ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
   ︵2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶   ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠴᠤ ᠬᠢᠨᠠᠨ ᠵᠦᠪᠯᠡᠪᠡ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠭᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠣᠯᠤᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠢᠯᠡᠳᠭᠡᠯ ᠢ ᠵᠥᠪᠰᠢᠶᠡᠷᠡᠬᠦ ᠪᠠᠷ ᠲᠣᠭᠲᠠᠪᠠ᠃   ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠤᠨᠤᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠦ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠦᠨ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠢ ᠦᠷᠭᠦᠯᠵᠢᠯᠡᠨ ᠠᠬᠢᠭᠤᠯᠤᠨ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠵᠤ ᠪᠣᠳᠠᠲᠠᠶ ᠠᠵᠢᠯᠯᠠᠵᠤ᠂ ᠪᠦᠯᠬᠦᠮᠳᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ ᠤᠭᠲᠤᠶ᠎ᠠ ᠭᠡᠵᠦ ᠤᠷᠢᠶᠠᠯᠠᠪᠠ︕   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号