ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠤ ᠲᠡᠭᠦᠰᠪᠡ
ᠨᠡᠶᠢᠲᠡᠯᠡᠭᠰᠡᠨ ᠴᠠᠭ᠄
2024/3/12
   ᠵᠠᠰᠠᠭ ᠤᠨ ᠣᠷᠳᠣᠨ ᠤ ᠠᠵᠢᠯ ᠤᠨ ᠢᠯᠡᠳᠭᠡᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠡ ᠵᠡᠷᠭᠡ ᠶᠢ ᠵᠥᠪᠰᠢᠶᠡᠷᠡᠪᠡ   ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠵᠡᠢ   ᠰᠢ ᠶᠢᠨ ᠫᠢᠩ ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠡᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ     ᠵᠤᠤ ᠯᠧ ᠵᠢᠢ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠬᠦᠰ ᠠᠮᠵᠢᠯᠲᠠ ᠲᠠᠢ ᠪᠡᠶᠡᠯᠡᠬᠦᠯᠦᠬᠡᠳ 11 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ᠃ ᠶᠡᠭᠡ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠨ ᠨᠢᠬᠡᠳᠦᠬᠡᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ᠃
845.png
   ᠲᠡᠭᠦᠰᠭᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠤᠤ ᠯᠤ᠋ ᠵᠢᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ · ᠵᠠᠺᠤᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃   ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃   ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 2956 ᠬᠥᠮᠦᠨ ᠪᠠᠶᠢᠵᠥ᠂ 2900 ᠬᠥᠮᠦᠨ ᠣᠷᠣᠯᠴᠠᠵᠤ᠂ 56 ᠬᠥᠮᠦᠨ ᠣᠷᠣᠯᠴᠠᠭᠰᠠᠨ ᠦᠭᠡᠢ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃   ᠦᠳᠡ ᠶᠢᠨ ᠬᠤᠶᠢᠨᠠᠬᠢ 3 ᠴᠠᠭ ᠲᠤ ᠵᠣᠣ ᠯᠧ ᠵᠢᠶ ᠬᠤᠷᠠᠯ ᠡᠬᠢᠯᠡᠭᠰᠡᠨ ᠢ ᠵᠠᠷᠯᠠᠪᠠ᠃ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ᠃ ᠰᠢᠢᠳᠪᠦᠷᠢ ᠳᠤ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠭᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠣᠯᠤᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠳᠤᠰ ᠢᠯᠡᠳᠬᠡᠯ ᠢ ᠵᠥᠪᠰᠢᠶᠡᠷᠡᠬᠦ ᠪᠠᠷ ᠲᠣᠭᠲᠠᠵᠠᠢ ᠬᠡᠵᠥ ᠵᠢᠭᠠᠵᠥ ᠭᠠᠷᠭᠠᠪᠠ᠃   ᠬᠤᠷᠠᠯ ᠠᠴᠠ ᠪᠠᠳᠤᠯᠠᠯᠳᠠ ᠬᠢᠬᠦ ᠪᠠᠷ ᠳᠠᠮᠵᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠪᠠ᠃ ᠡᠨᠡ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠥ ᠬᠡᠷᠡᠭᠵᠢᠭᠦᠯᠦᠨ᠎ᠡ᠃   ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠤᠭᠳᠠᠪᠠ︔ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 ᠣᠨ ᠤ ᠲᠥᠪ ᠤᠨ ᠲᠥᠰᠦᠪ ᠢ ᠵᠥᠪᠰᠢᠶᠡᠷᠡᠬᠦ ᠪᠠᠷ ᠲᠤᠭᠳᠠᠪᠠ᠃ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠳᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠳᠡ ᠶᠢ ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ᠃   ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ᠃   ᠳᠠᠷᠠᠭ᠎ᠠ ᠨᠢ ᠵᠤᠤ ᠯᠧ ᠵᠢᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠦᠬᠦ ᠲᠥᠯᠥᠭᠡᠯᠡᠭᠴᠢᠳ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠭᠦᠷᠭᠡ ᠶᠢ ᠲᠣᠳᠣᠷᠬᠠᠶᠢᠯᠠᠵᠤ᠂ ᠢᠲᠡᠭᠡᠯ ᠢ ᠪᠠᠲᠤᠳᠬᠠᠪᠠ᠂ ᠡᠨᠡ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ ᠭᠡᠵᠦ ᠬᠡᠯᠡᠪᠡ᠃   ᠵᠤᠤ ᠯᠧ ᠵᠢᠢ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠤᠷᠮ᠎ᠠ ᠰᠡᠳᠭᠢᠯᠭᠡ ᠪᠣᠯᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠯ᠎ᠡ ᠵᠦᠢᠯ ᠤᠨ ᠮᠡᠳᠡᠭᠦᠯᠦᠯᠲᠡ ᠪᠣᠯᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠬᠤᠷᠠᠯ ᠤᠨ ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠤᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠭᠦᠢᠴᠡᠳ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯᠤᠨ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠢᠯᠡᠷᠡᠭᠦᠯᠪᠡ ᠭᠡᠵᠤ ᠵᠢᠭᠠᠵᠤ ᠭᠠᠷᠭᠠᠵᠠᠢ᠃   ᠵᠤᠤ ᠯᠧ ᠵᠢᠢ᠂ ᠡᠨᠡ ᠵᠢᠯ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡ ᠰᠡᠳᠭᠢᠯ ᠨᠢᠭᠡ ᠵᠣᠷᠢᠭ ᠢᠶᠠᠷ᠂ ᠰᠡᠳᠭᠢᠯ ᠨᠢᠬᠡᠳᠤᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠢᠯᠡᠳᠭᠡᠭᠰᠡᠨ ᠬᠦᠰᠡᠯ ᠰᠠᠨᠠᠭ᠎ᠠ᠂ ᠡᠭᠦᠳᠦᠭᠰᠡᠨ ᠲᠤᠷᠰᠢᠯᠭ᠎ᠠ᠂ ᠡᠳ᠋ᠯᠡᠵᠦ ᠪᠠᠶᠢᠭ᠎ᠠ ᠡᠷᠬᠡ᠂ ᠪᠠᠳᠠᠷᠠᠭᠤᠯᠵᠤ ᠪᠠᠶᠢᠭ᠎ᠠ ᠦᠢᠯᠡᠳᠦᠯ ᠢ ᠭᠦᠢᠴᠡᠳ ᠬᠦᠨᠳᠦᠳᠭᠡᠵᠦ᠂ ᠪᠦᠬᠦ ᠨᠡᠶᠢᠭᠡᠮ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠤᠷᠮ᠎ᠠ ᠰᠡᠳᠭᠢᠯᠭᠡ ᠪᠣᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠴᠢᠳᠠᠮᠠᠭᠠᠶ ᠠᠵᠢᠯᠯᠠᠨ ᠴᠢᠳᠠᠮᠠᠭᠠᠶ ᠪᠦᠲᠦᠭᠡᠵᠦ᠂ ᠬᠦᠴᠢᠷ ᠪᠡᠷᠬᠡᠰᠢᠶᠡᠯ ᠢ ᠨᠢᠭᠡᠳ ᠨᠢᠭᠡ ᠪᠠᠷ ᠴᠢᠷᠮᠠᠶᠢᠨ ᠢᠯᠡᠨ ᠳᠠᠪᠠᠵᠤ᠂ ᠪᠣᠳᠠᠲᠠᠶ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠦᠨ ᠂ ᠪᠦᠯᠬᠦᠮᠳᠡᠨ ᠲᠡᠮᠡᠴᠡᠬᠦ ᠳᠤᠮᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠶ ᠭᠡᠵᠠᠢ᠃   ᠵᠤᠤ ᠯᠧ ᠵᠢᠢ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ᠃ ᠪᠢᠳᠡ ᠪᠦᠬᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠦᠮᠡᠨ ᠤᠯᠠᠨ ᠢᠶᠠᠷ ᠢᠶᠠᠨ ᠰᠡᠳᠭᠢᠯ ᠨᠢᠭᠡᠳᠴᠦ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠤᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠤ ᠵᠢᠭᠠᠵᠤ ᠭᠠᠷᠭᠠᠪᠠ᠃   ᠦᠳᠡ ᠶᠢᠨ ᠬᠤᠶᠢᠨᠠᠬᠢ 3 ᠴᠠᠭ 31 ᠮᠢᠨᠦ᠋ᠲ ᠲᠤ᠂ ᠵᠤᠤ ᠯᠧ ᠵᠢᠢ᠄ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠡᠭᠦᠰᠪᠡ ᠭᠡᠵᠤ ᠨᠡᠶᠢᠳᠡᠯᠡᠵᠡᠢ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠦᠨᠳᠦᠷᠯᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号