ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/13
   ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶᠢᠴᠢᠨ ᠬᠤᠷᠠᠯ ᠢ ᠡᠷᠭᠢᠯᠡᠵᠠᠢ   3 ᠰᠠᠷ᠎ᠠ ᠶᠢᠨ 11 ᠤ ᠡᠳᠦᠷ᠂ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠬᠤᠷᠠᠯ ᠢ ᠡᠷᠭᠢᠯᠡᠪᠡ᠃   ᠬᠤᠸᠠᠩ ᡁᠢ ᠴᠢᠶᠠᠩ᠂ ᠬᠠᠪᠤᠷ ᠤᠨ ᠤᠯᠠᠷᠢᠯ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠡᠭᠦᠰᠬᠦ ᠰᠢᠯᠲᠠᠭᠠᠨ ᠣᠯᠠᠨ᠂ ᠠᠶᠤᠯ ᠲᠦᠭᠰᠢᠭᠦᠷᠢ ᠶᠡᠭᠡ ᠪᠠᠶᠢᠵᠤ᠂ ᠲᠦᠢᠮᠡᠷ ᠢ ᠰᠡᠷᠬᠡᠶᠢᠯᠡᠨ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠳᠠᠭ᠃ ᠲᠦᠢᠮᠡᠷ ᠢ ᠰᠡᠷᠬᠡᠶᠢᠯᠡᠨ ᠲᠦᠢᠮᠡᠷ ᠢ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠡᠷᠡᠭ ᠶᠠᠪᠤᠳᠠᠯ ᠢ ᠬᠠᠮᠢᠶᠠᠷᠬᠤ ᠬᠥᠮᠥᠨ ᠲᠠᠢ᠂ ᠲᠦᠢᠮᠡᠷ ᠢ ᠰᠡᠷᠭᠡᠶᠢᠯᠡᠬᠦ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠠᠶᠢᠬᠤ ᠶᠢ ᠪᠡᠶᠡᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ︽ᠰᠡᠷᠭᠡᠶᠢᠯᠡᠬᠦ︾ ᠶᠢ ᠲᠤᠪᠤᠶᠢᠯᠭᠠᠨ ᠰᠠᠶᠢᠲᠦᠷ ᠠᠳᠬᠤᠵᠦ᠂ ᠣᠨᠴᠠᠭᠠᠶᠢᠯᠠᠨ ᠬᠠᠩᠰᠢ᠂ ︽5 · 1︾ ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ ᠲᠣᠪᠤᠶᠢᠯᠭᠠᠨ ᠰᠠᠶᠢᠲᠤᠷ ᠠᠳᠬᠤᠵᠤ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠬᠠᠮ ᠠᠷᠭ᠎ᠠ ᠬᠡᠮᠵᠢᠶ᠎ᠡ︾ ᠢᠢ ᠰᠠᠶᠢᠲᠤᠷ ᠠᠪᠴᠤ᠂ ᠠᠭᠤᠯᠠ ᠶᠢ ᠪᠠᠲᠤ ᠰᠠᠬᠢᠵᠤ᠂ ᠬᠥᠮᠥᠨ ᠢ ᠰᠠᠶᠢᠲᠤᠷ ᠬᠠᠷᠠᠵᠤ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠢ᠃ ︽ᠤᠨᠳᠠᠷᠠᠭᠠᠬᠤ︾ ᠢᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠥᠮᠤᠨ ᠤ ᠬᠦ᠋ᠴᠦᠨ ᠢ ᠰᠢᠯᠢᠳᠡᠭᠵᠢᠭᠦᠯᠵᠦ᠂ ᠲᠦᠢᠮᠡᠷ ᠢ ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ︽ᠡᠷᠳᠡ ᠤᠨᠲᠠᠷᠠᠭᠠᠬᠤ᠂ ᠪᠠᠭ᠎ᠠ ᠳᠤᠨᠢ ᠤᠨᠲᠠᠷᠠᠭᠠᠬᠤ᠂ ᠤᠨᠲᠠᠷᠠᠭᠠᠵᠤ ᠳᠡᠶᠢᠯᠬᠦ︾ ᠢᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号