ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠠ — ᠶᠡᠷᠦᠩᠬᠡᠢ ᠱᠦᠵᠢ ᠰᠢ ᠶᠢᠨ ᠫᠢᠩ 2024 ᠣᠨ ᠤ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠮᠳᠤ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠭᠰᠡᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2024/3/12

2024 ᠣᠨ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ

ᠠᠶᠠᠨ ᠳᠤ ᠢᠷᠠᠭᠤ ᠰᠠᠶᠢᠬᠠᠨ ᠬᠠᠭᠤᠳᠠᠰᠤ ᠪᠢᠴᠢᠭᠯᠡᠭᠳᠡᠬᠦ ᠨᠢ ᠯᠠᠪᠲᠠᠢ —

ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠃ ᠡᠭᠦᠨ ᠤ ᠬᠠᠮᠲᠤ᠂ ᠪᠦᠬᠦ

ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠵᠤ᠂

ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠᠨ ᠤᠭᠲᠤᠨ ᠠᠪᠤᠯ᠎ᠠ᠃

ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠲᠥᠯᠥᠪᠵᠢᠭᠦᠯᠦᠯᠳᠡ

ᠪᠠᠶᠢᠷᠢᠯᠠᠭᠤᠯᠤᠯᠳᠠ ᠬᠢᠯ᠎ᠡ᠃

ᠤᠢᠢᠷ᠎ᠠ ᠶᠢᠨ ᠡᠳᠦᠷ ᠤᠨ ᠳᠤᠷᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠤᠨ ᠪᠦᠬᠦ ᠤᠯᠤᠰ ᠤᠨ

ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ

ᠣᠷᠣᠯᠴᠠᠵᠤ᠂ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠴᠢᠯᠥᠭᠡᠯᠡᠬᠦ ᠴᠡᠷᠢᠭ

ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ

ᠣᠷᠣᠯᠴᠠᠵᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂

ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠬᠠᠮᠲᠤᠷᠠᠭᠰᠠᠨ

ᠳᠤᠭᠤᠶᠢᠯᠠᠩ ᠤᠨ ᠬᠤᠷᠠᠯ ᠳᠤᠨᠢ ᠣᠷᠣᠯᠴᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠤᠰ ᠤᠨ ᠶᠡᠭᠡ

ᠪᠤᠳᠤᠯᠭ᠎ᠠ ᠶᠢ ᠬᠠᠮᠲᠤ ᠪᠠᠷ ᠵᠥᠪᠳᠡᠯᠴᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃

ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ — ︽ᠤᠷᠢᠳ ᠢᠶᠠᠷ

ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠦᠭᠡᠷᠡᠴᠢᠯᠡᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ

᠂ ᠲᠦᠷᠦᠯ ᠬᠤᠪᠢᠶᠠᠨ ᠵᠢᠯᠣᠭᠤᠳᠤᠨ᠎ᠠ︾

ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ ᠦᠢᠯᠡᠳᠦᠯᠭᠡ ᠨᠢ ᠰᠢᠨ᠎ᠡ ᠬᠥᠭᠵᠢᠯᠲᠡ ᠶᠢᠨ ᠤᠨᠤᠯ ᠢᠶᠠᠷ

ᠵᠢᠯᠤᠭᠤᠳᠤᠭᠤᠯᠬᠤ ᠴᠢᠬᠤᠯᠠᠲᠠᠢ᠃ ᠨᠢᠳᠤᠨᠤᠨ ᠠᠴᠠ ᠨᠠᠭᠠᠰᠢ᠂ ᠨᠠᠮ ᠤᠨ ᠰᠢᠨ᠎ᠠ ᠶᠢ ᠡᠬᠦᠳᠦᠭᠰᠡᠨ ᠤᠨᠤᠯ ᠪᠠᠰᠠ ᠨᠢᠭᠡ

ᠤᠳᠠᠭ᠎ᠠ ᠪᠠᠶᠠᠯᠢᠭᠵᠢᠨ ᠬᠥᠭᠵᠢᠪᠡ —

ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ

ᠬᠦᠴᠦᠨ︾ ᠭᠡᠬᠦ ᠴᠢᠬᠤᠯᠠ ᠶᠡᠭᠡ ᠤᠬᠠᠭᠳᠠᠬᠤᠨ ᠢ ᠳᠤᠷᠠᠳᠤᠭᠰᠠᠨ ᠠᠴᠠ ᠠᠪᠤᠭᠠᠳ ᠲᠥᠪ ᠤᠨ ᠠᠵᠤ ᠠᠬᠤᠢ ᠶᠢᠨ

ᠠᠵᠢᠯ ᠤᠨ ᠬᠤᠷᠠᠯ ᠳᠡᠭᠡᠷ᠎ᠡ ᠴᠢᠬᠤᠯᠠ ᠪᠠᠶᠢᠷᠢᠯᠠᠭᠤᠯᠤᠯᠲᠠ ᠬᠢᠭᠰᠡᠨ ᠬᠦᠷᠲᠡᠯ᠎ᠡ᠂ ᠲᠠᠬᠢᠭᠠᠳ ᠨᠠᠮ ᠤᠨ ᠳᠦᠪ ᠬᠤᠷᠢᠶ᠎ᠠ ᠶᠢᠨ

ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ

ᠬᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠭᠦᠨ ᠭᠦᠨᠵᠡᠭᠡᠢ ᠪᠠᠶᠢᠯᠳᠤᠬᠤ ᠪᠤᠳᠤᠯᠭ᠎ᠠ ᠶᠢᠨ ᠬᠠᠷᠠᠴᠠ ᠪᠣᠯᠤᠨ ᠳᠡᠭᠡᠳᠦ

ᠬᠡᠮᠵᠢᠶᠡᠨ ᠤ ᠤᠨᠤᠯ ᠤᠨ ᠤᠬᠠᠮᠰᠠᠷ ᠢᠶᠠᠷ ︽ᠶᠠᠭᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ᠂

ᠶᠠᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨ᠎ᠡ ᠴᠢᠨᠠᠷ ᠪᠦᠬᠦᠢ

ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ︾ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ

ᠥᠭᠴᠡᠢ᠃

ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠪᠦᠯᠬᠦᠮ

ᠳᠤᠭᠤᠶᠢᠯᠠᠩ ᠳᠤ ᠬᠦᠷᠴᠦ᠂ ᠭᠤᠷᠪᠠ ᠤᠳᠠᠭ᠎ᠠ ︽ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ︾ ᠤ ᠲᠤᠬᠠᠢ

ᠶᠠᠷᠢᠵᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ ᠢ ᠴᠢᠨᠠᠭᠰᠢᠳᠠ

ᠲᠣᠳᠣᠷᠬᠠᠶᠢᠯᠠᠨ ᠥᠭᠦᠯᠡᠵᠡᠢ᠃

3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂

ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠃

ᠲᠢᠶᠠᠨ ᠾᠧ ᠭᠡᠷᠡᠯᠴᠢ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠶ ᠹᠠᠨ

ᠲᠥᠯᠥᠭᠡᠯᠡᠭᠴᠢ ᠦᠭᠡ ᠬᠡᠯᠡᠬᠦ ‍ᠦᠶ᠎ᠡ ᠳᠤ᠂ ᠬᠡᠷᠡᠯᠴᠢ ᠴᠡᠨᠡᠭ ᠤᠨ ᠰᠢᠨᠵᠢᠯᠡᠬᠦ ᠤᠬᠠᠭᠠᠨ ᠪᠣᠯᠤᠨ ᠮᠡᠷᠭᠡᠵᠢᠯ ᠤᠨ ᠤᠯᠤᠰ ᠤᠨ

ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠪᠤᠯᠬᠤ ᠲᠡᠭᠦᠨ ᠤ ᠨᠥᠭᠦᠭᠡ ᠨᠢᠭᠡ ᠪᠡᠶ᠎ᠡ ᠶᠢᠨ ᠭᠠᠷᠤᠯ ᠨᠢ

ᠶᠡᠷᠦᠩᠬᠡᠶ ᠱᠦᠵᠢ ᠶᠢᠨ ᠠᠩᠬᠠᠷᠤᠯ ᠢ ᠲᠠᠲᠠᠪᠠ᠃

︽ᠲᠠᠨ ᠤ ᠡᠨᠡ ᠬᠦ ᠲᠤᠷᠰᠢᠯᠲᠠ ᠶᠢᠨ ᠲᠠᠰᠤᠭ ᠴᠢᠨᠢ ᠬᠠᠮᠢᠭ᠎ᠠ ᠲᠤᠬᠢᠷᠠᠭᠤᠯᠤᠭᠰᠠᠨ ᠪᠤᠢ︖︾ ᠭᠡᠵᠦ ᠶᠡᠷᠦᠩᠬᠡᠢ ᠱᠦᠵᠢ

ᠠᠰᠠᠭᠤᠪᠠ᠃

︽ᠴᠠᠩᠵᠸᠦ ᠪᠣᠯᠤᠨ ᠱᠠᠩᠬᠠᠢ ᠳᠤ ᠪᠦᠷ ᠪᠤᠢ᠂ ᠪᠢᠳᠡ ᠠᠵᠤ ᠠᠬᠤᠶᠢᠯᠠᠯ ᠪᠣᠯᠤᠨ ᠶᠡᠭᠡ ᠰᠤᠷᠭᠠᠭᠤᠯᠢ ᠬᠤᠯᠪᠣᠭᠠᠯᠠᠨ

ᠪᠦᠳᠦᠭᠡᠨ ᠪᠠᠶᠢᠭᠤᠯᠵᠤ᠂ ᠰᠠᠭᠤᠷᠢ ᠰᠤᠳᠤᠯᠭᠠᠨ᠂ ᠬᠤᠰᠢᠭᠤᠷᠠᠯ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠢ

ᠨᠡᠪᠲᠡᠷᠡᠭᠦᠯᠵᠠᠢ︾ ᠭᠡᠵᠦ ᠭᠤᠤ ᠵᠢᠢ ᠹᠠᠨ ᠬᠡᠯᠡᠪᠡ᠃

︽ᠬᠡᠷᠡᠯᠴᠢ ᠴᠡᠨᠡᠭ ᠤᠨ ᠠᠵᠤ ᠦᠢᠯᠡᠰ ᠢ ᠤᠯᠤᠰ ᠲᠠᠭᠠᠨ ᠦᠢᠯᠡᠳᠪᠦᠷᠢᠯᠡᠬᠦ ᠲᠠᠯ᠎ᠠ ᠠᠴᠠ ᠠᠪᠴᠤ ᠦᠵᠡᠪᠡᠯ ᠪᠠᠰᠠ ᠶᠠᠮᠠᠷ

ᠳᠤᠲᠠᠭᠤᠳᠠᠯ ᠪᠠᠶᠢᠬᠤ ᠪᠣᠶ︖︾᠂ ︽ᠣᠳᠣ ᠴᠠᠬᠢᠯᠭᠠᠨ ᠲᠣᠣᠷ ᠲᠠᠢ ᠵᠠᠯᠭᠠᠬᠤ ᠳᠤ ᠶᠠᠮᠠᠷ ᠠᠰᠠᠭᠤᠳᠠᠯ ᠪᠠᠶᠢᠨ᠎ᠠ ᠦᠦ︖︾

ᠭᠡᠵᠦ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠃

ᠭᠤᠤ ᠵᠢᠶ ᠹᠠᠨ ᠶᠡᠷᠦᠩᠬᠡᠶ ᠱᠦᠵᠢ ᠳᠤ᠂ ᠲᠡᠭᠦᠨ ᠤ ᠪᠠᠶᠢᠭ᠎ᠠ ᠠᠵᠤ ᠠᠬᠤᠶᠢᠯᠠᠯ ᠨᠢ 20 ᠭᠠᠷᠤᠶ ᠵᠢᠯ ᠤᠨ ᠲᠤᠷᠰᠢ

ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠯᠴᠢ ᠴᠡᠨᠡᠭ ᠤᠨ ᠬᠦᠷᠢᠶᠡᠨ ᠤ

ᠮᠡᠷᠭᠡᠵᠢᠯ ᠤᠨ ᠦᠨᠳᠦᠷᠯᠢᠭ ᠢ ᠴᠢᠷᠮᠠᠶᠢᠨ ᠡᠵᠡᠯᠡᠪᠡ᠃ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠦᠢᠯᠡᠳᠪᠦᠷᠢᠯᠡᠬᠦ

ᠵᠢᠭᠠᠬᠤ ᠰᠤᠳᠤᠯᠬᠤ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠠᠮ ᠢᠶᠠᠷ ᠵᠠᠮᠨᠠᠵᠤ᠂ ᠲᠣᠨᠣᠭᠯᠠᠯ᠂ ᠲᠦᠭᠦᠬᠡᠢ ᠮᠠᠲ᠋ᠧᠷᠢᠶᠠᠯ ᠢ

ᠦᠨᠳᠦᠰᠦᠨ ᠳᠡᠭᠡᠨ ᠤᠯᠤᠰ ᠲᠠᠭᠠᠨ ᠦᠢᠯᠡᠳᠪᠦᠷᠢᠯᠡᠬᠦ ᠶᠢ ᠡᠵᠡᠮᠳᠡᠵᠦ ᠪᠣᠯᠤᠨ᠎ᠠ ᠭᠡᠵᠦ ᠬᠡᠯᠡᠵᠦ ᠦᠭᠴᠡᠢ᠃

ᠶᠡᠷᠦᠩᠬᠡᠶ ᠱᠦᠵᠢ ᠲᠣᠯᠣᠭᠠᠶ ᠳᠣᠬᠢᠨ ᠮᠠᠭᠲᠠᠨ ᠰᠠᠶᠢᠰᠢᠶᠠᠪᠠ᠃

ᠶᠡᠷᠦᠩᠬᠡᠢ ᠱᠦᠵᠢ ᠰᠢ ᠶᠢᠨ ᠫᠢᠩ ᠤᠨ ᠦᠵᠡᠬᠦ ᠪᠠᠷ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠤ ︽

ᠣᠨᠴᠠᠯᠢᠭ ᠨᠢ ᠰᠢᠨ᠎ᠡ ᠶᠢ ᠡᠭᠦᠳᠬᠦ ᠳᠤ ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ

ᠦᠢᠯᠡᠳᠪᠦᠷᠢᠯᠡᠯ ᠤᠨ ᠬᠦᠴᠦᠨ ᠳᠤ ᠪᠤᠢ︾᠃ ᠡᠭᠦᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠨᠢ ᠭᠤᠣᠯᠯᠠᠬᠤ ᠦᠢᠯᠡᠳᠦᠯ ᠦᠵᠡᠭᠦᠯᠵᠦ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ

ᠭᠤᠣᠯ ᠬᠦᠴᠦᠨ ᠵᠦᠢᠯ ᠪᠣᠯᠤᠨ᠎ᠠ᠃

ᠨᠢᠳᠤᠨᠤᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ

ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠢᠶᠠᠩᠰᠦ ᠳᠤ ︽ᠪᠦᠬᠦ

ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ ᠶᠢ ᠣᠯᠭᠤᠪᠠ᠃

ᠡᠨᠡ ᠤᠳᠠᠭ᠎ᠠ᠂ ᠶᠡᠷᠦᠩᠬᠡᠢ ᠱᠦᠵᠢ ᠵᠢᠶᠠᠩᠰᠦ ᠶᠢ ︽ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠲᠠᠢ ᠪᠠᠶᠢᠯᠳᠤᠬᠤ

ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠨ ᠴᠣᠭᠴᠠᠯᠠᠵᠤ᠂

ᠵᠢᠶᠠᠩᠰᠦ ᠶᠢ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ

ᠪᠣᠯᠭᠠᠬᠤ ᠬᠡᠷᠡᠭᠲᠡᠢ︾ ᠭᠡᠵᠦ ᠵᠣᠷᠢᠭᠵᠢᠭᠤᠯᠪᠠ᠃

ᠬᠢᠨᠠᠨ ᠵᠥᠪᠯᠡᠬᠦ ᠳᠤᠮᠳᠠ᠂ ᠵᠢᠶᠠᠩᠰᠦ ᠮᠤᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠨᠢᠭᠡ ᠵᠢᠯ ᠤᠨ ᠲᠤᠷᠰᠢᠬᠢ ᠡᠨᠡ ᠬᠦ

ᠵᠡᠭᠦᠨ ᠤᠷᠤᠨ ᠤ ᠠᠵᠤ ᠠᠬᠤᠶ ᠶᠢᠨ ᠲᠣᠮᠣ ᠮᠤᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠄

ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ 3.2% ᠣᠷᠴᠢᠮ ᠪᠠᠶᠢᠵᠤ᠂ ᠠᠵᠤ

ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠰᠢᠨ᠎ᠡ

ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ 41.3% ᠪᠠ 49.9% ᠪᠣᠯᠲᠠᠯ᠎ᠠ ᠳᠡᠭᠡᠭᠰᠢᠯᠡᠭᠦᠯᠪᠡ ᠁

︽ᠵᠢᠶᠠᠩᠰᠦ ᠪᠣᠯ ᠦᠢᠯᠡᠳᠬᠦ ᠦᠢᠯᠡᠰ ᠤᠨ ᠲᠤᠮᠤ ᠮᠤᠵᠢ ᠮᠥᠨ᠃ ᠪᠦᠬᠦ ᠤᠯᠤᠰ ᠤᠨ ᠠᠵᠤ ᠠᠬᠤᠢ ᠶᠢᠨ ᠶᠡᠷᠦᠩᠬᠡᠢ

ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠤ᠂ ᠲᠠ ᠨᠠᠷ ᠤᠨ ᠬᠢ 12.8 ᠲᠦᠮᠡᠨ ᠳ᠋ᠦᠩᠰᠢᠭᠤᠷ

ᠲᠥᠭᠦᠷᠢᠭ ᠲᠤ ᠬᠦᠷᠴᠡᠢ᠂ ᠶᠠᠭ ᠠᠷᠪᠠᠨ ᠤ ᠨᠢᠭᠡ ᠪᠣᠯᠤᠨ᠎ᠠ᠂ ᠲᠤᠩ ᠰᠦᠷᠡᠬᠡᠢ ᠪᠠᠶᠢᠨ᠎ᠠ᠃ ᠵᠢᠶᠠᠩᠰᠦ ᠰᠢᠨ᠎ᠡ ᠴᠢᠨᠠᠷ ᠪᠦ᠋ᠬᠦᠢ

ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠨᠥᠬᠦᠴᠡᠯ ᠪᠣᠯᠤᠨ ᠴᠢᠳᠠᠪᠤᠷᠢ ᠲᠠᠢ ᠶᠤᠮ︾᠃ ᠶᠡᠷᠦᠩᠬᠡᠢ

ᠱᠦᠵᠢ ᠰᠢ ᠶᠢᠨ ᠫᠢᠩ᠄ ︽ᠬᠡᠳᠦᠨ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ

ᠬᠤᠷᠠᠯ ᠳᠡᠭᠡᠷ᠎ᠡ᠂ ᠪᠢ ᠠᠵᠤ ᠠᠬᠤᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠪᠦᠷ ᠭᠤᠸᠠᠩᠳᠦ᠋ᠩ᠂ ᠵᠢᠶᠠᠩᠰᠦ

ᠵᠡᠷᠭᠡ ᠠᠵᠤ ᠠᠬᠤᠢ ᠶᠢᠨ ᠲᠤᠮᠤ ᠮᠤᠵᠢ ᠶᠢ ᠳᠤᠷᠠᠳᠴᠤ᠂ ᠲᠠ ᠨᠠᠷ ᠡᠨᠡ ᠬᠦ ᠨᠢᠷᠤᠭᠤ ᠶᠢ ᠲᠤᠯᠭᠠᠭᠤᠷᠢ ᠪᠤᠯᠬᠤ ᠦᠭᠡᠢ ᠪᠣᠯ

ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠶᠤᠮ ᠭᠡᠵᠦ ᠬᠡᠯᠡᠵᠤ ᠦᠩᠭᠡᠷᠡᠭᠰᠡᠨ ᠶᠤᠮ᠃ ᠲᠠ ᠨᠠᠷ

ᠮᠠᠰᠢ ᠴᠢᠬᠤᠯᠠ ᠪᠠᠶᠢᠵᠤ᠂ ᠣᠷᠣᠯᠠᠭᠤᠯᠵᠤ ᠪᠤᠯᠤᠰᠢ ᠦᠭᠡᠢ︾ ᠭᠡᠵᠦ ᠬᠡᠯᠡᠪᠡ᠃

ᠠᠮᠵᠢᠯᠲᠠ ᠶᠢ ᠨᠤᠲᠠᠯᠠᠬᠤ ᠶᠢᠨ ᠵᠡᠷᠭᠡ ᠪᠠᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ᠄ ︽ᠰᠢᠨ᠎ᠡ

ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ

ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ

ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ

ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ

ᠲᠡᠭᠦᠯᠳᠡᠷᠵᠢᠭᠦᠯᠬᠦ ᠬᠡᠷᠡᠭᠲᠡᠢ︾᠃

ᠡᠳᠡᠭᠡᠷ ᠦᠭᠡ ᠨᠢ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠪᠲᠤᠯᠤᠯᠲᠠ ᠶᠢᠨ ᠴᠡᠭ ᠪᠠ

ᠭᠤᠣᠯ ᠰᠢᠪᠲᠤᠯᠬᠤ ᠴᠢᠭᠯᠡᠯ ᠢ ᠲᠣᠳᠣᠷᠬᠠᠢ ᠵᠢᠭᠠᠵᠤ ᠭᠠᠷᠭᠠᠪᠠ᠃

︽ᠶᠠᠷᠢᠶᠠᠨ ᠥᠬᠡᠶ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ

ᠦᠢᠯᠡᠰ ᠢ ᠣᠮᠲᠣᠭᠠᠶᠢᠯᠠᠵᠤ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠳᠦᠷᠭᠢᠯᠳᠦᠵᠦ᠂ ᠬᠥᠭᠡᠰᠦᠷᠡᠬᠦ ᠠᠴᠠ

ᠰᠡᠷᠭᠡᠶᠢᠯᠡᠬᠦ ᠬᠡᠷᠡᠭᠲᠡᠶ᠂ ᠪᠠᠰᠠ ᠨᠢᠭᠡ ᠯᠡ ᠵᠦᠢᠯ ᠤᠨ ᠵᠠᠭᠪᠤᠷ ᠢᠶᠠᠷ ᠶᠠᠪᠤᠭᠳᠠᠭᠤᠯᠵᠤ ᠪᠣᠯᠬᠤ ᠥᠬᠡᠶ︾᠃ ᠶᠡᠷᠦᠩᠬᠡᠢ ᠱᠦᠵᠢ

ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠨᠡᠩ ᠭᠦᠨᠵᠡᠭᠡᠢ ᠪᠣᠳᠣᠯᠬᠢᠯᠠᠯ ᠢᠶᠠᠨ ᠳᠡᠯᠭᠡᠯ᠎ᠡ

ᠨᠢᠭᠡ ᠯᠡ ᠠᠳᠠᠯᠢ ‍ᠦᠭᠡ ᠶᠢ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠡᠳᠦᠷ ᠨᠢ ᠶᠠᠪᠤᠭᠳᠠᠭᠰᠠᠨ ᠤᠯᠤᠰ ᠲᠦᠷᠦ ᠶᠢᠨ

ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ᠃

3 ᠰᠠᠷ᠎ᠠ ᠶᠢᠨ 6 ᠤ ᠦᠳᠡ ᠶᠢᠨ ᠬᠤᠶᠢᠨ᠎ᠠ᠂ ᠪᠡᠭᠡᠵᠢᠩ ᠤᠨ ᠨᠥᠬᠦᠷᠯᠡᠯ ᠵᠣᠴᠢᠳ ᠤᠨ ᠪᠠᠭᠤᠳᠠᠯ ᠤᠨ ᠵᠢᠤᠢ ᠵᠢᠩ

ᠲᠢᠩᠬᠢᠮ ᠳᠤ ᠠᠷᠠᠳᠴᠢᠯᠠᠭᠰᠠᠨ ᠪᠦᠯᠬᠦᠮᠳᠡᠯ ᠲᠠᠢ ᠪᠣᠳᠠᠲᠠᠢ ᠶᠢ ᠡᠷᠬᠢᠮᠯᠡᠵᠦ ᠡᠷᠡᠮᠡᠬᠡᠶᠢᠯᠡᠨ ᠤᠷᠤᠭᠰᠢᠯᠠᠬᠤ ᠠᠭᠤᠷ

ᠠᠮᠢᠰᠬᠤᠯ ᠢᠶᠠᠷ ᠪᠢᠯᠬᠠᠵᠤ ᠪᠠᠶᠢᠯ᠎ᠠ᠃ ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ

ᠭᠡᠰᠢᠭᠦᠳ ᠲᠠᠢ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ᠂ ᠶᠠᠷᠢᠶᠠᠨ ᠤ ᠰᠡᠳᠦᠪ ᠠᠭᠠᠵᠢᠮ ᠢᠶᠠᠷ ︽ᠰᠢᠨ᠎ᠡ ᠴᠢᠨᠠᠷ

ᠪᠦ᠋ᠬᠦᠢ ᠦᠢᠯᠡᠳᠪᠦᠷᠢᠯᠡᠯ ᠤᠨ ᠬᠦᠴᠦᠨ︾ ᠳᠡᠭᠡᠷ᠎ᠡ ᠲᠥᠪᠯᠡᠷᠡᠪᠡ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠢᠨ ᠠᠴᠠ ᠢᠷᠡᠭᠰᠡᠨ ᠵᠤᠤ ᠢᠦᠢ ᠯᠢᠶᠠᠩ ᠭᠡᠰᠢᠭᠦᠨ᠂

ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠪᠠᠷ

ᠭᠠᠷᠳᠡᠴᠡ ᠪᠣᠯᠭᠠᠵᠤ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ᠃

ᠲᠡᠷᠡ᠄ ︽ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠤᠨ ᠡᠭᠦᠳᠦᠯᠲᠡ ᠶᠢᠨ ᠲᠤᠰᠬᠠᠢ

ᠠᠰᠢᠭ ᠤᠨ ᠡᠷᠬᠡ ᠨᠢ ᠤᠯᠠᠨ ᠪᠣᠯᠪᠠᠴᠤ ᠨᠠᠶᠢᠳᠠᠪᠤᠷᠢᠵᠢᠭᠤᠯᠵᠤ ᠤᠨᠳᠤᠤᠰᠢᠭᠤᠯᠤᠭᠰᠠᠨ ᠨᠢ ᠪᠠᠭ᠎ᠠ᠃ ᠮᠠᠨ ᠤ ᠤᠯᠤᠰ ᠤᠨ

ᠠᠵᠤ ᠠᠬᠤᠶᠢᠯᠠᠯ ᠤᠨ ᠲᠤᠰᠬᠠᠶ ᠠᠰᠢᠭ ᠤᠨ ᠤᠨᠳᠤᠤᠰᠢᠭᠤᠯᠤᠯᠳᠠ ᠪᠠᠰᠠ ᠨᠡᠯᠢᠶᠡᠳ ᠶᠡᠭᠡ ᠣᠷᠣᠨ ᠵᠠᠶ ᠲᠠᠢ ᠪᠠᠶᠢᠨ᠎ᠠ᠃

ᠰᠢᠨ᠎ᠡ ᠶᠢ ᠡᠭᠦᠳᠬᠦ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ ︿ᠬᠠᠷᠢᠯᠴᠠᠨ ᠤᠶᠠᠯᠳᠤᠬᠤ ᠳᠤ ᠪᠡᠷᠬᠡ﹀ ᠪᠠᠶᠢᠬᠤ ᠪᠣᠯ

ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠤ ᠪᠦᠷᠢᠯᠳᠦᠬᠦ ᠶᠢ ᠬᠠᠷᠰᠢᠯᠠᠵᠤ ᠪᠠᠶᠢᠭ᠎ᠠ ᠪᠤᠭᠤᠮᠢ ᠮᠥᠨ︾ ᠭᠡᠵᠦ

ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠭᠦᠨ ᠲᠦᠷᠦᠭᠳᠡᠯ ᠲᠠᠢ ᠬᠡᠯᠡᠪᠡ᠃

ᠶᠡᠷᠦᠩᠬᠡᠢ ᠱᠦᠵᠢ ᠰᠢ ᠶᠢᠨ ᠫᠢᠩ᠄ ︽ᠥᠩᠭᠡᠷᠡᠭᠰᠡᠨ ᠤ ᠰᠤᠳᠤᠯᠭᠠᠨ ᠪᠣᠯᠤᠨ ᠦᠢᠯᠡᠳᠪᠦᠷᠢᠯᠡᠯ ᠠᠰ ᠠᠰ ᠲᠠᠭᠠᠨ

ᠶᠠᠪᠤᠬᠳᠠᠵᠤ ᠪᠠᠶᠢᠬᠰᠠᠨ ᠶᠤᠮ᠂ ᠤᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ

ᠨᠤᠷᠮ᠎ᠠ ᠥᠩᠭᠡᠷᠡᠭᠰᠡᠨ ᠤ ᠬᠢ ᠠᠴᠠ ᠬᠤᠯᠠ ᠥᠨᠳᠥᠷ ᠪᠣᠯᠵᠠᠢ᠂ ᠢᠯᠠᠩᠭᠤᠶ᠎ᠠ ᠠᠵᠤ ᠠᠬᠤᠶᠢᠯᠠᠯ ᠤᠨ ᠲᠤᠰ ᠪᠡᠶ᠎ᠡ ᠶᠢᠨ

ᠰᠢᠭᠤᠳ ᠰᠤᠳᠤᠯᠤᠨ ᠨᠡᠭᠡᠭᠡᠯᠳᠠ ᠨᠢ ᠦᠷ᠎ᠡ ᠪᠦᠲᠦᠭᠡᠯ ᠢ ᠣᠨᠳᠣᠣᠰᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ

ᠠᠬᠤᠶᠢᠯᠠᠯ ᠬᠠᠮᠲᠤ ᠶᠢᠨ ᠴᠣᠭᠴᠠ ᠶᠢ ᠪᠦᠷᠢᠯᠳᠦᠭᠦᠯᠪᠡ᠂ ᠡᠶᠢᠮᠦᠷᠬᠦᠦ ᠬᠠᠨᠳᠤᠰᠢ ᠴᠢᠭᠯᠡᠯ ᠨᠢ ᠵᠥᠪ ᠪᠠᠶᠢᠨ᠎ᠠ᠂ ᠬᠤᠷᠳᠤᠨ

ᠮᠤᠷᠢᠨ ᠳᠤ ᠲᠠᠰᠢᠭᠤᠷ ᠨᠡᠮᠡᠵᠦ᠂ ᠤᠷᠮᠠᠰᠢᠭᠤᠯᠤᠨ ᠵᠣᠷᠢᠭᠵᠢᠭᠤᠯᠬᠤ᠂ ᠠᠬᠢᠭᠤᠯᠬᠤ ᠲᠦᠷᠦ ᠶᠢᠨ ᠪᠤᠳᠤᠯᠭ᠎ᠠ ᠶᠢ ᠤᠯᠠᠮ

ᠰᠠᠶᠢᠲᠤᠷ ᠠᠳᠬᠤᠬᠤ ᠬᠡᠷᠡᠭᠲᠡᠢ︾ ᠭᠡᠵᠦ ᠬᠠᠷᠢᠭᠤᠯᠪᠠ᠃

ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ᠂ ︽ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠭᠦ ᠶᠢ ᠪᠠᠷᠢᠮᠲᠠᠯᠠᠵᠤ᠂

ᠤᠷᠢᠳ ᠢᠶᠠᠷ ᠰᠢᠨ᠎ᠠ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢᠶᠠᠨ ᠦᠭᠡᠷᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ

ᠲᠤᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠬᠤ ᠬᠡᠷᠡᠭᠲᠡᠢ︾ ᠭᠡᠵᠦ ᠴᠢᠬᠤᠯᠠᠴᠢᠯᠠᠪᠠ︔ ᠥᠭᠡᠷᠡᠴᠢᠯᠡᠯᠲᠡ ᠶᠢ

ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠳᠤ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ

ᠬᠦᠯᠢᠶᠡᠰᠦᠯᠡᠵᠦ ᠪᠠᠶᠢᠭ᠎ᠠ ᠲᠦᠭᠵᠢᠷᠡᠯ ᠪᠤᠭᠤᠮᠢ ᠶᠢ ᠬᠦᠴᠦᠯᠡᠨ ᠨᠡᠪᠳᠡᠷᠡᠭᠦᠯᠬᠦ ᠬᠡᠷᠡᠭᠳᠠᠢ︾ ᠭᠡᠵᠦ ᠳᠤᠷᠠᠳᠴᠠᠢ︔ ᠰᠢᠨᠵᠢᠯᠡᠬᠦ

ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ᠂ ︽ᠨᠡᠩ ᠤᠯᠠᠨ ᠤᠤᠭᠠᠯ ᠡᠭᠦᠳᠦᠯᠲᠡ ᠶᠢᠨ

ᠴᠢᠨᠠᠷᠲᠠᠢ᠂ ᠲᠤᠩᠰᠤᠯᠤᠯᠳᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ

ᠪᠦᠲᠦᠭᠡᠯ ᠢ ᠡᠵᠡᠮᠰᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠰᠢᠨ᠎ᠡ ᠬᠥᠳᠡᠯᠭᠡᠬᠦ

ᠡᠨᠧᠷᠭᠢ ᠶᠢ ᠪᠤᠶᠢᠵᠢᠭᠤᠯᠬᠤ ᠬᠡᠷᠡᠭᠲᠡᠢ︾ ᠭᠡᠵᠦ ᠱᠠᠭᠠᠷᠳᠠᠪᠠ︔ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ

ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ ᠣᠷᠣᠯᠴᠠᠬᠤ ᠳᠠᠭᠠᠨ᠂ ︽ᠰᠢᠨ᠎ᠡ ᠴᠢᠨᠠᠷ

ᠪᠦᠬᠦᠢ ᠦᠢᠯᠡᠳᠪᠦᠷᠢᠯᠡᠯ ᠤᠨ ᠬᠦᠴᠦᠨ ᠪᠣᠯᠤᠨ ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠢ ᠥᠨᠳᠥᠷ ᠪᠦᠲᠦᠮᠵᠢᠲᠡᠢ

ᠠᠭᠤᠰᠤᠯᠴᠠᠭᠤᠯᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ︾ ᠭᠡᠵᠦ ᠱᠠᠭᠠᠷᠳᠠᠪᠠ ᠁

ᠣᠳᠣᠬᠠᠨ ᠪᠠ ᠠᠯᠤᠰ ᠬᠡᠲᠦ ᠳᠤ ᠰᠠᠭᠤᠷᠢᠯᠠᠨ᠂ ᠣᠷᠣᠨ ᠪᠦᠰᠡ ᠪᠠ ᠪᠥᠬᠦ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂

ᠶᠡᠷᠦᠩᠬᠡᠶ ᠱᠦᠵᠢ ᠰᠢ ᠶᠢᠨ ᠫᠢᠩ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠣᠨᠣᠯ ᠪᠠ

ᠦᠢᠯᠡᠳᠦᠯᠭᠡ ᠶᠢᠨ ᠠᠰᠠᠭᠤᠳᠠᠯ ᠢ ᠤᠯᠠᠮ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠳᠤ ᠠᠶᠠᠯᠠᠯ ᠢ

ᠵᠢᠯᠤᠭᠤᠳᠤᠨ ᠴᠢᠭᠯᠡᠯ ᠢ ᠲᠤᠭᠳᠠᠭᠠᠵᠠᠢ᠃

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢᠰᠤᠩᠭᠤᠢ ᠠᠷᠭ᠎ᠠ — ︽ᠦᠩᠭᠡ ᠦᠵᠡᠮᠵᠢ ᠶᠢ ᠪᠠᠷᠠᠯᠠᠨ

ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠤᠬᠢᠮᠤᠢ︾

︽ᠪᠢᠳᠡ ᠨᠢᠩᠰᠢᠶᠠ ᠶᠢᠨ ᠬᠦ᠋ᠶᠤᠸᠠᠨ ᠳᠤ ᠤᠰᠤᠨ ᠤ ᠣᠷᠴᠢᠨ ᠲᠣᠭᠤᠷᠢᠨ ᠤ ᠵᠠᠰᠠᠯᠲᠠ ᠬᠢᠵᠤ ᠪᠠᠶᠢᠬᠤ ᠦᠶ᠎ᠡ ᠳᠤ᠂

ᠲᠤᠬᠠᠢ ᠶᠢᠨ ᠭᠠᠵᠠᠷ ᠤᠨ ᠠᠷᠠᠳ ᠴᠠᠢ ᠬᠤᠭᠤᠯᠠ ᠬᠦᠷᠭᠡᠵᠦ᠂ ᠮᠠᠨ ᠤ ᠠᠵᠢᠯ ᠢ ᠳᠡᠮᠵᠢᠪᠡ︾

︽ᠲᠠ ᠨᠠᠷ ᠭᠤᠣᠯᠳᠠᠭᠤ ᠶᠠᠮᠠᠷ ᠶᠠᠩᠵᠤ ᠶᠢᠨ ᠤᠰᠤ ᠵᠠᠰᠠᠬᠤ ᠠᠷᠭ᠎ᠠ ᠶᠢ ᠬᠡᠷᠡᠭᠯᠡᠭᠰᠡᠨ ᠪᠤᠢ︖ ᠶᠠᠮᠠᠷ ᠠᠰᠠᠭᠤᠳᠠᠯ ᠢ

ᠰᠢᠢᠳᠪᠦᠷᠢᠯᠡᠭᠰᠡᠨ ᠪᠤᠢ︖︾

ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠳᠤᠷᠠᠭᠰᠠᠨ ᠬᠤᠷᠠᠯ ᠳᠡᠭᠡᠷ᠎ᠡ᠂ ᠪᠡᠭᠡᠵᠢᠩ ᠤᠨ ᠱᠸᠤ ᠴᠤᠸᠠᠩ ᠠᠮᠢ

ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠯᠦᠭᠯᠡᠯ ᠤᠨ ᠬᠤᠸᠠᠩ ᠮᠢᠶᠠᠨ ᠰᠦᠩ ᠭᠡᠰᠢᠭᠦᠨ ᠤ ᠶᠠᠷᠢᠵᠤ

ᠪᠠᠶᠢᠭᠰᠠᠨ ᠦᠨᠳᠦᠰᠦᠨ ᠱᠠᠳᠤᠨ ᠤ ᠡᠮᠦᠨ᠎ᠠ ᠹᠷᠤᠨᠲ ᠤᠨ ᠦᠯᠢᠭᠡᠷ ᠢ ᠰᠤᠨᠤᠰᠤᠭᠠᠳ ᠶᠡᠷᠦᠩᠬᠡᠢ ᠱᠦᠵᠢ ᠰᠢ ᠶᠢᠨ ᠫᠢᠩ

ᠦᠭᠡ ᠡᠯᠭᠦᠵᠦ ᠠᠰᠠᠭᠤᠪᠠ᠃

ᠭᠦᠶᠤᠸᠠᠨ ᠤ ᠪᠠᠶᠢᠭ᠎ᠠ ᠰᠢ ᠬᠠᠶ ᠬᠥ᠋ ᠣᠷᠣᠨ ᠨᠢ ︽ᠬᠦᠴᠢᠷ ᠵᠤᠪᠠᠭᠤᠷᠢ ᠪᠠᠷ ᠳᠦᠭᠦᠷᠦᠭᠰᠡᠨ ᠭᠠᠵᠠᠷ︾ ᠪᠤᠯᠤᠨ᠎ᠠ᠃

ᠣᠷᠣᠨ ᠨᠤᠲᠤᠭ ᠲᠤ ᠠᠵᠢᠯᠯᠠᠭᠰᠠᠨ ᠴᠤ ᠲᠡᠷᠡ᠂ ᠲᠥᠪ ᠬᠤᠷᠢᠶ᠎ᠠ ᠳᠤ ᠠᠵᠢᠯᠯᠠᠭᠰᠠᠨ ᠴᠤ ᠲᠡᠷᠡ᠂ ᠰᠢ ᠶᠢᠨ ᠫᠢᠩ ᠨᠥᠬᠦᠷ

ᠴᠥᠮ ᠰᠢ ᠬᠠᠶ ᠬᠥ᠋ ᠶᠢ ᠰᠠᠨᠠᠭᠠᠯᠵᠠᠵᠤ᠂ ᠡᠨᠡ ᠬᠦ ᠭᠠᠵᠠᠷ ᠤᠷᠤᠨ ᠤ ᠬᠥᠭᠵᠢᠯᠲᠡ ᠳᠤ ᠶᠡᠭᠡ ᠬᠡᠮᠵᠢᠶᠡᠨ ᠤ ᠬᠦᠴᠦ

ᠵᠠᠷᠤᠴᠠᠭᠤᠯᠤᠭᠰᠠᠨ ᠶᠤᠮ᠃

ᠬᠤᠸᠠᠩ ᠮᠢᠶᠠᠨ ᠰᠦᠩ ᠶᠡᠷᠦᠩᠬᠡᠢ ᠱᠦᠵᠢ ᠳᠤ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠦ᠋ᠶᠤᠸᠠᠨ ᠤ ᠠᠮᠢ ᠠᠬᠤᠢ

ᠣᠷᠴᠢᠨ ᠲᠣᠭᠤᠷᠢᠨ ᠤ ᠶᠠᠰᠤ ᠴᠢᠨᠠᠷ ᠵᠢᠯ ᠠᠴᠠ ᠵᠢᠯ ᠰᠠᠶᠢᠵᠢᠷᠠᠵᠤ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ

ᠳᠡᠯᠡᠬᠡᠢ ᠶᠢᠨ ᠡᠯ᠎ᠡ ᠭᠠᠵᠠᠷ ᠤᠨ ᠵᠢᠭᠤᠯᠴᠢᠯᠠᠭᠰᠠᠳ ᠢ 42.8 ᠲᠦᠮᠡᠨ ᠬᠥᠮᠦᠨ ᠤᠳᠠᠭ᠎ᠠ ᠬᠦᠯᠢᠶᠠᠨ ᠠᠪᠴᠤ᠂

ᠵᠢᠭᠤᠯᠴᠢᠯᠠᠯ ᠤᠨ ᠣᠷᠣᠯᠭ᠎ᠠ 2.15 ᠳ᠋ᠦᠩᠰᠢᠭᠤᠷ ᠲᠥᠭᠦᠷᠢᠭ ᠲᠤ ᠬᠦᠷᠴᠦ᠂ ᠠᠮᠢ ᠠᠬᠤᠢ ᠶᠢᠨ ᠦᠢᠯᠡᠳᠬᠦᠨ ᠤ ᠦᠷᠳᠡᠭ

ᠲᠠᠰᠤᠷᠠᠯᠳᠠ ᠦᠭᠡᠢ ᠪᠡᠶᠡᠯᠡᠭᠳᠡᠪᠡ ᠭᠡᠵᠦ ᠬᠡᠯᠠᠵᠤ ᠦᠭᠴᠠᠢ᠃

︽ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠮ ᠤᠨ ᠲᠥᠪ ᠬᠤᠷᠢᠶ᠎ᠠ ᠢᠮᠠᠭᠲᠠ ᠴᠢᠬᠤᠯᠠᠴᠢᠯᠠᠭᠰᠠᠭᠠᠷ ᠢᠷᠡᠵᠠᠢ᠂

ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠢᠰᠭᠦ ᠮᠡᠲᠦ ᠲᠦᠷᠭᠡᠨ ᠬᠥᠭᠵᠢᠵᠤ᠂ ᠯᠤᠲᠤ

ᠶᠡᠭᠡ ᠬᠤᠪᠢᠷᠠᠯᠲᠠ ᠲᠠᠢ ᠪᠣᠯᠵᠠᠢ︾᠂ ᠶᠡᠷᠦᠩᠬᠡᠢ ᠱᠦᠵᠢ ᠰᠢ ᠶᠢᠨ ᠫᠢᠩ ᠪᠠᠭ᠎ᠠ ᠶᠢᠨ ᠦᠶ᠎ᠠ ᠶᠢᠨ ᠢᠶᠠᠨ ᠪᠡᠭᠡᠵᠢᠩ ᠬᠤᠳᠠ ᠶᠢ

ᠡᠷᠭᠢᠴᠡᠭᠦᠯᠬᠦ ᠳᠡᠭᠡᠨ ︽ᠦᠷᠭᠦᠯᠵᠢ ᠡᠯᠡᠰᠦᠨ ᠰᠢᠭᠤᠷᠭ᠎ᠠ ᠳᠡᠭᠳᠡᠳᠡᠭ᠃ ᠬᠠᠪᠤᠷ ᠠᠮᠠᠪᠴᠢ ᠵᠡᠭᠦᠵᠤ᠂ ᠠᠮᠠᠪᠴᠢ ᠪᠠᠨ

ᠠᠪᠬᠤ ᠳᠤ ᠳᠡᠭᠡᠷ᠎ᠠ ᠨᠢ ᠴᠦᠮ ᠲᠤᠭᠤᠰᠤ ᠰᠠᠭᠤᠴᠢᠬᠠᠭᠰᠠᠨ ᠪᠠᠶᠢᠳᠠᠭ᠃ ᠭᠠᠳᠠᠭᠰᠢ ᠭᠠᠷᠤᠭᠠᠳ ᠤᠷᠤᠵᠤ ᠢᠷᠡᠪᠡᠯ᠂

ᠭᠡᠷ ᠤᠨ ᠱᠠᠯᠠ ᠳᠡᠭᠡᠷ᠎ᠠ ᠴᠦᠮ ᠰᠢᠷᠣᠢ ᠰᠠᠭᠤᠴᠢᠬᠠᠬᠰᠠᠨ ᠪᠠᠶᠢᠳᠠᠭ︾ ᠭᠡᠵᠠᠢ᠃

10 ᠵᠢᠯ ᠤᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ

ᠪᠠᠶᠢᠭᠤᠯᠤᠯᠲᠠ ︵APEC︶ ᠶᠢᠨ ᠬᠤᠷᠢᠨ ᠬᠤᠶᠠᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ

ᠪᠤᠰᠤ ᠬᠤᠷᠠᠯ ᠪᠡᠭᠡᠵᠢᠩ ᠳᠤ ᠬᠤᠷᠠᠯᠳᠤᠵᠤ᠂ ᠦᠵᠡᠰᠭᠦᠯᠡᠩᠲᠦ ᠰᠠᠶᠢᠬᠠᠨ ᠬᠦᠬᠡ ᠣᠭᠲᠠᠷᠭᠤᠢ ᠨᠢ ᠬᠥᠮᠦᠰ ᠤᠨ ᠰᠡᠳᠭᠢᠯ ᠢ

ᠪᠠᠶᠠᠰᠬᠠᠪᠠ᠃

︽ᠲᠡᠷᠡ ᠬᠡᠳᠦᠨ ᠡᠳᠦᠷ ᠤᠨ ᠠᠭᠤᠷ ᠠᠮᠢᠰᠬᠤᠯ ᠮᠠᠰᠢ ᠰᠠᠶᠢᠨ᠂ ᠲᠤᠬᠠᠶ ᠶᠢᠨ ᠦᠶ᠎ᠡ ᠳᠤ ᠵᠠᠷᠢᠮ ᠬᠥᠮᠦᠨ ᠡᠨᠡ ᠪᠣᠯ ︿

APEC ᠤᠨ ᠬᠥᠬᠡ﹀ ᠶᠤᠮ᠂ ᠤᠳᠠᠭᠠᠨ ᠦᠷᠭᠦᠯᠵᠢᠯᠡᠵᠦ ᠲᠠᠶᠢᠯᠤᠨ᠎ᠠ ᠦᠦ︖ ᠭᠡᠵᠦ ᠠᠰᠠᠭᠤᠵᠤ ᠪᠠᠶᠢᠪᠠ᠃ ᠪᠢ

ᠲᠡᠳᠡᠨ ᠳᠤ᠂ ᠡᠨᠡ ᠨᠢ ᠲᠦᠷ ᠴᠠᠭ ᠤᠨ ᠬᠥᠬᠡ ᠣᠭᠲᠠᠷᠭᠤᠢ ᠪᠢᠰᠢ᠂ ᠬᠡᠳᠦᠨ ᠵᠢᠯ ᠤᠨ ᠳᠠᠷᠠᠭ᠎ᠠ ᠡᠭᠦᠷᠢᠳᠡ ᠶᠢᠨ ᠬᠥᠬᠡ

ᠪᠣᠯᠤᠨ᠎ᠠ ᠭᠡᠵᠤ ᠬᠠᠷᠢᠭᠤᠯᠪᠠ︾᠂ ᠲᠤᠬᠠᠢ ᠶᠢᠨ ᠵᠢᠯ ᠤᠨ ᠡᠨᠡ ᠬᠦ ᠵᠢᠵᠢᠭ ᠶᠠᠪᠤᠳᠠᠯ ᠢ ᠶᠠᠷᠢᠬᠤ ᠳᠤ ᠶᠡᠷᠦᠩᠬᠡᠢ ᠱᠦᠵᠢ

ᠰᠢ ᠶᠢᠨ ᠫᠢᠩ ᠤᠨ ᠦᠭᠡ ᠶᠠᠷᠢᠶ᠎ᠠ ᠮᠠᠰᠢ ᠰᠢᠭᠤᠷᠬᠠᠢ ᠪᠠᠶᠢᠪᠠ᠃

ᠴᠠᠭ ᠮᠥᠴᠡ ᠨᠢᠰᠭᠦ ᠮᠡᠲᠦ ᠲᠦᠷᠭᠡᠨ ᠥᠩᠭᠡᠷᠡᠵᠦ᠂ ︽APEC ᠤᠨ ᠬᠥᠬᠡ︾ ᠨᠢ ᠠᠭᠠᠵᠢᠮ ᠢᠶᠠᠷ ᠠᠷᠠᠳ ᠤᠨ

ᠠᠮᠢᠳᠤᠷᠠᠯ ᠤᠨ ᠬᠡᠪ ᠤᠨ ᠪᠠᠶᠢᠳᠠᠯ ᠪᠣᠯᠵᠤ ᠪᠠᠶᠢᠨ᠎ᠠ᠃

ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ‍ᠣᠷᠴᠢᠨ ᠲᠣᠭᠤᠷᠢᠨ ᠤ

ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠃

ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠲᠩᠷᠢ ᠨᠢ ᠨᠡᠩ ᠬᠦᠭᠡ᠂ ᠠᠭᠤᠯᠠ ᠨᠢ ᠨᠡᠩ ᠬᠦᠭᠡᠮᠳᠦᠭ᠂

ᠤᠰᠤ ᠨᠢ ᠨᠡᠩ ᠲᠤᠩᠭᠠᠯᠠᠭ ᠦᠵᠡᠰᠭᠦᠯᠡᠩᠲᠦ ᠰᠠᠶᠢᠬᠠᠨ ᠵᠢᠷᠤᠭ ᠲᠤ ᠪᠢᠴᠢᠭᠯᠡᠭᠳᠡᠨ᠎ᠡ᠃

ᠬᠢᠯᠪᠠᠷ ᠪᠤᠰᠤ ᠪᠠᠷ ᠣᠯᠤᠭᠰᠠᠨ ᠠᠮᠵᠢᠯᠲᠠ ᠪᠦᠲᠦᠮᠵᠢ ᠠᠴᠠ ᠪᠠᠨ ᠡᠷᠬᠢᠮ ᠨᠠᠨᠳᠢᠨ ᠲᠤᠷᠰᠢᠯᠭ᠎ᠠ ᠬᠦᠷᠲᠡᠯ᠎ᠡ ᠶᠠᠷᠢᠬᠤ ᠳᠠᠭᠠᠨ᠂

ᠶᠡᠷᠦᠩᠬᠡᠶ ᠱᠦᠵᠢ ᠰᠢ ᠶᠢᠨ ᠫᠢᠩ᠄ ︽ᠦᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ

ᠵᠤᠬᠢᠮᠤᠢ᠂ ᠵᠥᠪᠬᠡᠨ ᠲᠡᠨᠳᠡ ᠰᠢᠭᠦᠮᠵᠢᠯᠡᠭᠡᠳ ᠵᠢᠭᠠᠵᠤ ᠳᠣᠬᠢᠭᠠᠳ ᠯᠠ ᠪᠠᠶᠢᠵᠤ ᠪᠣᠯᠬᠤ ᠦᠭᠡᠶ᠂ ᠬᠠᠷᠢᠨ ᠦᠨᠡᠨ ᠬᠦ

ᠠᠵᠢᠯᠯᠠᠭ᠎ᠠ ᠠᠪᠴᠤ᠂ ᠴᠢᠳᠠᠯ ᠤᠨ ᠬᠢᠷᠢ ᠪᠠᠷ ᠢᠶᠠᠨ ᠰᠶᠢᠳᠪᠤᠷᠢᠯᠡᠬᠦ ᠭᠡᠷᠡᠭᠳᠠᠢ︾᠃ ︽ᠪᠢᠳᠡ ᠤᠷᠤᠭᠰᠢ ᠪᠠᠨ ᠶᠠᠪᠤᠵᠤ

ᠪᠠᠶᠢᠬᠤ ᠪᠠᠨ ᠣᠯᠵᠤ ᠬᠠᠷᠠᠳᠠᠭ ᠯᠠ ᠶᠤᠮ ᠪᠣᠯ ᠲᠤᠬᠳᠠᠯ ᠬᠦᠴᠦᠨ ᠢᠶᠠᠨ ᠪᠠᠲᠤᠯᠠᠬᠤ ᠬᠡᠷᠡᠭᠲᠡᠶ︾ ᠭᠡᠵᠤ ᠴᠢᠬᠤᠯᠠᠴᠢᠯᠠᠪᠠ᠃

ᠬᠤᠸᠠᠩ ᠮᠢᠶᠠᠨ ᠰᠦᠩ ᠭᠡᠰᠢᠬᠦᠨ ᠤ ᠪᠠᠶᠢᠭ᠎ᠠ ᠣᠷᠴᠢᠨ ᠲᠤᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠪᠣᠯ ᠤᠯᠤᠰ

ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠤᠯᠤᠰ ᠲᠦᠷᠦ ᠶᠢᠨ

ᠵᠦᠪᠯᠡᠯᠭᠡᠨ ᠤ ᠨᠡᠮᠡᠵᠦ ᠪᠠᠶᠢᠭᠤᠯᠤᠭᠰᠠᠨ ᠰᠢᠨ᠎ᠠ ᠡᠳᠡᠭᠡᠳ ᠢᠯᠭᠠᠯ ᠪᠣᠯᠤᠨ᠎ᠠ᠃

ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠡᠨᠡ ᠬᠦ ᠡᠲᠡᠭᠡᠳ ᠢᠯᠭᠠᠯ ᠳᠤ ᠢᠷᠡᠵᠥ᠂ ᠭᠡᠰᠢᠭᠦᠳ ᠤᠨ ᠡᠭᠦᠷᠭᠡ

ᠲᠤᠰᠢᠶᠠᠯ ᠢᠶᠠᠨ ᠭᠦᠢᠴᠡᠳᠭᠡᠬᠦ ᠳᠤ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠥᠨᠳᠥᠷ

ᠲᠦᠪᠰᠢᠨ ᠪᠦ᠋ᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠠᠯ᠎ᠠ ᠪᠠᠷ ᠥᠷᠭᠡᠨ ᠤᠯᠠᠨ

ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ

ᠪᠠᠶᠢᠨ᠎ᠠ︾ ᠬᠡᠵᠦ ᠶᠡᠭᠡ ᠬᠦᠰᠡᠯ ᠨᠠᠶᠢᠳᠠᠯᠭ᠎ᠠ ᠲᠠᠯᠪᠢᠪᠠ᠃

︽ᠥᠨᠳᠥᠷ ᠲᠦᠪᠰᠢᠨ ᠪᠦ᠋ᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠭᠡᠷᠡᠭᠳᠠᠢ︾᠂

ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠤᠩᠭᠤᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠤᠯᠠᠨ ᠠᠴᠠ ᠬᠡᠲᠦ᠋ᠳᠦᠭᠰᠡᠨ ᠤᠶᠤᠨ ᠤᠬᠠᠭᠠᠨ ᠢ ᠢᠯᠡᠷᠡᠭᠦᠯᠵᠡᠢ᠃

ᠰᠢᠨ᠎ᠡ ᠠᠶᠠᠨ ᠳᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠪᠠᠷ ᠬᠥᠮᠦᠨ ᠪᠠᠶᠢᠭᠠᠯᠢ

ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠥᠭᠵᠢᠭᠦᠯᠬᠦ ᠪᠠ

ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ

ᠪᠦᠬᠦᠢ ᠬᠠᠮᠠᠭᠠᠯᠠᠯᠲᠠ ᠶᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ᠃

ᠠᠳᠠᠯᠢᠬᠠᠨ ᠢᠶᠠᠷ ᠣᠷᠴᠢᠨ ᠲᠤᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠨ ᠬᠣ᠋ ᠰᠥᠩ ᠴᠢᠨ᠄ ︽ᠮᠠᠨ ᠤ

ᠤᠯᠤᠰ ᠤᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠣᠲᠣ ᠶᠠᠭ ︿ᠪᠣᠬᠢᠷ ᠮᠠᠨᠠᠨ﹀᠂ ︿ᠦᠮᠡᠬᠡᠶ

ᠦᠨᠦᠷ﹀ ᠵᠡᠷᠭᠡ ᠰᠡᠷᠡᠯ ᠤᠨ ᠡᠷᠬᠡᠲᠡᠨ ᠤ ᠭᠦᠢᠴᠡᠳᠭᠡᠯ ᠲᠤᠭ᠎ᠠ ᠶᠢᠨ ᠵᠠᠰᠠᠯᠳᠠ ᠠᠴᠠ ᠪᠠᠨ ᠣᠷᠳᠣ ᠬᠤᠭᠤᠴᠠᠭᠠᠨ ᠤ

ᠴᠢᠨᠠᠷᠲᠠᠶ᠂ ᠳᠠᠯᠳᠠ ᠴᠢᠨᠠᠷᠲᠠᠶ ᠬᠤᠤᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠤᠨ ᠵᠠᠰᠠᠯᠳᠠ ᠶᠢᠨ ᠱᠠᠲᠤ ᠳᠠᠶᠢᠰᠢ

ᠬᠥᠭᠵᠢᠵᠦ ᠪᠠᠶᠢᠨ᠎ᠠ︾ ᠭᠡᠵᠡᠶ᠃

︽ᠰᠢᠨ᠎ᠡ ᠪᠣᠬᠢᠷᠲᠤᠯ ᠪᠣᠳᠠᠰ ᠤᠨ ᠵᠠᠰᠠᠯᠳᠠ ᠶᠢᠨ ᠲᠤᠬᠠᠶ ᠳᠤᠷᠠᠳᠤᠭᠰᠠᠨ ᠨᠢ ᠮᠠᠰᠢ ᠴᠠᠭ ᠲᠠᠭᠠᠨ ᠲᠤᠬᠢᠷᠠᠵᠤ ᠪᠠᠶᠢᠨ᠎ᠠ᠂

ᠥᠭᠡᠷ᠎ᠡ ᠪᠠᠷ ᠬᠡᠯᠡᠪᠡᠯ ᠵᠠᠰᠠᠯᠳᠠ ᠶᠢᠨ ᠤᠬᠠᠮᠰᠠᠷ ᠲᠠᠢ ᠪᠠᠶᠢᠬᠤ ᠬᠡᠷᠡᠭᠲᠡᠶ ᠭᠡᠰᠡᠨ ᠨᠢ ᠪᠢᠳᠠᠨ ᠢ ᠡᠨᠡ ᠲᠠᠯ᠎ᠠ ᠪᠠᠷ ᠬᠤᠴᠣᠷᠬᠤ

ᠦᠭᠡᠶ ᠪᠤᠯᠭᠠᠪᠠ︾᠃ ᠶᠡᠷᠦᠩᠬᠡᠢ ᠱᠦᠵᠢ ᠬᠤᠪᠢᠰᠤᠩᠭᠤᠢ ᠪᠠᠷ ᠬᠠᠨᠳᠤᠵᠤ᠂ ᠰᠢᠨ᠎ᠡ ᠬᠠᠭᠤᠴᠢᠨ ᠠᠰᠠᠭᠤᠳᠠᠯ ᠢ

ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠂ ︽ᠰᠢᠨ᠎ᠡ ᠠᠰᠠᠭᠤᠳᠠᠯ ᠲᠠᠢ

ᠪᠣᠯᠪᠠᠯ ᠡᠮᠦᠨᠡᠬᠢ ᠬᠠᠭᠤᠴᠢᠨ ᠠᠰᠠᠭᠤᠳᠠᠯ ᠢ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠠᠮᠠᠷᠠᠵᠤ ᠪᠣᠯᠤᠨ᠎ᠠ ᠭᠡᠵᠦ ᠬᠡᠯᠡᠵᠦ

ᠪᠣᠯᠬᠤ ᠦᠭᠡᠢ᠂ ᠵᠡᠷᠭᠡ ᠪᠠᠷ ᠠᠳᠬᠤᠬᠤ ᠬᠡᠷᠡᠭᠲᠡᠢ᠂ ᠬᠥᠮᠦᠨ ᠬᠤᠯᠠ ᠶᠢᠨ ᠪᠤᠳᠤᠯᠭ᠎ᠠ ᠦᠭᠡᠢ ᠪᠣᠯ ᠤᠢᠢᠷ᠎ᠠ ᠶᠢᠨ

ᠵᠣᠪᠠᠯᠠᠩ ᠲᠠᠢ ᠪᠣᠯᠤᠨ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠪᠠᠰᠠ

ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾ ᠭᠡᠪᠡ᠃

︽ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ︾ ᠠᠴᠠ ︽ᠴᠢᠨᠠᠷ ᠰᠠᠶᠢᠲᠠᠢ

ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ︾ ᠬᠦᠷᠲᠡᠯ᠎ᠡ᠂ ︽

ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ︾ ᠠᠴᠠ ︽ᠠᠮᠢ ᠠᠬᠤᠢ ᠶᠢᠨ

ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠭᠡᠬᠦ︾ ᠬᠦᠷᠲᠡᠯ᠎ᠡ᠂ ︽ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠪᠣᠯᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ

ᠨᠢᠭᠡᠳᠦᠯᠲᠦ ᠴᠢᠨᠠᠷ ᠢ ᠴᠢᠩᠭᠠᠳᠬᠠᠬᠤ︾ ᠠᠴᠠ ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ

ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠬᠦ︾ ᠬᠦᠷᠲᠡᠯ᠎ᠡ ᠁ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠪᠬᠤ

ᠭᠡᠭᠡᠬᠦ ᠪᠤᠯᠬᠤ ᠡᠰᠡᠬᠦ ᠶᠢ ᠲᠣᠭᠲᠠᠭᠠᠬᠤ ᠲᠠᠰᠢᠷᠠᠮ ᠳᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠬᠦᠴᠦᠷᠬᠡᠭ ᠶᠡᠭᠡ ᠲᠣᠭᠲᠠᠯ

ᠬᠦᠴᠦᠨ ᠪᠣᠯᠤᠨ ᠬᠤᠯᠠ ᠶᠢᠨ ᠬᠠᠷᠠᠴᠠ ᠬᠤᠷᠴᠠ ᠲᠠᠨᠢᠯᠲᠠ ᠶᠢ ᠰᠢᠯᠭᠠᠵᠠᠢ᠃

ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠳᠤ᠂ ᠵᠠᠩ ᠵᠢᠶᠠ ᠭᠠᠩ ᠬᠤᠳᠠ ᠶᠢᠨ ᠨᠠᠨ ᠹᠤᠩ ᠪᠠᠯᠭᠠᠰᠤ ᠶᠢᠨ ᠶᠦᠩ

ᠯᠢᠶᠠᠨ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠦ᠋ ᠬᠤᠢ ᠹᠠᠩ ᠲᠥᠯᠥᠭᠡᠯᠡᠭᠴᠢ ᠬᠥᠳᠡᠭᠡ ᠲᠣᠰᠬᠤᠨ ᠳᠤ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ

ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ᠃

ᠴᠡᠷᠢᠭ ᠲᠤ 25 ᠵᠢᠯ ᠶᠠᠪᠤᠭᠰᠠᠨ ᠡᠨᠡ ᠬᠦ ᠠᠬᠠᠮᠠᠳ ᠴᠡᠷᠢᠭ 2005 ᠣᠨ ᠳᠤ ᠴᠡᠷᠢᠭ ᠤᠨ ᠬᠤᠪᠴᠠᠰᠤ ᠪᠠᠨ ᠲᠠᠶᠢᠯᠵᠤ᠂

ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠪᠠᠷ ᠳᠠᠮᠵᠢᠨ ᠶᠦᠩ ᠯᠢᠶᠠᠨ ᠲᠣᠰᠬᠤᠨ ᠳᠤ ᠬᠦᠷᠴᠦ ᠠᠵᠢᠯᠯᠠᠪᠠ᠃ ᠡᠭᠦᠨ ᠠᠴᠠ

ᠡᠬᠢᠯᠡᠨ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ ᠨᠢ ᠲᠡᠭᠦᠨ ᠤ ᠰᠢᠨ᠎ᠡ ︽ᠵᠢᠭᠰᠠᠭᠠᠯ ᠤᠨ

ᠭᠠᠵᠠᠷ︾ ᠪᠣᠯᠵᠠᠢ᠃

ᠲᠡᠷᠡ ᠨᠢᠭᠡᠨᠳᠡ 19 ᠵᠢᠯ ᠠᠵᠢᠯᠯᠠᠯ᠎ᠠ᠃

︽ᠨᠢᠳᠤᠨᠤᠨ᠂ ᠶᠦᠩ ᠯᠢᠶᠠᠨ ᠲᠣᠰᠬᠤᠨ ᠤ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠶᠡᠷᠦᠩᠬᠡᠢ ᠣᠷᠣᠯᠭ᠎ᠠ

1616 ᠳ᠋ᠦᠩᠰᠢᠭᠤᠷ ᠲᠥᠭᠦᠷᠢᠭ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3.35

ᠳ᠋ᠦᠩᠰᠢᠭᠤᠷ ᠲᠥᠭᠦᠷᠢᠭ᠂ ᠲᠣᠰᠬᠤᠨ ᠤ ᠠᠷᠠᠳ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 7.3 ᠲᠦᠮᠡᠨ

ᠲᠥᠭᠦᠷᠢᠭ ᠲᠤ ᠬᠦᠷᠴᠡᠢ᠃ ᠲᠣᠰᠬᠤᠨ ᠤ ᠠᠵᠤ ᠠᠬᠤᠶᠢᠯᠠᠯ ᠬᠥᠭᠵᠢᠭᠰᠡᠨ ᠤ ᠳᠠᠷᠠᠭ᠎ᠠ᠂ ᠪᠢᠳᠡ ᠥᠮᠴᠢᠯᠡᠯ ᠤᠨ ᠡᠷᠬᠡ ᠶᠢ

ᠲᠣᠳᠣᠷᠬᠠᠶᠢᠯᠠᠬᠤ ᠪᠠᠷ ᠳᠡᠮᠵᠢᠨ᠂ ᠲᠣᠰᠬᠤᠨ ᠤ ᠠᠷᠠᠳ ᠢ 25% ᠶᠢᠨ ᠰᠲ᠋ᠣᠺ ᠤᠨ ᠡᠷᠬᠡ ᠲᠠᠢ ᠪᠣᠯᠭᠠᠵᠤ᠂ ᠨᠢᠳᠤᠨᠤᠨ

ᠬᠤᠶᠠᠳᠠᠬᠢ ᠤᠳᠠᠭ᠎ᠠ ᠲᠣᠰᠬᠤᠨ ᠤ ᠠᠷᠠᠳ ᠤᠨ ᠬᠥᠮᠦᠨ ᠳᠤᠮᠳᠠᠴᠢ ᠳᠤ 1.7 ᠲᠦᠮᠡᠨ ᠲᠥᠭᠦᠷᠢᠭ ᠢ ᠬᠤᠪᠢᠶᠠᠪᠠ︾ ᠭᠡᠵᠦ

ᠶᠡᠷᠦᠩᠬᠡᠢ ᠱᠦᠵᠢ ᠳᠤ ᠨᠢᠭᠡᠳ ᠨᠢᠭᠡ ᠪᠠᠷ ᠮᠡᠳᠡᠭᠦᠯᠪᠡ᠃

︽ᠡᠨᠡ ᠣᠷᠣᠯᠭ᠎ᠠ ᠶᠢᠨ ᠪᠠᠶᠢᠳᠠᠯ ᠪᠠᠰᠠ ᠲᠤᠩ ᠰᠦᠷᠡᠬᠡᠢ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ᠂ ︽

ᠬᠠᠮᠲᠤ ᠪᠠᠷ ᠪᠠᠶᠠᠵᠢᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠤ ᠲᠠ ᠨᠠᠷ ᠪᠣᠯ

ᠬᠤᠰᠢᠭᠤᠴᠢ ᠮᠥᠨ᠂ ᠡᠨᠡ ᠵᠠᠮ ᠢ ᠨᠡᠭᠡᠭᠡᠬᠦ ᠬᠡᠷᠡᠭᠳᠡᠢ᠃ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠠᠬᠢᠭᠤᠯᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠵᠦ ᠪᠠᠶᠠᠷᠲᠠᠶᠢᠬᠠᠨ ᠬᠡᠯᠡᠪᠡ᠃

ᠤᠯᠤᠰ ᠢ ᠵᠠᠰᠠᠬᠤ ᠡᠭᠦᠷᠢᠳᠡ ᠶᠢᠨ ᠶᠤᠰᠤ ᠠᠨᠤ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠮᠤᠢ᠃

ᠲᠤᠬᠠᠢ ᠶᠢᠨ ᠲᠠᠯᠠᠪᠠᠢ ᠳᠤ ᠪᠠᠶᠢᠭᠰᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ

ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠳ᠋ᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠥᠪᠡᠷ ᠤᠨ ᠬᠤᠶᠠᠷ

ᠭᠠᠷ ᠢᠶᠠᠷ ᠢᠶᠠᠨ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠦᠳᠦᠯᠦᠨ ᠵᠢᠯᠣᠭᠤᠳᠴᠤ ᠵᠣᠷᠢᠭᠵᠢᠭᠤᠯᠬᠤ ᠬᠡᠷᠡᠭᠲᠡᠢ︾

ᠭᠡᠵᠦ ᠴᠢᠬᠤᠯᠠᠴᠢᠯᠠᠪᠠ᠃

ᠠᠵᠢᠯ ᠬᠢᠵᠦ ᠦᠢᠯᠡᠰ ᠪᠤᠰᠬᠠᠬᠤ ᠤᠷᠮ᠎ᠠ ᠵᠤᠷᠢᠭ ᠢᠶᠠᠨ ᠬᠥᠭᠵᠢᠭᠡᠵᠦ — ︽ᠣᠨᠢᠯᠠᠨ ᠲᠤᠭᠳᠠᠪᠠᠯ ᠱᠠᠯᠠᠪᠳᠠᠨ ᠬᠢᠵᠦ᠂

ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ︾

ᠵᠢᠶᠠᠩᠰᠦ ᠠᠴᠠ ᠢᠷᠡᠭᠰᠡᠨ ᠰᠦᠨ ᠵᠢᠩ ᠨᠠᠨ ᠲᠥᠯᠥᠭᠡᠯᠡᠭᠴᠢ ᠪᠤᠯ ᠵᠦᠩ ᠴᠧ ᠪᠦᠯᠦᠭᠯᠡᠯ ᠤᠨ ᠨᠠᠨᠵᠢᠩ ᠤᠨ ᠫᠦ ᠵᠧᠨ ᠮᠠᠰᠢᠨ

ᠲᠡᠷᠭᠡᠨ ᠤ ᠬᠢᠵᠠᠭᠠᠷᠲᠤ ᠺᠣᠮᠫᠠᠨᠢ ᠶᠢᠨ ᠴᠠᠬᠢᠯᠭᠠᠨ ᠭᠠᠩᠨᠠᠭᠤᠷᠴᠢᠨ ᠪᠣᠯᠤᠨ᠎ᠠ᠃

ᠶᠡᠷᠦᠩᠬᠡᠢ ᠱᠦᠵᠢ ᠰᠢ ᠶᠢᠨ ᠫᠢᠩ ᠤᠨ ᠡᠮᠦᠨ᠎ᠡ᠂ ᠲᠡᠷᠡ᠄ ︽ᠤᠷᠠᠨ ᠳᠠᠷᠬᠠᠨ ᠤ ︿ᠲᠠᠷᠬᠠᠨ﹀ ᠭᠡᠳᠡᠭ ᠦᠭᠡ ᠪᠣᠯ ᠲᠤᠰᠬᠠᠢ

ᠮᠡᠷᠭᠡᠵᠢᠯ ᠤᠨ ᠬᠦᠷᠢᠶᠡᠨ ᠳᠤ ᠥᠪᠡᠷ ᠤᠨ ᠪᠡᠶ᠎ᠡ ᠠᠴᠠ ᠪᠠᠨ ︿ᠦ ᠰᠡᠪ ᠡᠷᠢᠬᠦ﹀ ᠶᠠᠪᠤᠳᠠᠯ ᠪᠣᠯᠤᠨ᠎ᠠ᠂ ᠤᠯᠠᠨ ᠤᠳᠠᠭᠠᠨ ᠤ

ᠳᠠᠪᠲᠠᠯᠲᠠ ᠶᠢ ᠥᠩᠭᠡᠷᠡᠭᠦᠯᠪᠡᠯ ᠰᠠᠶ᠋ᠢ ᠰᠢᠪᠲᠤᠯᠤᠯᠲᠠ ᠭᠠᠷᠭᠠᠵᠤ ᠴᠢᠳᠠᠨ᠎ᠠ︾ ᠭᠡᠵᠦ ᠪᠣᠷᠣᠭᠵᠢᠭᠤᠨ ᠪᠥᠭᠡᠳ ᠢᠳᠡ

ᠬᠦᠴᠦᠲᠡᠢ ᠬᠡᠯᠡᠪᠡ᠃

ᠰᠤᠩᠭᠤᠬᠰᠠᠨ ᠠᠵᠢᠯ ᠦᠢᠯᠡᠰ ᠲᠡᠭᠡᠨ ᠨᠠᠰᠤᠨ ᠳᠤᠷᠰᠢᠳᠠ ᠵᠢᠳᠬᠦᠨ᠎ᠡ᠃

30 ᠭᠠᠷᠤᠢ ᠵᠢᠯ ᠠᠵᠢᠯᠯᠠᠭᠰᠠᠨ ᠰᠦᠨ ᠵᠢᠩ ᠨᠠᠨ ᠭᠠᠩᠨᠠᠬᠤ ᠠᠵᠢᠯ ᠢ ᠨᠢᠭᠡ ᠵᠦᠢᠯ ᠤᠨ ᠤᠷᠠᠯᠢᠭ ᠢᠶᠠᠷ ᠦᠵᠡᠵᠦ᠂ ᠱᠠᠪᠢ

ᠠᠵᠢᠯᠴᠢᠨ ᠪᠠᠶᠢᠭᠰᠠᠨ ᠠᠴᠠ ᠪᠠᠨ ᠳᠤᠮᠳᠠᠳᠤ ᠤᠯᠤᠰ ᠤᠨ ᠵᠦᠩ ᠴᠧ ᠺᠣᠮᠫᠠᠨᠢ ᠶᠢᠨ ᠠᠯᠳᠠᠷᠲᠤ ᠤᠷ᠎ᠠ ᠮᠡᠷᠭᠡᠵᠢᠯ ᠤᠨ

ᠲᠤᠰᠬᠠᠢ ᠮᠡᠷᠭᠡᠵᠢᠯᠲᠡᠨ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠨᠢᠳᠤᠨ ᠳᠤ ᠠᠯᠳᠠᠷᠰᠢᠭᠰᠠᠨ ︽ᠳᠣᠷᠣᠨᠠᠳᠠᠬᠢᠨ ᠤ

ᠭᠠᠩᠨᠠᠭᠤᠷᠴᠢᠨ ᠳᠠᠭᠢᠨᠢ︾ ᠪᠣᠯᠪᠠ᠃

︽ᠲᠠ ᠪᠣᠯ ᠲᠤᠮᠤ ᠤᠯᠤᠰ ᠤᠨ ᠤᠷᠠᠨ ᠳᠠᠷᠬᠠᠨ ᠮᠦᠨ︾᠃ ᠶᠡᠷᠦᠩᠬᠡᠶ ᠱᠦᠵᠢ ᠮᠠᠭᠲᠠᠨ ᠰᠠᠶᠢᠰᠢᠶᠠᠭᠰᠠᠨ ᠬᠠᠷᠠᠴᠠ ᠪᠠᠷ

ᠰᠦᠨ ᠵᠢᠩ ᠨᠠᠨ ᠢ ᠬᠠᠷᠠᠵᠤ᠄ ︽ᠲᠤᠮᠤ ᠤᠯᠤᠰ ᠤᠨ ᠤᠷᠠᠨ ᠳᠠᠷᠬᠠᠨ ᠪᠣᠯ ᠮᠠᠨ ᠤ ᠳᠤᠮᠳᠠᠳᠤ ᠶᠢᠨ ᠦᠨᠳᠦᠰᠦᠲᠡᠨ ᠭᠡᠬᠦ

ᠲᠣᠮᠣ ᠠᠰᠠᠷ ᠤᠨ ᠰᠠᠭᠤᠷᠢ ᠴᠢᠯᠠᠭᠤ᠂ ᠲᠤᠯᠭᠠᠭᠤᠷᠢ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠡᠷᠠᠭ᠎ᠠ᠂

ᠪᠢᠳᠠ ᠨᠢᠭᠡ ᠳᠤ ᠶᠠᠳᠠᠭᠤ ᠬᠤᠶᠠᠷ ᠲᠤ ᠬᠤᠭᠤᠰᠣᠨ ᠪᠠᠶᠢᠵᠤ᠂ ᠤᠢᠭᠡᠢ ᠠᠴᠠ ᠪᠠᠨ ᠪᠠᠶᠢᠬᠤ ᠪᠤᠯᠵᠦ᠂ ᠣᠷᠣᠭᠤᠯᠤᠨ

ᠠᠪᠴᠢᠷᠠᠵᠤ ᠰᠢᠩᠭᠡᠭᠡᠨ ᠠᠪᠤᠭᠠᠳ ᠲᠡᠬᠢᠠ ᠬᠥᠭᠵᠢᠭᠦᠯᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠨ ᠲᠡᠰᠪᠦᠷᠢ

ᠬᠠᠲᠠᠭᠤᠵᠢᠯᠲᠠᠢ ᠲᠡᠮᠡᠴᠡᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠦᠢᠯᠡᠳᠬᠦ ᠦᠢᠯᠡᠰ ᠤᠨ ᠰᠠᠭᠤᠷᠢ ᠲᠠᠢ ᠪᠣᠯᠤᠭᠰᠠᠨ

ᠪᠠᠶᠢᠨ᠎ᠠ︾ ᠭᠡᠪᠡ᠃

ᠶᠡᠷᠦᠩᠬᠡᠢ ᠱᠦᠵᠢ᠄ ︽ᠢᠩᠭᠢᠵᠦ ᠪᠤᠳᠤᠬᠤ ᠪᠠᠷ ᠦᠨᠡᠬᠡᠷ ᠬᠢᠵᠠᠭᠠᠯᠠᠰᠢ ᠦᠭᠡᠢ ᠣᠮᠣᠭᠰᠢᠬᠤ ᠶᠤᠮ᠃ ᠵᠠᠮ ᠬᠠᠷᠢᠯᠴᠠᠭ᠎ᠠ ᠪᠠᠷ

ᠠᠪᠴᠤ ᠬᠡᠯᠡᠪᠡᠯ᠂ ᠣᠲᠣ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠨᠢ ᠪᠥᠬᠦ

ᠪᠥᠮᠪᠥᠷᠴᠡᠭ ᠲᠤ ᠬᠠᠮᠤᠭ ᠤᠨ ᠶᠡᠭᠡ᠂ ᠰᠢᠨ᠎ᠡ ᠡᠨᠧᠷᠭᠢ ᠶᠢᠨ ᠮᠠᠰᠢᠨ ᠲᠡᠷᠭᠡ ᠬᠠᠮᠤᠭ ᠤᠨ ᠰᠠᠶᠢᠨ᠂ ᠲᠦᠷᠭᠡᠨ ᠤ ᠵᠠᠰᠠᠮᠠᠯ

ᠵᠠᠮ ᠤᠨ ᠵᠠᠢ ᠨᠢ ᠴᠦ ᠬᠠᠮᠤᠭ ᠤᠨ ᠣᠷᠳᠣ᠂ ᠲᠦᠷᠭᠡᠨ ᠤ ᠲᠡᠮᠦᠷ ᠵᠠᠮ ᠭᠠᠳᠠᠭᠰᠢ ᠭᠠᠷᠴᠤ᠂ ᠬᠤᠲᠠ ᠶᠢᠨ ᠲᠤᠭᠤᠷᠢᠯ

ᠵᠠᠮ ᠤᠨ ᠨᠡᠪᠳᠡᠷᠡᠯᠴᠡᠭᠡ ᠭᠠᠳᠠᠭᠰᠢ ᠭᠠᠷᠴᠤ᠂ ᠬᠥᠯᠭᠡ ᠣᠩᠭᠤᠴᠠ ᠪᠠᠰᠠ ᠭᠠᠳᠠᠭᠰᠢ ᠭᠠᠷᠴᠤ᠂ ᠲᠣᠮᠣ ᠨᠢᠰᠭᠡᠯ ᠢ ᠴᠦ

ᠦᠢᠯᠡᠳᠦᠨ ᠭᠠᠷᠭᠠᠵᠤ᠂ ᠣᠩᠭᠤᠴᠠ ᠦᠢᠯᠡᠳᠬᠦ ᠦᠢᠯᠡᠰ ᠤᠨ ︿ᠭᠤᠷᠪᠠᠨ ᠶᠡᠭᠡ ᠭᠡᠷᠡᠯᠲᠦ ᠰᠤᠪᠤᠳ﹀ ᠢ ᠴᠤ ᠦᠢᠯᠡᠳᠦᠨ

ᠭᠠᠷᠭᠠᠵᠠᠶ ᠁ ᠪᠦᠷ ᠠᠯᠬᠤᠮ ᠠᠯᠬᠤᠮ ᠢᠶᠠᠷ ᠤᠷᠤᠭᠰᠢᠯᠠᠵᠤ᠂ ᠲᠠᠰᠤᠷᠠᠯᠲᠠ ᠥᠬᠡᠶ ᠤᠯᠤᠰ ᠲᠠᠭᠠᠨ ᠦᠢᠯᠡᠳᠪᠦᠷᠢᠯᠡᠵᠦ

᠂ ᠳᠠᠷᠠᠭ᠎ᠠ ᠨᠢ ᠳᠡᠯᠡᠬᠡᠶ ᠶᠢᠨ ᠡᠮᠦᠨ᠎ᠡ ᠬᠤᠰᠢᠭᠤᠷᠠᠭᠰᠠᠨ ᠪᠦᠭᠡᠳ ᠲᠠᠰᠤᠷᠠᠯᠲᠠ ᠥᠬᠡᠶ ᠰᠢᠪᠲᠤᠯᠤᠯᠲᠠ ᠬᠢᠵᠦ ᠪᠠᠶᠢᠨ᠎ᠠ︾

ᠭᠡᠵᠤ ᠭᠦᠨ ᠰᠡᠳᠭᠢᠯᠭᠡ ᠲᠠᠢ ᠶᠠᠷᠢᠪᠠ᠃

︽ᠡᠭᠦᠨ ᠳᠤ ᠤᠷᠠᠨ ᠳᠠᠷᠬᠠᠨ ᠮᠠᠰᠢ ᠴᠢᠬᠤᠯᠠ ᠶᠤᠮ᠃ ᠵᠢᠷᠤᠭ ᠲᠦᠯᠦᠪᠯᠡᠭᠡ ᠶᠢ ᠰᠠᠶᠢᠬᠠᠨ ᠵᠢᠷᠤᠵᠤ ᠲᠥᠯᠥᠪᠯᠡᠭᠡᠳ ᠯᠡ

ᠪᠤᠯᠬᠤ ᠦᠭᠡᠢ᠂ ᠬᠠᠮᠤᠭ ᠤᠨ ᠰᠡᠭᠦᠯ ᠳᠤ ᠭᠠᠩᠨᠠᠭᠤᠷᠴᠢᠨ ᠤ ᠭᠠᠷ ᠲᠤ ᠨᠠᠶᠢᠳᠠᠪᠤᠷᠢᠵᠢᠭᠤᠯᠬᠤ ᠬᠡᠷᠡᠭᠲᠡᠶ᠂ ᠳᠡᠯᠡᠬᠡᠶ ᠶᠢᠨ

ᠲᠡᠷᠢᠭᠦᠨ ᠵᠡᠷᠭᠡ ᠶᠢᠨ ᠲᠦᠪᠰᠢᠨ ᠦᠭᠡᠢ ᠪᠣᠯ ᠬᠠᠮᠤᠭ ᠤᠨ ᠰᠠᠶᠢᠨ ᠲᠣᠨᠤᠭ ᠲᠥᠬᠦᠭᠡᠷᠦᠮᠵᠢ ᠶᠢ ᠬᠢᠵᠦ ᠴᠢᠳᠠᠬᠤ ᠦᠭᠡᠢ᠂

ᠡᠶᠢᠮᠦ ᠠᠴᠠ ᠪᠢᠳᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠨᠡᠨ ᠪᠣᠳᠠᠲᠠᠢ ᠰᠠᠶᠢᠲᠤᠷ ᠬᠢᠵᠦ᠂ ᠤᠷᠠᠨ ᠲᠠᠷᠬᠠᠨ ᠤ

ᠵᠣᠷᠢᠭ ᠰᠠᠨᠠᠭ᠎ᠠ ᠶᠢ ᠪᠤᠢ ᠪᠣᠯᠭᠠᠵᠤ᠂ ᠨᠢᠭᠡᠳᠦᠭᠡᠷ ᠹᠷᠣᠨᠲ ᠤᠨ ᠲᠤᠮᠤ ᠤᠯᠤᠰ ᠤᠨ ᠤᠷᠠᠨ ᠲᠠᠷᠬᠠᠨ ᠢ ᠪᠦᠯᠦᠭ ᠪᠦᠯᠦᠭ ᠢᠶᠠᠷ

ᠬᠥᠮᠦᠵᠢᠭᠦᠯᠬᠦ ᠬᠡᠷᠡᠭᠲᠡᠢ᠂ ᠡᠨᠡ ᠪᠣᠯ ᠨᠢᠷᠤᠭᠤ ᠲᠤᠯᠭᠠᠭᠤᠷᠢ ᠪᠤᠯᠤᠨ᠎ᠠ᠂ ᠠᠯᠮᠠᠰ ᠴᠢᠯᠠᠭᠤ ᠦᠭᠡᠢ ᠪᠣᠯ ᠱᠠᠭᠠᠵᠠᠩ ᠤᠨ

ᠠᠵᠢᠯ ᠢ ᠭᠠᠷᠳᠠᠵᠤ ᠳᠡᠶᠢᠯᠬᠦ ᠦᠭᠡᠢ ᠶᠤᠮ︾ ᠭᠡᠬᠦ ᠶᠡᠷᠦᠩᠬᠡᠢ ᠱᠦᠵᠢ ᠶᠢᠨ ᠦᠭᠡ ᠦᠨᠡᠨᠴᠢ ᠰᠡᠳᠭᠢᠯᠭᠡ ᠭᠦᠨ ᠶᠠᠷᠢᠶ᠎ᠠ ᠨᠢ

ᠪᠦᠬᠦ ᠲᠠᠯᠠᠪᠠᠢ ᠶᠢᠨ ᠬᠠᠮᠲᠤ ᠤᠯᠠᠨ ᠤ ᠰᠡᠳᠬᠢᠯ ᠢ ᠴᠤᠤᠷᠢᠶᠠᠳᠤᠭᠤᠯᠪᠠ᠃

ᠤᠷᠠᠨ ᠳᠠᠷᠬᠠᠨ ᠢ ᠬᠦᠨᠳᠦᠳᠭᠡᠨ᠎ᠡ᠂ ᠨᠡᠩ ᠴᠤ ᠲᠡᠳᠡᠨ ᠤ ︽ᠤᠷᠠᠨ ᠰᠠᠨᠠᠭ᠎ᠠ︾ ᠶᠢ ᠴᠢᠬᠤᠯᠠᠴᠢᠯᠠᠨ᠎ᠠ᠃

ᠶᠡᠷᠦᠩᠬᠡᠶ ᠱᠦᠵᠢ ᠰᠢ ᠶᠢᠨ ᠫᠢᠩ᠄ ︽ᠪᠢᠳᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠨᠢᠭᠡᠨᠲᠡ

ᠨᠡᠯᠢᠶᠡᠳ ᠵᠦᠭᠡᠷ ᠬᠢᠭᠰᠡᠨ ᠪᠣᠯᠪᠠᠴᠤ ᠪᠠᠰᠠ ᠬᠦᠢᠴᠡᠳ ᠪᠢᠰᠢ ᠪᠠᠶᠢᠨ᠎ᠠ᠂ ᠲᠡᠳᠡᠨ ᠳᠤ ᠵᠣᠬᠢᠬᠤ ᠤᠯᠤᠰ ᠲᠥᠷᠥ ᠶᠢᠨ ᠪᠠᠶᠢᠷᠢ

ᠰᠠᠭᠤᠷᠢ᠂ ᠨᠡᠶᠢᠭᠡᠮ ᠤᠨ ᠪᠠᠶᠢᠷᠢ ᠰᠠᠭᠤᠷᠢ ᠪᠠ ᠴᠠᠯᠢᠩ ᠣᠯᠭᠤᠮᠵᠢ ᠬᠠᠷᠠᠭᠠᠯᠵᠠᠯ ᠣᠯᠭᠤᠵᠤ᠂ ᠵᠤᠬᠢᠬᠤ ᠤᠷᠮᠠᠰᠢᠭᠤᠯᠬᠤ

ᠲᠣᠭᠲᠠᠴᠠ ᠶᠢ ᠪᠠᠶᠢᠭᠤᠯᠬᠤ ᠬᠡᠷᠡᠭᠲᠡᠶ︾ ᠭᠡᠵᠦ ᠵᠢᠭᠠᠵᠤ ᠭᠠᠷᠭᠠᠪᠠ᠃

2022 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ

ᠠᠬᠠᠮᠠᠳ ᠲᠤᠰᠬᠠᠢ ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ ᠶᠢᠨ ᠮᠦᠽᠧᠢ ᠶᠢᠨ ᠶᠡᠷᠦᠩᠬᠡᠢ

ᠣᠷᠳᠣᠨ ᠤ ᠳᠡᠳ᠋ ᠳᠠᠷᠤᠭ᠎ᠠ ᠰᠦᠩ ᠶᠠᠨ ᠲᠥᠯᠥᠭᠡᠯᠡᠭᠴᠢ ᠳᠤ ᠤᠳᠤ ᠪᠣᠯᠲᠠᠯ᠎ᠠ ᠮᠠᠰᠢ ᠶᠡᠭᠡ ᠵᠣᠷᠢᠭᠵᠢᠭᠤᠯᠤᠯ ᠪᠣᠯᠤᠭᠰᠠᠭᠠᠷ

ᠶᠤᠮ᠃ ᠶᠠᠷᠢᠶ᠎ᠠ ᠲᠠᠯᠪᠢᠬᠤ ᠳᠠᠭᠠᠨ ᠲᠡᠷᠡ ᠨᠠᠨᠵᠢᠩ ᠬᠤᠲᠠ ᠶᠢᠨ ᠲᠡᠤᠬᠡ ᠶᠢᠨ ᠲᠤᠷᠠᠰᠬᠠᠯᠲᠤ ᠵᠦᠢᠯᠡᠰ ᠤᠨ ᠮᠦ᠋ᠽᠧᠢ ᠶᠢᠨ

ᠠᠵᠢᠯᠲᠠᠳ ᠤᠨ ᠰᠣᠶᠣᠯ ᠤᠨ ᠥᠪ ᠢᠶᠠᠨ ᠰᠠᠬᠢᠨ ᠬᠠᠮᠠᠭᠠᠯᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂

ᠰᠣᠶᠣᠯ ᠤᠨ ᠬᠦᠴᠦᠨ ᠢ ᠬᠥᠭᠵᠢᠭᠡᠭᠰᠡᠨ ᠦᠯᠢᠭᠡᠷ ᠢ ᠶᠠᠷᠢᠪᠠ᠃

︽ᠨᠠᠨᠵᠢᠩ ᠤᠨ ᠮᠦᠽᠧᠢ ᠳᠤ ᠪᠠᠰᠠ ᠦᠵᠡᠭᠦᠰᠢᠲᠡᠢ ᠵᠦᠢᠯ ᠲᠤᠩ ᠤᠯᠠᠨ ᠪᠤᠢ᠂ ᠵᠢᠷᠭᠤᠭᠠᠨ ᠲᠦᠷᠦ ᠶᠢᠨ ᠡᠷᠲᠡᠨ ᠤ

ᠨᠡᠶᠢᠰᠯᠡᠯ᠂ ᠪᠠᠰᠠ ᠬᠤᠶᠢᠨᠠᠬᠢ ᠮᠢᠩ ᠤᠯᠤᠰ᠂ ᠴᠢᠩ ᠤᠯᠤᠰ ᠤᠨ ᠦᠶ᠎ᠡ ᠳᠤ᠂ ᠶᠠᠭᠤᠮ᠎ᠠ ᠪᠠᠰᠠ ᠲᠤᠩ ᠠᠷᠪᠢᠨ ᠪᠠᠶᠢᠵᠠᠢ᠃

ᠮᠦᠽᠧᠶ ᠮᠠᠰᠢ ᠴᠢᠬᠤᠯᠠ ᠶᠤᠮ᠂ ᠪᠢ ᠪᠠᠭ᠎ᠠ ᠠᠴᠠ ᠪᠠᠨ ᠮᠦᠽᠧᠶ ᠳᠤ ᠤᠴᠢᠬᠤ ᠳᠤᠷᠠᠲᠠᠶ᠂ ᠪᠠᠭ᠎ᠠ ᠳᠠᠭᠠᠨ ᠪᠡᠭᠡᠵᠢᠩ ᠳᠠᠬᠢ

ᠮᠦᠽᠧᠶ ᠪᠠᠷ ᠪᠠᠷᠤᠭ ᠪᠦᠷ ᠤᠴᠢᠵᠤ ᠥᠡᠭᠭᠡᠷᠡᠭᠰᠡᠨ︾ ᠭᠡᠵᠦ ᠶᠡᠷᠦᠩᠬᠡᠢ ᠱᠦᠵᠢ ᠰᠢ ᠶᠢᠨ ᠫᠢᠩ ᠰᠦᠩ ᠶᠠᠨ ᠳᠤ

ᠳᠣᠲᠣᠨᠣᠰᠤᠭ ᠢᠶᠠᠷ ᠬᠡᠯᠡᠪᠡ᠃

ᠰᠤᠶᠤᠯ ᠤᠨ ᠭᠤᠯᠤᠮᠲᠠ ᠥᠨᠢ ᠤᠳᠠᠭᠠᠨ᠂ ᠨᠢᠭᠡ ᠦᠨᠳᠦᠰᠦᠲᠡᠨ ᠤ ᠤᠤᠷ ᠲᠤᠨᠳᠠᠰᠤ ᠶᠢ ᠬᠤᠷᠠᠮᠳᠤᠭᠤᠯᠤᠨ᠎ᠠ᠃ ᠶᠡᠷᠦᠩᠬᠡᠢ

ᠱᠦᠵᠢ ᠰᠢ ᠶᠢᠨ ᠫᠢᠩ᠂ ᠥᠷᠭᠡᠨ ᠤᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠢ ᠮᠦᠽᠧᠢ ᠲᠠᠢ ᠢᠯᠡᠭᠦᠬᠡᠨ

ᠣᠶᠢᠷᠠᠲᠤᠭᠤᠯᠵᠤ᠂ ᠲᠡᠦᠬᠡ ᠶᠢᠨ ᠲᠦᠷᠦᠭᠳᠡᠯ ᠢᠶᠠᠨ ᠤᠯᠠᠮ ᠨᠡᠮᠡᠭᠳᠡᠭᠦᠯᠬᠦ ᠶᠢ ᠬᠦᠰᠡᠪᠡ᠃ ︽ᠮᠦᠽᠧᠢ ᠶᠢᠨ ᠦᠢᠯᠡᠰ ᠢ

ᠰᠠᠶᠢᠲᠤᠷ ᠬᠢᠬᠦ ᠬᠡᠷᠡᠭᠲᠡᠢ᠃ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ ᠨᠡᠩ

ᠰᠢᠰᠲ᠋ᠧᠮᠵᠢᠭᠦᠯᠬᠦ ᠶᠢᠨ ᠬᠠᠮᠲᠤ ᠮᠦᠽᠧᠶ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠶ︾

ᠭᠡᠵᠦ ᠭᠦᠨ ᠰᠡᠳᠭᠢᠯᠭᠡ ᠲᠠᠢ ᠬᠡᠯᠡᠪᠡ᠃

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ

ᠪᠢᠯᠬᠠᠭᠰᠠᠨ ᠬᠤᠯᠠ ᠶᠢᠨ ᠠᠶᠠᠨ ᠮᠥᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠦᠢᠯᠡᠰ ᠮᠥᠨ᠃

ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ

ᠬᠤᠷᠢᠶ᠎ᠠ ᠶᠢᠨ ᠰᠢᠶᠠ ᠰᠢᠶᠠᠨ ᠫᠤᠩ ᠭᠡᠰᠢᠭᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠬᠡ

ᠬᠠᠭᠤᠷᠠᠢ ᠶᠢᠨ ᠯᠤᠲᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠷ ᠪᠠᠲᠤ ᠲᠤᠯᠭᠠᠭᠤᠷᠢᠯᠠᠯ ᠪᠣᠯᠭᠠᠵᠤ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ

ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠣᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ ᠳᠣᠣᠷ᠎ᠠ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ

ᠲᠦᠷᠭᠡᠨ ᠬᠥᠭᠵᠢᠪᠡ ᠭᠡᠵᠦ ᠶᠡᠷᠦᠩᠬᠡᠢ ᠱᠦᠵᠢ ᠳᠤ ᠬᠡᠯᠡᠪᠡ᠃

ᠲᠢᠶᠠᠨ ᠬᠤᠩ ᠴᠢ ᠭᠡᠰᠢᠭᠦᠨ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ

ᠲᠦᠷᠭᠡᠳᠭᠡᠨ ᠪᠠᠶᠢᠭᠤᠯᠵᠤ᠂ ᠬᠤᠶᠠᠷ ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ

ᠭᠦᠨᠵᠡᠭᠡᠶᠢᠷᠡᠭᠦᠯᠵᠦ᠂ ᠬᠤᠶᠠᠷ ᠬᠥᠪᠡᠭᠡᠨ ᠤ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂

ᠬᠤᠶᠠᠷ ᠬᠥᠪᠡᠭᠡᠨ ᠤ ᠠᠬ᠎ᠠ ᠳᠡᠭᠦᠦ ᠨᠡᠷ ᠤᠨ ᠰᠡᠳᠭᠢᠯ ᠰᠠᠨᠠᠭ᠎ᠠ ᠪᠠᠨ ᠤᠯᠤᠯᠴᠠᠬᠤ ᠶᠢ ᠠᠬᠢᠭᠤᠯᠬᠤ ᠶᠢ ᠰᠠᠨᠠᠭᠤᠯᠪᠠ᠃

ᠶᠡᠷᠦᠩᠬᠡᠢ ᠱᠦᠵᠢ ᠰᠢ ᠶᠢᠨ ᠫᠢᠩ ᠲᠠᠶᠢᠸᠠᠨ ᠤ ᠠᠵᠢᠯ ᠤᠨ ᠶᠡᠭᠡ ᠲᠠᠯ᠎ᠠ ᠳᠤ ᠤᠯᠠᠮ ᠴᠢᠨᠠᠭᠰᠢᠳᠠ ᠪᠠᠶᠢᠷᠢ

ᠲᠣᠭᠲᠠᠭᠠᠯᠲᠠ ᠪᠠᠨ ᠵᠥᠪ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂

ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠭᠠᠳᠤ ᠭᠠᠳᠠᠭᠠᠳᠤ ᠶᠢᠨ ᠪᠦᠯᠬᠦᠮᠳᠡᠵᠦ ᠪᠣᠯᠬᠤ ᠤᠯᠤᠰ ᠢᠶᠠᠨ

ᠬᠠᠶᠢᠷᠠᠯᠠᠬᠤ ᠬᠦᠴᠦᠨ ᠪᠦᠬᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ

ᠨᠢᠭᠡᠳᠦᠯ ᠢ ᠠᠬᠢᠭᠤᠯᠬᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ

ᠨᠢᠭᠡᠳᠭᠡᠬᠦ ᠠᠬᠢᠴᠠ ᠶᠢ ᠬᠠᠮᠲᠤ ᠪᠠᠷ ᠠᠬᠢᠭᠤᠯᠬᠤ ᠶᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠢᠨ ᠳᠤ ᠬᠦᠰᠡᠪᠡ᠃

ᠤᠷᠢᠬᠠᠨ ᠰᠠᠯᠬᠢ ᠡᠬᠡ ᠭᠠᠵᠠᠷ ᠢ ᠢᠯᠪᠢᠵᠦ᠂ ᠲᠦᠮᠡᠨ ᠪᠣᠳᠠᠰ ᠰᠢᠨᠡᠳᠦᠨ ᠠᠮᠢᠯᠠᠨ᠎ᠠ᠃

ᠰᠢᠨ᠎ᠡ ᠠᠶᠠᠨ ᠢ ᠪᠠᠷᠠᠯᠠᠬᠤᠶ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ

ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠬᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ

ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ

ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ

ᠨᠥᠬᠦᠴᠡᠯ ᠢ ᠠᠰᠢᠭᠯᠠᠨ᠂ ᠬᠢᠬᠦ ᠪᠠᠷ ᠵᠤᠷᠢᠭ ᠰᠢᠭᠤᠳᠪᠠᠯ ᠲᠠᠷᠤᠢ ᠱᠠᠯᠠᠪᠳᠠᠨ ᠠᠵᠢᠯᠯᠠᠵᠤ᠂ ᠡᠯ᠎ᠡ ᠲᠠᠯ᠎ᠠ ᠶᠢᠨ ᠬᠢᠨ ᠤ ᠡᠷᠴᠢ

ᠵᠣᠷᠢᠭ ᠢ ᠳᠠᠶᠢᠴᠢᠯᠠᠬᠤ ᠬᠡᠷᠡᠭᠲᠡᠢ︾ ᠭᠡᠬᠦ ᠶᠠᠷᠢᠶ᠎ᠠ ᠨᠢ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ︶

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号