ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
   ︵2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶   ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠬᠤᠷᠢᠶᠠᠨ ᠳᠠᠷᠤᠭ᠎ᠠ ᠵᠤᠤ ᠯᠤ᠋ ᠵᠢᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠃ ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠤᠯᠳᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠬᠦᠷᠭᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠳᠡ ᠶᠢ ᠵᠥᠪᠰᠢᠶᠡᠷᠡᠬᠦ ᠪᠠᠷ ᠲᠣᠭᠲᠠᠪᠠ᠃ᠬᠤᠷᠠᠯ ᠠᠴᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠵᠤ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠳᠤᠷ ᠪᠠᠷᠢᠮᠲᠠᠯᠠᠵᠤ᠂ ᠰᠠᠶᠢᠳᠤᠷ ᠳᠡᠭᠦᠯᠳᠡᠷᠵᠢᠬᠦᠯᠵᠦ᠂ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠭᠤᠷᠢᠨ ᠳᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠥᠷᠭᠡᠳᠭᠡᠨ ᠭᠦᠨᠵᠡᠭᠡᠶᠢᠷᠡᠭᠦᠯᠵᠦ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠬᠤ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号