ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
   ︽ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠦᠯ︾᠂ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵2024 — 2030 ᠣᠨ︶︾ ᠪᠠ ︽ᠪᠠᠷᠢᠮᠵᠢᠶ᠎ᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯ ᠤᠨ ᠲᠥᠰᠦᠯ︾ ᠢ ᠶᠠᠷᠢᠯᠴᠠᠨ ᠪᠠᠲᠤᠯᠠᠪᠠ    ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ    ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ       ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠦᠯ︾᠂ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵2024 — 2030 ᠣᠨ︶︾ ᠪᠣᠯᠤᠨ ︽ᠪᠠᠷᠢᠮᠵᠢᠶ᠎ᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯ ᠤᠨ ᠲᠥᠰᠦᠯ︾ ᠢ ᠶᠠᠷᠢᠯᠴᠠᠨ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠦᠨᠡᠨᠬᠦ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠴᠢᠨᠠᠭᠰᠢᠳᠠ ᠬᠥᠭᠵᠢᠭᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠡᠷᠡᠭᠵᠢᠭᠦᠯᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠢ ᠬᠡᠷᠡᠭᠵᠢᠭᠦᠯᠬᠦ ᠠᠷᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠬᠢᠴᠠᠭᠤᠯᠵᠤ᠂ ᠣᠷᠣᠯᠴᠠᠬᠤ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠳᠡᠮᠵᠢᠵᠦ᠂ ᠠᠳᠠᠯᠢ ᠴᠢᠭᠯᠡᠯ ᠢᠶᠠᠷ ᠬᠦᠴᠦᠯᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠷᠥᠯ ᠵᠦᠢᠯ ᠬᠤᠪᠢᠶᠠᠨ ᠤᠨᠠᠯᠲᠠ ᠶᠢ ᠨᠡᠮᠡᠭᠳᠡᠭᠦᠯᠬᠦ ᠡᠭᠦᠷᠭᠡ ᠪᠣᠯᠤᠨ ᠣᠷᠣᠨ ᠪᠦᠰᠡ ᠬᠤᠪᠢᠶᠠᠨ ᠤᠨᠠᠯᠲᠠ ᠶᠢ ᠨᠡᠮᠡᠭᠳᠡᠭᠦᠯᠬᠦ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃    ᠬᠤᠷᠠᠯ ᠠᠴᠠ᠂ ᠪᠠᠷᠢᠮᠵᠢᠶ᠎ᠠ ᠶᠢ ᠳᠡᠰ ᠳᠡᠪᠰᠢᠭᠦᠯᠬᠦ ᠶᠢ ᠠᠬᠢᠭᠤᠯᠬᠤ ᠨᠢ ᠣᠯᠠᠨ ᠲᠦᠮᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ᠂ ᠬᠡᠷᠡᠭᠯᠡᠭᠴᠢᠳ ᠵᠡᠷᠭᠡ ᠬᠠᠮᠢᠶ᠎ᠠ ᠪᠦᠬᠦᠢ ᠲᠠᠯ᠎ᠠ ᠶᠢᠨ ᠰᠠᠨᠠᠯ ᠢ ᠭᠦᠢᠴᠡᠳ ᠬᠤᠷᠢᠶᠠᠵᠤ᠂ ᠪᠠᠴᠢᠮ ᠬᠡᠷᠡᠭᠴᠡᠭᠡ ᠶᠢ ᠤᠷᠢᠳᠠᠪᠠᠷ ᠬᠡᠷᠡᠭᠯᠡᠬᠦ ᠶᠢ ᠪᠠᠷᠢᠮᠲᠠᠯᠠᠨ᠂ ᠪᠣᠯᠪᠠᠰᠤᠷᠠᠩᠭᠤᠢ ᠪᠣᠯᠪᠠᠯ ᠴᠠᠭ ᠲᠤᠬᠠᠢ ᠳᠤᠨᠢ ᠨᠢᠭᠡ ᠵᠦᠢᠯ ᠢ ᠨᠡᠶᠢᠲᠡᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠰᠤᠷᠭᠠᠭᠤᠯᠢ ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠣᠷᠣᠨ ᠪᠦᠰᠡ᠂ ᠬᠤᠲᠠ ᠬᠥᠳᠡᠭᠡ ᠂ ᠰᠤᠷᠭᠠᠭᠤᠯᠢ ᠶᠢᠨ ᠬᠤᠭᠤᠷᠣᠨᠳᠣᠬᠢ᠂ ᠬᠠᠮᠲᠤᠯᠢᠭ ᠤᠨ ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠥᠬᠡᠶ ᠪᠠᠭᠠᠰᠬᠠᠵᠤ᠂ ᠨᠠᠩ ᠡᠷᠬᠡ ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠥᠮᠦᠨ ᠠᠮᠠ ᠶᠢᠨ ᠬᠤᠪᠢᠷᠠᠯᠲᠠ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢᠨ ᠬᠤᠪᠢᠷᠠᠯᠲᠠ ᠶᠢ ᠪᠠᠷᠠᠭᠠᠯᠬᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠢ ᠲᠠᠯ᠎ᠠ ᠲᠡᠶᠢᠰᠢ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃     ᠬᠤᠷᠠᠯ ᠠᠴᠠ᠂ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠤᠨ ᠠᠵᠢᠯ ᠢ ᠰᠠᠶᠢᠲᠤᠷ ᠬᠢᠬᠦ ᠨᠢ ᠤᠯᠤᠰ ᠢᠶᠠᠨ ᠬᠦᠴᠦᠷᠬᠡᠭᠵᠢᠭᠦᠯᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠬᠤᠯᠪᠣᠭᠳᠠᠨ᠎ᠠ᠃ ᠬᠤᠷᠠᠯ ᠠᠴᠠ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ᠲᠣᠭᠲᠠᠭᠠᠭᠰᠠᠨ ᠱᠠᠭᠠᠷᠳᠠᠯᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号