ ᠬᠦᠴᠦᠨ ᠪᠣᠯᠤᠨ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠰᠠᠶᠢᠬᠠᠨ ᠳᠡᠯᠡᠬᠡᠢ ᠵᠢᠷᠲᠢᠨᠴᠦ ᠶᠢ ᠪᠦᠳᠦᠬᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ ᠤᠨ ᠬᠠᠷᠢᠭᠤᠴᠠᠯᠭ᠎ᠠ ᠶᠢ ᠪᠣᠰᠤᠭ᠎ᠠ ᠴᠣᠭᠴᠠ ᠪᠠᠷ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠤᠨ᠎ᠠ᠃   ︽ᠰᠢ ᠶᠢᠨ ᠫᠢᠩ ᠤᠨ ᠵᠣᠬᠢᠶᠠᠯ ᠪᠦᠳᠦᠭᠡᠯ ᠤᠨ ᠰᠣᠩᠭᠤᠮᠠᠯ︾ ᠤᠨ ᠨᠢᠭᠡᠳᠦᠭᠡᠷ ᠪᠤᠳᠢ᠂ ᠬᠤᠶᠠᠳᠤᠭᠠᠷ ᠪᠤᠳᠢ ᠶᠢᠨ ᠠᠩᠭ᠍ᠯᠢ ᠬᠡᠯᠡᠨ ᠤ ᠬᠡᠪᠯᠡᠯ ᠢ ᠭᠠᠳᠠᠭᠠᠳᠤ ᠳᠤ ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲᠤᠮ ᠲᠠᠢ ᠣᠶᠢᠯᠠᠭᠠᠬᠤ ᠳᠤ ᠲᠤᠰᠠᠲᠠᠢ ᠪᠠᠶᠢᠵᠤ᠂ ᠳᠡᠯᠡᠬᠡᠢ ᠨᠡᠶᠢᠭᠡᠮ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠳᠤᠮᠳᠠᠳᠤ ᠢᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠲᠤᠬᠠᠢ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号