ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ
ᠨᠡᠶᠢᠲᠡᠯᠡᠭᠰᠡᠨ ᠴᠠᠭ᠄
2024/3/12
   ︵2024 ᠣᠨ ᠤ 3 ᠰᠠᠷ᠎ᠠ ᠶᠢᠨ 10 ᠤ ᠡᠳᠦᠷ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠲᠤᠯᠠᠪᠠ︶   ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ 2024 ᠣᠨ ᠤ 3 ᠰᠠᠷ᠎ᠠ ᠶᠢᠨ 4 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃   ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠭᠡᠰᠢᠭᠦᠳ ᠲᠠᠢ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠪᠡ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠵᠦ᠂ ᠪᠣᠳᠠᠲᠠᠢ ᠶᠢ ᠡᠷᠬᠢᠮᠯᠡᠨ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠤᠯᠪᠠ᠃   ᠬᠤᠷᠠᠯ ᠠᠴᠠ ᠸᠠᠩ ᠬᠣ᠋ ᠨᠢᠩ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ᠂ ᠭᠤᠤ ᠶᠦᠨ ᠯᠦᠩ ᠤᠨ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠰᠤᠯᠠ ᠣᠷᠣᠯᠴᠠᠵᠤ᠂ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠨ ᠶᠠᠷᠢᠯᠴᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠵᠡᠷᠭᠡ ᠶᠢ ᠶᠠᠷᠢᠯᠴᠠᠵᠤ᠂ ᠵᠥᠪᠰᠢᠶᠡᠷᠡᠵᠦ ᠪᠠᠶᠢᠬᠤ ᠪᠠᠨ ᠢᠯᠡᠳᠭᠡᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠣᠲᠣᠭᠠᠳᠤ ᠭᠠᠳᠠᠭᠠᠳᠤ ᠶᠢᠨ ᠬᠦᠴᠢᠷ ᠪᠡᠷᠬᠡᠰᠢᠶᠡᠯ ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠶ ᠪᠥᠭᠡᠳ ᠪᠦᠲᠦᠮᠵᠢᠲᠡᠶ ᠪᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠢᠯᠡᠳᠲᠡ ᠦᠷ᠎ᠡ ᠪᠦᠲᠦᠮᠵᠢ ᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠤ ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠢ ᠲᠦᠢᠯ ᠤᠨ ᠶᠡᠭᠡ ᠪᠠᠷ ᠬᠦᠪᠴᠢᠯᠡᠪᠡ᠃ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠷᠬᠡᠪᠰᠢ ᠬᠤᠪᠢ ᠳᠠᠬᠢᠨ ᠨᠠᠨᠳᠢᠩᠨᠠᠬᠤ ᠬᠡᠷᠡᠭᠲᠡᠶ᠃   ︽ᠬᠤᠶᠠᠷ ᠢ ᠲᠤᠭᠲᠠᠭᠠᠭᠰᠠᠨ︾ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠯᠢᠪᠠ ᠲᠣᠭᠲᠠᠭᠠᠯᠲᠤ ᠪᠤᠰᠤ ᠴᠢᠨᠠᠷ ᠢ ᠠᠷᠭᠠᠴᠡᠭᠠᠬᠤ ᠬᠠᠮᠤᠭ ᠤᠨ ᠶᠡᠭᠡ ᠲᠤᠭᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ ᠪᠠᠲᠤᠯᠠᠭ᠎ᠠ ᠪᠣᠯᠬᠤ ᠶᠢ ᠦᠢᠯᠡᠳᠦᠯᠭᠡ ᠭᠦᠢᠴᠡᠳ ᠭᠡᠷᠡᠴᠢᠯᠡᠪᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠨᠢ ︽ᠬᠤᠶᠠᠷ ᠢ ᠲᠤᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠦᠵᠡᠪᠡ᠃   ᠶᠡᠷᠦᠩᠬᠡᠢ ᠱᠦᠵᠢ ᠰᠢ ᠶᠢᠨ ᠫᠢᠩ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠢᠯᠡᠴᠢᠯᠡᠵᠦ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠨᠤᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠡᠢ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠬᠡᠳᠡ ᠤᠷᠮᠠᠰᠢᠵᠤ᠂ ᠲᠦᠢᠯ ᠢᠶᠠᠷ ᠵᠣᠷᠢᠭᠵᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠲᠤᠭᠤᠶᠢᠯᠠᠩ ᠬᠠᠮᠳᠤᠷᠠᠬᠰᠡᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠤ ᠳᠠᠪᠠᠭᠤᠯᠢᠭ ᠦᠢᠯᠡᠳᠦᠯ ᠢᠶᠠᠨ ᠪᠠᠳᠠᠷᠠᠭᠤᠯᠬᠤ᠂ ᠡᠭᠦᠷᠭᠡ ᠴᠢᠳᠠᠪᠬᠢ ᠪᠠᠨ ᠨᠡᠩ ᠰᠠᠶᠢᠲᠤᠷ ᠭᠦᠢᠴᠡᠳᠭᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠶᠠᠷᠢᠶ᠎ᠠ ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠪᠦᠯᠬᠦᠮᠳᠡᠵᠦ ᠪᠣᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠬᠦᠨ ᠲᠠᠢ ᠪᠦᠯᠬᠦᠮᠳᠡᠵᠦ᠂ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠵᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠵᠣᠷᠢᠯᠲᠠ ᠪᠠᠨ ᠤᠯᠠᠮ ᠴᠢᠨᠠᠬᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ‍ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠦᠨᠳᠤᠷ ᠲᠦᠪᠰᠢᠨ ᠤ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号