ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠲᠤᠬᠠᠶ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/3/13

︵2024 ᠣᠨ ᠤ 2 ᠰᠠᠷ᠎ᠠ ᠶᠢᠨ 23 ᠤ ᠡᠳᠦᠷ︶

 

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ︵ᠳᠣᠷᠣᠭᠰᠢ ᠭᠤᠤᠯ ᠰᠡᠳᠦᠪᠲᠦ ᠬᠥᠮᠦᠵᠢᠯ

ᠭᠡᠵᠦ ᠲᠤᠪᠴᠢᠯᠡᠨ᠎ᠠ︶ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ

ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂

ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠠᠶᠢᠭᠤᠯᠤᠨ

ᠪᠦᠷᠢᠨᠰᠢᠭᠦᠯᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠲᠤ ︽ᠬᠤᠶᠠᠷ ᠢ ᠲᠣᠭᠲᠠᠭᠠᠭᠰᠠᠨ︾ ᠤ

ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ᠂ ︽ᠳᠥᠷᠪᠡᠨ ᠤᠬᠠᠮᠰᠠᠷ︾ ᠢ ᠨᠠᠩ

ᠤᠬᠠᠮᠰᠠᠷ ᠠᠴᠠ ᠪᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ

ᠪᠡᠶᠡᠯᠡᠭᠦᠯᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠢᠳᠡᠭᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠶᠢ

ᠠᠬᠢᠭᠤᠯᠬᠤ ᠶᠢᠨ ᠲᠦᠯᠦᠭᠡ᠂ ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ ᠡᠳᠦᠭᠡ ᠳᠣᠣᠷᠠᠬᠢ ᠰᠠᠨᠠᠯ ᠢ ᠳᠤᠷᠠᠳᠤᠶ᠎ᠠ

ᠨᠢᠭᠡ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠤᠨᠳᠤᠤᠰᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ

ᠦᠵᠡᠯ ᠰᠠᠨᠠᠭᠠᠨ ᠤ ᠲᠠᠯ᠎ᠠ ᠪᠠᠷ ᠰᠠᠭᠤᠷᠢ ᠶᠢ ᠵᠠᠰᠠᠨ ᠡᠬᠢ ᠶᠢ ᠴᠡᠭᠴᠡᠯᠡᠵᠤ᠂ ᠰᠠᠭᠤᠷᠢ ᠶᠢ ᠪᠠᠬᠢᠵᠢᠭᠦᠯᠦᠨ ᠦᠨᠳᠦᠰᠦ ᠶᠢ

ᠪᠠᠳᠤᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ

ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠬᠠᠮᠰᠠᠷ ᠠᠴᠠ ᠪᠠᠨ ᠤᠯᠤᠰ ᠲᠥᠷᠥ ᠶᠢᠨ ᠵᠣᠭᠰᠣᠯᠲᠠ᠂ ᠤᠯᠤᠰ

ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ

ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠪᠥᠬᠦ ᠨᠠᠮ ᠤᠨ

ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠴᠢᠨᠠᠭᠰᠢᠳᠠ ᠪᠠᠬᠢᠵᠢᠭᠦᠯᠦᠨ᠎ᠠ᠃

1. ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠱᠠᠲᠤᠨ ᠤ ᠨᠠᠮ ᠤᠨ

ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠᠶᠢᠩᠭᠤ ᠶᠢᠨ ᠬᠤᠷᠢᠶ᠎ᠠ ᠶᠢᠨ ᠬᠤᠷᠠᠯ ︵ᠨᠠᠮ ᠤᠨ ᠤᠳᠤᠷᠢᠳᠬᠤ

ᠳᠤᠭᠤᠶᠢᠯᠠᠩ ᠤᠨ ᠬᠤᠷᠠᠯ︶ ᠪᠤᠶᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ

ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠬᠤ ᠳᠠᠭᠠᠨ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ

ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠨᠠᠮ ᠤᠨ ᠬᠤᠷᠢᠶ᠎ᠠ ︵ᠨᠠᠮ ᠤᠨ

ᠤᠳᠤᠷᠢᠳᠬᠤ ᠳᠤᠭᠤᠶᠢᠯᠠᠩ︶ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠲᠥᠯᠥᠪᠵᠢᠭᠦᠯᠵᠦ᠂ ᠴᠢᠬᠤᠯᠠ ᠶᠡᠭᠡ ᠵᠦᠢᠯᠡᠰ ᠢ

ᠰᠤᠳᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠴᠢᠬᠤᠯᠠ ᠶᠡᠭᠡ ᠡᠭᠦᠷᠭᠡ ᠶᠢ

ᠪᠠᠶᠢᠷᠢᠯᠠᠭᠤᠯᠬᠤ ᠳᠠᠭᠠᠨ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠶᠠᠷᠢᠶ᠎ᠠ ᠪᠣᠯᠤᠨ ᠴᠢᠬᠤᠯᠠ

ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ ᠶᠢᠨ ᠴᠢᠭᠯᠡᠯ ᠢ

ᠣᠨᠣᠪᠴᠢᠲᠠᠶ ᠡᠵᠡᠮᠳᠡᠵᠦ᠂ ᠠᠵᠢᠯ ᠤᠨ ᠱᠠᠭᠠᠷᠳᠠᠯᠭ᠎ᠠ ᠶᠢ ᠣᠶᠢᠯᠠᠭᠠᠵᠤ᠂ ᠰᠡᠳᠭᠢᠮᠵᠢ ᠠᠷᠭ᠎ᠠ ᠬᠡᠮᠵᠢᠶ᠎ᠡ ᠪᠠᠨ ᠲᠣᠳᠣᠷᠬᠠᠶ

ᠪᠤᠯᠭᠠᠨ᠎ᠠ᠃

     2. ᠣᠨᠣᠯ ᠰᠤᠷᠤᠯᠴᠠᠬᠤ ᠳᠦᠷᠢᠮ ᠢ ᠪᠦᠷᠢᠨᠰᠢᠭᠦᠯᠦᠨ᠎ᠡ᠃ ᠤᠳᠤᠷᠢᠳᠬᠤ ᠪᠠᠭ ᠤᠨ ᠨᠣᠮ ᠤᠩᠰᠢᠬᠤ ᠠᠩᠬᠢ ᠶᠢᠨ

ᠲᠦᠷᠢᠮ ᠢ ᠪᠠᠶᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ

ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠲᠠᠢ ᠤᠶᠠᠯᠳᠤᠭᠤᠯᠵᠤ᠂ ᠵᠢᠯ ᠪᠦᠷᠢ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠨᠣᠮ ᠤᠩᠰᠢᠬᠤ

ᠠᠩᠬᠢ ᠶᠢ ᠡᠷᠬᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ᠯᠠᠪᠳᠠᠭᠤᠨ ᠬᠢᠨᠠᠮᠠᠭᠠᠢ

ᠤᠷᠤᠯᠴᠠᠭᠤᠯᠵᠤ᠂ ᠰᠡᠳᠭᠢᠯ ᠰᠠᠨᠠᠭ᠎ᠠ ᠶᠢ ᠨᠢ ᠲᠠᠶᠢᠪᠤᠰᠢᠷᠠᠭᠤᠯᠵᠤ᠂ ᠤᠭ ᠪᠦᠲᠦᠭᠡᠯ ᠢ ᠤᠩᠰᠢᠵᠤ ᠤᠭ ᠵᠣᠬᠢᠶᠠᠯ ᠢ

ᠰᠤᠷᠤᠯᠴᠠᠨ ᠤᠭ ᠶᠣᠰᠣ ᠶᠢ ᠣᠶᠢᠯᠠᠭᠠᠵᠤ᠂ ᠬᠠᠮᠲᠤ ᠶᠢᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠠᠵᠢᠯᠯᠠᠭ᠎ᠠ

ᠥᠷᠨᠢᠭᠦᠯᠦᠨ᠎ᠡ᠃ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠲᠦᠷᠢᠮ ᠢ ᠪᠦᠷᠢᠨᠰᠢᠭᠦᠯᠵᠦ᠂ ᠡᠯ᠎ᠡ ᠱᠠᠲᠤᠨ ᠤ ᠨᠠᠮ ᠤᠨ

ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠯ ᠪᠦᠷᠢ ᠬᠤᠪᠢᠳᠠᠨ

ᠬᠠᠮᠢᠶᠠᠷᠴᠤ ᠪᠠᠶᠢᠭ᠎ᠠ ᠬᠦᠷᠢᠶ᠎ᠡ᠂ ᠰᠠᠯᠠᠭ᠎ᠠ ᠮᠥᠴᠢᠷ ᠵᠡᠷᠭᠡ ᠦᠨᠳᠦᠰᠦᠨ ᠱᠠᠲᠤᠨ ᠤ ᠨᠢᠭᠡᠴᠢ ᠪᠤᠶᠤ ᠪᠠᠶᠢᠭ᠎ᠠ ᠨᠠᠮ ᠤᠨ

ᠡᠭᠦᠷ ᠲᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠨᠠᠮ ᠤᠨ ᠰᠢᠨ᠎ᠡ ᠶᠢ

ᠡᠭᠦᠳᠦᠭᠰᠡᠨ ᠣᠨᠣᠯ ᠢ ᠰᠤᠷᠤᠯᠴᠠᠨ ᠬᠡᠷᠡᠭᠯᠡᠭᠰᠡᠨ ᠣᠯᠤᠯᠲᠠ ᠲᠥᠷᠥᠭᠳᠡᠯ ᠢᠶᠠᠨ ᠭᠤᠤᠯᠳᠠᠯᠭ᠎ᠠ ᠲᠠᠢ ᠶᠠᠷᠢᠨ᠎ᠠ᠃ ᠦᠨᠳᠦᠰᠦᠨ

ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ

ᠬᠢᠴᠢᠶᠡᠯ ᠢ ᠰᠠᠶᠢᠲᠤᠷ ᠶᠠᠷᠢᠨ᠎ᠠ᠃ ᠨᠠᠮ ᠤᠨ ᠭᠡᠰᠢᠭᠦᠨ᠂ ᠺᠠᠳ᠋ᠷᠴᠤᠳ ᠤᠨ ᠪᠠᠶᠢᠩᠭᠤ ᠶᠢᠨ ᠴᠢᠨᠠᠷᠲᠠᠶ ᠰᠤᠷᠤᠯᠴᠠᠯᠭ᠎ᠠ

ᠬᠥᠮᠦᠵᠢᠯ ᠢ ᠪᠣᠳᠠᠲᠠᠶ ᠠᠳᠬᠤᠵᠤ᠂ ᠵᠠᠯᠠᠭᠤ ᠨᠠᠮ ᠤᠨ ᠭᠡᠰᠢᠭᠦᠨ ᠤ ᠣᠨᠣᠯ ᠤᠨ ᠰᠤᠷᠤᠯᠴᠠᠯᠭ᠎ᠠ ᠶᠢ ᠲᠣᠪᠤᠶᠢᠮ᠎ᠠ ᠰᠠᠶᠢᠲᠤᠷ

ᠠᠳᠬᠤᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠲᠦᠷᠢᠮ ᠢ

ᠨᠠᠶᠢᠳᠠᠪᠤᠷᠢᠵᠢᠭᠤᠯᠵᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ᠡᠪ ᠬᠠᠮᠲᠤ ᠨᠠᠮ ᠤᠨ ᠭᠡᠰᠢᠭᠦᠨ ᠤ ᠰᠦᠯᠵᠢᠶ᠎ᠡ

ᠵᠡᠷᠭᠡ ᠲᠠᠪᠴᠠᠩ ᠢ ᠬᠡᠷᠡᠭᠯᠡᠨ᠂ ᠬᠢᠴᠢᠶᠡᠯ ᠤᠨ ᠲᠠᠩᠬᠢᠮ ᠤᠨ ᠲᠠᠶᠢᠯᠤᠮᠵᠢ ᠬᠢᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ

ᠬᠢᠬᠦ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠲᠤᠬᠠᠶ ᠶᠢᠨ ᠲᠠᠯᠠᠪᠤᠷ ᠲᠤ ᠪᠡᠶᠡᠴᠢᠯᠡᠨ ᠣᠶᠢᠯᠠᠭᠠᠬᠤ ᠵᠡᠷᠭᠡ ᠠᠷᠭ᠎ᠠ

ᠬᠡᠯᠪᠡᠷᠢ ᠪᠠᠷ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ

ᠰᠡᠳᠭᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃

    3. ᠨᠠᠮᠴᠢ ᠴᠢᠨᠠᠷ ᠤᠨ ᠬᠥᠮᠦᠵᠢᠯ ᠢ ᠴᠢᠩᠭᠠᠳᠬᠠᠨ᠎ᠠ᠃ ᠨᠠᠮ ᠤᠨ ᠲᠦᠷᠢᠮ ᠤᠨ ᠰᠤᠷᠤᠯᠴᠠᠯᠭ᠎ᠠ ᠬᠥᠮᠦᠵᠢᠯ ᠢ

ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠨᠠᠮ ᠤᠨ ᠲᠦᠷᠢᠮ ᠢ ᠰᠤᠷᠤᠯᠴᠠᠬᠤ᠂

ᠨᠠᠮ ᠤᠨ ᠲᠦᠷᠢᠮ ᠢ ᠵᠢᠷᠤᠮᠯᠠᠬᠤ᠂ ᠨᠠᠮ ᠤᠨ ᠲᠦᠷᠢᠮ ᠢ ᠲᠤᠭᠤᠰᠢᠯᠠᠭᠤᠯᠬᠤ᠂ ᠨᠠᠮ ᠤᠨ ᠲᠦᠷᠢᠮ ᠢ ᠬᠠᠮᠠᠭᠠᠯᠠᠬᠤ ᠶᠢ

ᠬᠦᠳᠦᠯᠦᠨ ᠵᠢᠯᠣᠭᠤᠳᠴᠤ᠂ ᠤᠬᠠᠮᠰᠠᠷ ᠠᠴᠠ ᠪᠠᠨ ᠨᠠᠮ ᠤᠨ ᠲᠦᠷᠢᠮ ᠢᠶᠠᠷ ᠦᠭᠡ ᠶᠠᠷᠢᠶ᠎ᠠ ᠦᠢᠯᠡ ᠠᠵᠢᠯᠯᠠᠭ᠎ᠠ ᠶᠢ

ᠵᠢᠷᠤᠮᠵᠢᠭᠤᠯᠤᠨ᠎ᠠ᠃ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠬᠤ᠂ ︽ᠤᠯᠤᠰ ᠲᠥᠷᠥ ᠶᠢᠨ

ᠲᠥᠷᠥᠭᠰᠡᠨ ᠡᠳᠦᠷ︾ ᠢ ᠪᠡᠯᠭᠡᠯᠡᠬᠦ ᠪᠠᠷ ᠳᠠᠮᠵᠢᠭᠤᠯᠤᠨ᠂ ᠬᠤᠪᠢᠰᠬᠠᠯ ᠤᠨ ᠡᠬᠢ ᠪᠠᠶᠠᠯᠢᠭ᠂ ᠨᠠᠮᠴᠢ ᠴᠢᠨᠠᠷ ᠤᠨ ᠬᠥᠮᠦᠵᠢᠯ

ᠪᠣᠯᠪᠠᠰᠤᠷᠠᠯ ᠤᠨ ᠪᠠᠶᠢᠭᠤᠯᠤᠮᠵᠢ ᠶᠢ ᠣᠶᠢᠷ᠎ᠠ ᠬᠠᠪᠢ ᠠᠴᠠ ᠪᠠᠨ ᠰᠠᠶᠢᠲᠤᠷ ᠬᠡᠷᠡᠭᠯᠡᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠪᠠ

ᠳᠡᠷᠭᠡᠳᠡᠬᠢ ᠥᠯᠢᠭᠡᠷ ᠳᠠᠭᠤᠷᠢᠶᠠᠯ ᠠᠴᠠ ᠪᠠᠨ ᠰᠤᠷᠤᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ

ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠵᠦ᠂ ᠨᠠᠮ ᠤᠨ ᠵᠣᠷᠢᠯᠲᠠ ᠶᠢᠨ ᠬᠥᠮᠦᠵᠢᠯ᠂

ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠡᠷᠭᠡ ᠶᠢ ᠥᠷᠨᠢᠭᠦᠯᠵᠦ

᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠣᠭᠤᠳᠴᠤ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂

ᠣᠶᠤᠨ ᠰᠠᠨᠠᠭᠠᠨ ᠤ ᠰᠢᠮ᠎ᠠ ᠶᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠴᠢᠭᠯᠡᠯ ᠢ ᠯᠠᠪᠳᠠᠭᠤᠨ ᠡᠵᠡᠮᠳᠡᠵᠦ᠂

ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠮᠠᠷᠺᠰ ᠤᠨ ᠦᠵᠡᠯ ᠳᠤ

ᠦᠨᠡᠨᠴᠢ ᠰᠢᠳᠤᠷᠭᠤ ᠪᠠᠶᠢᠯᠭᠠᠨ᠎ᠠ᠃

    ᠬᠤᠶᠠᠷ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠲᠠᠰᠤᠷᠠᠯᠳᠠ ᠦᠭᠡᠢ ᠪᠠᠷ

ᠨᠠᠮ ᠤᠨ ᠰᠢᠨ᠎ᠡ ᠶᠢ ᠡᠭᠦᠳᠦᠭᠰᠡᠨ ᠤᠨᠤᠯ ᠠᠴᠠ ᠵᠢᠮ᠎ᠡ ᠶᠣᠰᠣ ᠶᠢ ᠤᠬᠠᠵᠤ᠂ ᠴᠢᠭᠯᠡᠯ ᠢ ᠲᠣᠳᠣᠷᠬᠠᠶᠢᠯᠠᠵᠤ᠂ ᠠᠷᠭ᠎ᠠ ᠶᠢ

ᠰᠤᠷᠤᠯᠴᠠᠵᠤ᠂ ᠤᠶᠤᠨ ᠤᠬᠠᠭᠠᠨ ᠢᠶᠠᠨ ᠨᠡᠮᠡᠭᠳᠡᠭᠦᠯᠦᠨ᠎ᠡ

    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠨᠡ ᠬᠦ ᠦᠵᠡᠯ ᠰᠠᠨᠠᠭᠠᠨ ᠤ ᠵᠢᠷᠲᠢᠨᠴᠦ ᠶᠢᠨ ᠦᠵᠡᠯᠲᠡ

ᠪᠠ ᠠᠷᠭ᠎ᠠ ᠶᠢᠨ ᠣᠨᠣᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ

ᠢᠯᠠᠩᠭᠤᠶ᠎ᠠ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠢᠢ ᠰᠠᠶᠢᠲᠤᠷ ᠬᠡᠷᠡᠭᠯᠡᠵᠦ᠂ ᠡᠷᠳᠡᠮ ᠴᠢᠳᠠᠪᠤᠷᠢ᠂ ᠨᠠᠮ ᠢᠶᠠᠨ

ᠮᠠᠨᠳᠤᠭᠤᠯᠬᠤ ᠴᠢᠳᠠᠪᠤᠷᠢ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠶᠢ ᠰᠠᠶᠢᠲᠤᠷ ᠰᠤᠷᠴᠤ᠂ ᠤᠯᠤᠰ ᠲᠥᠷᠥ ᠶᠢᠨ

ᠴᠢᠳᠠᠪᠤᠷᠢ᠂ ᠰᠡᠳᠭᠢᠬᠦᠶ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠨᠠᠮ ᠪᠣᠯᠤᠨ

ᠠᠷᠠᠳ ᠲᠦᠮᠡᠨ ᠠᠴᠠ ᠳᠠᠭᠠᠭᠠᠯᠭᠠᠭᠰᠠᠨ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠨ᠎ᠡ᠃

    4. ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠥᠷᠥ ᠶᠢᠨ ᠬᠥᠮᠦᠵᠢᠯ ᠪᠠ ᠤᠯᠤᠰ ᠲᠥᠷᠥ ᠶᠢᠨ ᠪᠣᠯᠪᠠᠰᠤᠷᠠᠯ ᠢ

ᠴᠢᠩᠭᠠᠳᠬᠠᠨ᠎ᠠ᠃ ᠲᠡᠰ ᠳᠠᠪᠬᠤᠷᠭ᠎ᠠ ᠲᠦᠷᠦᠯ ᠢᠯᠭᠠᠯ ᠬᠦᠷᠢᠶ᠎ᠠ ᠴᠠᠷᠠᠭ᠎ᠠ ᠬᠤᠪᠢᠶᠠᠨ ᠡᠭᠡᠯᠵᠢᠯᠡᠨ ᠪᠣᠯᠪᠠᠰᠤᠷᠠᠯ ᠬᠢᠵᠤ᠂

ᠨᠠᠮ ᠤᠨ ᠭᠡᠰᠢᠭᠦᠨ᠂ ᠺᠠᠳ᠋ᠷᠴᠤᠳ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠬᠤ ᠶᠢ

ᠬᠦᠳᠦᠯᠦᠨ ᠵᠢᠯᠤᠭᠤᠳᠴᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ

ᠴᠢᠩᠭᠠᠳᠬᠠᠬᠤ ᠪᠠᠷ ᠬᠠᠮᠤᠭ ᠤᠨ ᠳᠡᠭᠡᠳᠦ ᠵᠠᠷᠴᠢᠮ ᠪᠣᠯᠭᠠᠵᠤ᠂ ᠨᠠᠮ ᠪᠣᠯᠤᠨ ᠠᠷᠠᠳ ᠲᠦᠮᠡᠨ ᠤ ᠵᠣᠭᠰᠣᠯᠲᠠ᠂ ᠨᠠᠮ

ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ

᠂ ᠤᠴᠢᠷ ᠶᠠᠪᠤᠳᠠᠯ ᠭᠦᠢᠴᠡᠳᠭᠡᠬᠦ ᠳᠡᠭᠡᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠲᠠᠰᠤᠷᠠᠯᠳᠠ

ᠦᠭᠡᠢ ᠴᠢᠩᠭᠠᠳᠬᠠᠵᠤ᠂ ︽ᠪᠤᠯᠬᠢ ᠰᠢᠳᠦᠭᠴᠢ︾᠂ ︽ᠤᠷᠠᠨ ᠡᠰᠡᠷᠭᠦᠴᠡᠭᠴᠢ︾ ᠡᠭᠦᠰᠬᠦ ᠶᠢ ᠡᠷᠡᠰ ᠰᠡᠷᠭᠡᠶᠢᠯᠡᠵᠦ᠂

ᠤᠯᠤᠰ ᠲᠦᠷᠦ ᠶᠢᠨ ᠲᠠᠯ᠎ᠠ ᠪᠠᠷ ᠮᠡᠷᠭᠡᠨ ᠬᠥᠮᠦᠨ᠂ ᠰᠢᠳᠤᠷᠭᠤ ᠬᠥᠮᠦᠨ ᠪᠣᠯᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ

ᠲᠣᠭᠠᠲᠠᠨ︾ ᠤ ᠤᠯᠤᠰ ᠲᠥᠷᠥ ᠶᠢᠨ ᠪᠣᠯᠪᠠᠰᠤᠷᠠᠯ ᠢ ᠳᠣᠪᠤᠶᠢᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠤᠯᠤᠰ

ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠲᠥᠷᠥ ᠶᠢᠨ ᠮᠠᠭᠠᠳᠯᠠᠬᠤ

ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠶᠢ

ᠲᠠᠰᠤᠷᠠᠯᠲᠠ ᠥᠬᠡᠶ ᠳᠡᠭᠡᠭᠰᠢᠯᠡᠭᠦᠯᠦᠨ᠎ᠠ᠃

   5. ᠨᠠᠮ ᠤᠨ ᠭᠡᠰᠢᠭᠦᠨ᠂ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠯ ᠢ

ᠰᠠᠶᠢᠲᠤᠷ ᠠᠳᠬᠤᠨ᠎ᠠ᠃ ᠶᠠᠭᠤ ᠬᠢᠪᠡᠯ ᠶᠠᠭᠤ ᠶᠢ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷᠴᠤᠳ ᠢ

ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠲᠤᠬᠠᠢ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ

ᠣᠶᠢᠯᠠᠭᠠᠭᠤᠯᠤᠨ᠎ᠠ᠃ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠠᠭᠤᠰᠤᠯᠴᠠᠭᠤᠯᠤᠨ ᠨᠡᠪᠳᠡᠷᠡᠳᠡᠯ᠎ᠡ

ᠰᠤᠷᠤᠯᠴᠠᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠰᠡᠳᠭᠢᠬᠦᠢ᠂ ᠬᠤᠪᠢᠰᠤᠩᠭᠤᠢ ᠰᠡᠳᠭᠢᠬᠦᠢ᠂ ᠰᠢᠰᠲ᠋ᠧᠮᠲᠦ

ᠰᠡᠳᠭᠢᠬᠦᠢ᠂ ᠰᠢᠨ᠎ᠡ ᠶᠢ ᠡᠭᠦᠳᠬᠦ ᠰᠡᠳᠭᠢᠬᠦᠢ᠂ ᠲᠡᠦᠬᠡ ᠶᠢᠨ ᠰᠡᠳᠭᠢᠬᠦᠢ᠂ ᠬᠠᠤᠯᠢᠵᠢᠯ ᠤᠨ ᠰᠡᠳᠭᠢᠬᠦᠢ᠂ ᠬᠤᠷᠢᠭ᠎ᠠ

ᠱᠤᠭᠤᠮ ᠤᠨ ᠰᠡᠳᠭᠢᠬᠦᠢ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠠ᠃ ᠦᠢᠯᠡᠳᠦᠯᠭᠡ ᠶᠢᠨ ᠪᠣᠯᠪᠠᠰᠤᠷᠠᠯ

ᠪᠠ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ

ᠰᠡᠷᠭᠡᠶᠢᠯᠡᠨ ᠠᠷᠢᠯᠭᠠᠬᠤ ᠴᠢᠳᠠᠪᠤᠷᠢ ᠶᠢ ᠲᠠᠰᠤᠷᠠᠯᠳᠡ ᠦᠭᠡᠢ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠠ

ᠲᠡᠮᠡᠴᠡᠯ ᠤᠨ ᠴᠢᠳᠠᠪᠤᠷᠢ ᠶᠢ ᠪᠤᠢ ᠪᠣᠯᠭᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠥᠯᠳᠦᠭᠡᠨ ᠢ

ᠤᠭᠲᠤᠬᠤ᠂ ᠴᠣᠬᠢᠯᠲᠠ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠨ᠎ᠠ᠃ ᠠᠵᠢᠯ ᠤᠨ ᠪᠠᠶᠢᠷᠢ ᠶᠢᠨ

ᠡᠭᠦᠷᠭᠡ ᠬᠠᠷᠢᠭᠤᠴᠠᠯᠭ᠎ᠠ ᠲᠠᠢ ᠵᠣᠬᠢᠴᠠᠭᠰᠠᠨ ᠶᠡᠷᠦᠩᠬᠡᠶᠢᠯᠡᠭᠰᠡᠨ ᠬᠦᠮᠦᠵᠢᠯ ᠪᠣᠯᠪᠠᠰᠤᠷᠠᠯ᠂ ᠲᠤᠰᠬᠠᠢ ᠮᠡᠷᠭᠡᠵᠢᠯ ᠤᠨ

ᠮᠡᠳᠡᠯᠭᠡ ᠶᠢᠨ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠮᠡᠳᠡᠯᠭᠡ ᠶᠢᠨ

ᠬᠤᠭᠤᠰᠣᠨ ᠢ ᠨᠥᠬᠦᠪᠥᠷᠢᠯᠡᠵᠦ᠂ ᠬᠡᠪ ᠪᠤᠯᠪᠠᠰᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠴᠢᠳᠠᠪᠤᠷᠢ ᠶᠢᠨ ᠪᠠᠭᠤᠷᠠᠢ

ᠲᠠᠯ᠎ᠠ ᠶᠢ ᠴᠢᠩᠭᠠᠳᠬᠠᠨ᠎ᠠ᠃

    ᠭᠤᠷᠪᠠ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠪᠠᠷᠢᠮᠲᠠᠯᠠᠵᠤ᠂ ᠪᠦᠬᠦ ᠨᠠᠮ ᠢᠶᠠᠷ ᠢᠶᠠᠨ ᠥᠪᠡᠷ

ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠮ ᠤᠨ ᠰᠤᠷᠲᠠᠯ ᠤᠨ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ

ᠰᠢᠢᠳᠪᠦᠷᠢᠯᠡᠬᠦ ᠶᠢ ᠠᠬᠢᠭᠤᠯᠤᠨ᠎ᠠ

    ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠲᠠᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ

ᠵᠥᠷᠢᠶ᠎ᠠ ᠪᠠᠨ ᠡᠷᠢᠵᠦ᠂ ᠨᠠᠮᠴᠢ ᠴᠢᠨᠠᠷ ᠤᠨ ᠱᠠᠭᠠᠷᠳᠠᠯᠭ᠎ᠠ ᠲᠠᠢ ᠬᠠᠷᠭᠤᠭᠤᠯᠤᠨ ᠦᠨᠳᠦᠰᠦ ᠰᠤᠷᠪᠤᠯᠵᠢ ᠶᠢ ᠪᠠᠶᠢᠴᠠᠭᠠᠵᠤ᠂

ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠲᠠᠢ ᠬᠠᠷᠭᠤᠭᠤᠯᠤᠨ ᠦᠢᠯᠠ ᠠᠵᠢᠯᠯᠠᠭ᠎ᠠ ᠪᠠᠨ ᠲᠣᠳᠣᠷᠬᠠᠶᠢᠯᠠᠵᠤ᠂ ᠲᠥᠪ ᠤᠨ

ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ

ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ

ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠥᠪᠡᠷ ᠤᠨ ᠪᠡᠶ᠎ᠡ ᠳᠡᠭᠡᠨ ᠲᠦᠢᠯᠪᠤᠷᠢᠳᠠᠢ

ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠤᠯᠤᠰ ᠲᠦᠷᠦ ᠶᠢᠨ ᠬᠤᠭ ᠲᠣᠭᠤᠰᠣ ᠶᠢ ᠠᠷᠢᠯᠭᠠᠵᠤ᠂ ᠤᠯᠤᠰ ᠲᠦᠷᠦ ᠶᠢᠨ

ᠰᠦᠭ ᠰᠦᠨᠡᠰᠦ ᠶᠢ ᠴᠡᠪᠡᠷᠰᠢᠭᠦᠯᠵᠦ᠂ ᠦᠢᠯᠡ ᠠᠵᠢᠯᠯᠠᠭ᠎ᠠ ᠶᠢᠨ ᠠᠯᠳᠠᠭ᠎ᠠ ᠪᠤᠷᠤᠭᠤ ᠶᠢ ᠵᠠᠯᠠᠷᠠᠭᠤᠯᠤᠨ᠎ᠠ᠃

   6. ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢ ᠰᠡᠳᠭᠢᠯ ᠵᠢᠷᠦᠬᠡᠨ ᠤ ᠪᠠᠨ

ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ

ᠰᠠᠬᠢᠵᠤ᠂ ᠠᠷᠠᠳ ᠤᠨ ᠲᠥᠯᠥᠭᠡ ᠭᠡᠬᠦ ᠰᠡᠳᠭᠢᠯᠭᠡ ᠶᠢ ᠵᠤᠵᠠᠭᠠᠳᠬᠠᠵᠤ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ

ᠬᠠᠷᠢᠴᠠᠭ᠎ᠠ ᠶᠢ ᠢᠮᠠᠭᠲᠠ ᠪᠠᠲᠤᠯᠠᠵᠤ᠂ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ

ᠦᠵᠡᠯ ᠰᠠᠨᠠᠭ᠎ᠠ ᠶᠢ ᠡᠯ᠎ᠡ ᠵᠦᠢᠯ ᠤᠨ ᠠᠵᠢᠯ ᠳᠠᠭᠠᠨ ᠲᠤᠭᠤᠰᠢᠯᠠᠭᠤᠯᠵᠤ᠂ ᠬᠠᠮᠲᠤ ᠪᠠᠷ ᠪᠠᠶᠠᠵᠢᠬᠤ ᠢᠢ ᠯᠠᠪᠳᠠᠭᠤᠨ

ᠪᠠᠲᠤᠲᠠᠢ ᠠᠬᠢᠭᠤᠯᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ

ᠲᠦᠪ ᠭᠤᠣᠯᠴᠢ ᠪᠠᠷ ᠪᠦᠬᠦ ᠠᠷᠠᠳ ᠲᠦᠮᠡᠨ ᠳᠤ ᠬᠦᠷᠲᠡᠭᠡᠨ᠎ᠠ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ

ᠪᠣᠯᠤᠨ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠬᠤ ᠰᠠᠯᠠᠭ᠎ᠠ ᠮᠥᠴᠢᠷ᠂ ᠨᠢᠭᠡᠴᠢ ᠨᠦᠭᠦᠳ ᠲᠤᠰ ᠪᠡᠶ᠎ᠡ ᠶᠢᠨ

ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠵᠦᠢᠯᠡᠰ ᠤᠨ ᠨᠠᠷᠢᠨ ᠳᠠᠩᠰᠠ ᠶᠢ ᠪᠠᠶᠢᠭᠤᠯᠵᠤ᠂

ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃

ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠢᠢ ᠪᠠᠷᠢᠮᠲᠠᠯᠠᠨ ᠬᠥᠭᠵᠢᠭᠦᠯᠵᠦ᠂ ︽ᠵᠡᠭᠡᠯᠢ ᠭᠤᠳᠤᠮᠵᠢ

ᠰᠢᠶᠠᠩ ᠪᠠᠯᠭᠠᠰᠤ ᠠᠰᠠᠭᠤᠳᠠᠯ ᠢ ᠢᠯᠡᠷᠡᠭᠦᠯᠵᠤ᠂ ᠰᠠᠯᠠᠭ᠎ᠠ ᠮᠥᠴᠢᠷ ᠳᠠᠷᠦ᠋ᠢᠬᠠᠨ ᠬᠦᠳᠡᠯᠦᠯᠴᠡᠬᠦ︾᠂ ︽ᠠᠷᠠᠳ ᠲᠦᠮᠡᠨ

ᠤᠷᠢᠶᠠᠯᠠᠪᠠᠯ ᠪᠢ ᠬᠢᠬᠦ︾᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠪᠠᠷᠢᠨ ᠰᠢᠢᠳᠪᠦᠷᠢᠯᠡᠬᠦ︾ ᠵᠡᠷᠭᠡ ᠠᠷᠭ᠎ᠠ ᠬᠢᠳᠡᠯ ᠢ

ᠬᠡᠷᠡᠭᠵᠢᠭᠦᠯᠵᠦ᠂ ᠠᠷᠠᠳ ᠣᠯᠠᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ

᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠵᠦ᠂ ᠬᠦᠴᠢᠷ ᠶᠠᠪᠤᠳᠠᠯ ᠢ ᠲᠣᠬᠢᠲᠠᠢ

ᠰᠢᠢᠳᠪᠦᠷᠢᠯᠡᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ

ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠠᠯᠬᠤᠮ

ᠳᠠᠷᠠᠭ᠎ᠠ ᠲᠠᠢ ᠪᠠᠷ ᠠᠬᠢᠭᠤᠯᠬᠤ᠂ ᠤᠷᠳᠤ ᠬᠤᠭᠤᠴᠠᠭ᠎ᠠ ᠪᠠᠷ ᠵᠢᠳᠭᠦᠨ ᠴᠢᠷᠮᠠᠶᠢᠬᠤ ᠶᠢ ᠪᠠᠷᠢᠮᠲᠠᠯᠠᠨ᠂ ᠣᠯᠠᠨ ᠲᠦᠮᠡᠨ ᠳᠤ

ᠮᠡᠳᠡᠷᠡᠭᠳᠡᠬᠦ ᠱᠠᠭᠠᠷᠳᠠᠭᠳᠠᠬᠤ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠨ᠎ᠠ᠃

    7. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠎ᠠ᠃ ᠮᠤᠵᠢ ᠶᠢᠨ

ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠶ ᠲᠣᠬᠢᠷᠠᠭᠤᠯᠤᠯᠲᠠ ᠬᠢᠵᠦ᠂ ᠰᠢᠶᠠᠨ

ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾

ᠠᠵᠢᠯ ᠤᠨ ᠠᠭᠤᠯᠭ᠎ᠠ᠂ ᠴᠠᠭ ᠳᠠᠪᠳᠠᠮᠵᠢ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃

ᠬᠤᠲᠠ᠂ ᠰᠢᠶᠠᠨ ᠤ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠬᠢᠵᠦ᠂

ᠣᠪᠣᠭᠠᠷᠠᠵᠤ ᠳᠠᠪᠬᠤᠴᠠᠬᠤ ᠠᠴᠠ ᠵᠠᠶᠢᠯᠠᠰᠭᠢᠬᠦ ᠬᠡᠷᠡᠭᠳᠡᠢ᠃ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ

ᠦᠨᠳᠦᠰᠦᠨ ᠱᠠᠲᠤᠨ ᠳᠤ ᠪᠠᠭᠤᠯᠭᠠᠬᠤ ᠶᠢ ᠤᠬᠠᠭᠤᠯᠵᠤ᠂ ᠨᠠᠮ ᠤᠨ ᠬᠢᠴᠢᠶᠡᠯ ᠣᠷᠣᠬᠤ᠂ ᠰᠤᠷᠪᠤᠯᠵᠢᠯᠠᠨ ᠶᠠᠷᠢᠯᠴᠠᠬᠤ

ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠪᠠ ᠨᠠᠮ ᠤᠨ ᠲᠥᠪ ᠬᠤᠷᠢᠶ᠎ᠠ ᠶᠢᠨ

ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠣᠳᠣᠷᠬᠠᠢ ᠲᠠᠶᠢᠯᠪᠤᠷᠢᠯᠠᠵᠤ ᠲᠣᠳᠣᠷᠬᠠᠢ ᠶᠠᠷᠢᠬᠤ

ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠵᠤ᠂ ︽ᠭᠦᠨᠵᠡᠭᠡᠶ᠂ ᠪᠣᠳᠠᠲᠠᠶ᠂ ᠨᠠᠷᠢᠯᠢᠭ᠂

ᠣᠨᠣᠪᠴᠢᠲᠠᠶ᠂ ᠪᠦᠲᠦᠮᠵᠢᠲᠡᠶ︾ ᠭᠡᠬᠦ ᠲᠠᠪᠤᠨ ᠥᠰᠥᠭ ᠤᠨ ᠠᠨᠢᠰᠤ ᠶᠢ ᠰᠠᠶᠢᠲᠤᠷ ᠬᠡᠷᠡᠭᠯᠡᠵᠦ᠂ ︽ᠳᠥᠷᠪᠡᠨ ᠥᠬᠡᠶ

ᠬᠤᠶᠠᠷ ᠰᠢᠭᠤᠳ︾ ᠪᠠᠶᠢᠬᠤ ᠠᠷᠭ᠎ᠠ ᠮᠠᠶ᠋ᠢᠭ ᠢ ᠴᠢᠬᠤᠯᠠᠴᠢᠯᠠᠨ ᠬᠡᠷᠡᠭᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠤ

ᠰᠡᠳᠦᠪ ᠳᠠᠭᠠᠭᠠᠵᠤ ᠪᠠᠶᠢᠴᠠᠭᠠᠨ ᠰᠤᠳᠤᠯᠤᠯᠲᠠ ᠬᠢᠬᠦ ᠶᠢ ᠵᠤᠬᠢᠶᠠᠨ ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ

ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠠᠬᠢᠭᠤᠯᠤᠨ᠎ᠠ︔ ᠨᠡᠶᠢᠲᠡᠯᠢᠭ ᠬᠡᠷᠡᠭ ᠤᠨ ᠵᠢᠱᠶ᠊ ᠡᠶ᠎ᠡ ᠳᠤ ᠲᠤᠶᠠᠴᠢᠬᠤ

ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ

ᠳᠤᠭᠤᠶᠢᠯᠠᠩ︶ ᠵᠢᠯ ᠪᠦᠷᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠰᠢᠰᠲ᠋ᠧᠮ ᠳᠤ ᠭᠠᠷᠤᠭᠰᠠᠨ ᠲᠥᠯᠥᠭᠡᠯᠡᠬᠦ

ᠴᠢᠨᠠᠷᠲᠠᠢ᠂ ᠨᠡᠯᠢᠶᠡᠳ ᠶᠡᠭᠡ ᠨᠥᠯᠥᠭᠡ ᠲᠠᠢ ᠬᠡᠷᠡᠭ ᠤᠨ ᠳᠣᠲᠣᠷ᠎ᠠ ᠠᠴᠠ ᠠᠳᠠᠭ ᠲᠠᠭᠠᠨ ᠨᠢᠭᠡ ᠵᠥᠪ ᠲᠠᠯ᠎ᠠ ᠪᠠ ᠨᠢᠭᠡ

ᠪᠤᠷᠤᠭᠤ ᠲᠠᠯ᠎ᠠ ᠶᠢᠨ ᠬᠡᠷᠡᠭ ᠤᠨ ᠵᠢᠱᠶ᠊ ᠡᠶ᠎ᠡ ᠶᠢ ᠲᠣᠭᠲᠠᠭᠠᠵᠤ ᠲᠠᠬᠢᠨ ᠵᠠᠳᠠᠯᠤᠨ ᠰᠢᠨᠵᠢᠯᠡᠵᠦ᠂ ᠵᠢᠵᠢᠭ ᠶᠠᠪᠤᠳᠠᠯ ᠢ

ᠲᠤᠶᠠᠴᠢᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ ᠬᠡᠷᠡᠭᠳᠡᠢ᠃ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠶᠢ

ᠦᠨᠳᠦᠰᠦᠨ ᠱᠠᠲᠤᠨ ᠳᠤ ᠪᠠᠭᠤᠯᠭᠠᠵᠤ᠂ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ ᠵᠥᠷᠢᠴᠡᠯ ᠣᠯᠠᠨ᠂ ᠪᠠᠶᠢᠳᠠᠯ

ᠪᠤᠳᠤᠯᠢᠶᠠᠨᠲᠠᠶ᠂ ᠵᠠᠬᠢᠳᠠᠯ ᠰᠤᠷᠪᠤᠯᠵᠢᠯᠠᠯ ᠲᠥᠪᠯᠡᠷᠡᠭᠰᠡᠨ ᠭᠠᠵᠠᠷ ᠪᠠ ᠨᠢᠭᠡᠴᠢ ᠳᠡᠶᠢᠰᠢ ᠪᠠᠭᠤᠯᠭᠠᠨ ᠰᠤᠷᠪᠤᠯᠵᠢᠯᠠᠭ᠎ᠠ ᠶᠢ

ᠬᠦᠯᠢᠶᠡᠨ ᠠᠪᠴᠤ᠂ ᠤᠳᠤᠷᠢᠳᠬᠤ ᠺᠠᠳ᠋ᠷ ᠤᠨ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ

ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ

ᠳᠠᠷᠤᠭᠳᠠᠮᠠᠯ ᠬᠡᠷᠡᠭ ᠢ ᠠᠷᠢᠯᠭᠠᠨ᠎ᠠ᠃ ᠲᠤᠬᠠᠢ ᠶᠢᠨ ᠲᠠᠯᠠᠪᠠᠢ ᠳᠤ ᠠᠵᠢᠯᠯᠠᠵᠤ ᠦᠨᠳᠦᠰᠦᠨ ᠱᠠᠲᠤᠨ ᠳᠤ ᠪᠠᠭᠤᠵᠤ᠂

ᠬᠥᠭᠵᠢᠯᠲᠡ ᠶᠢᠨ ᠬᠡᠷᠡᠭᠴᠡᠭᠡ᠂ ᠠᠵᠤ ᠠᠬᠤᠶᠢᠯᠠᠯ ᠤᠨ ᠬᠦᠰᠡᠯ᠂ ᠤᠯᠠᠨ ᠲᠦᠮᠡᠨ ᠤ ᠰᠠᠨᠠᠭᠠᠰᠢᠷᠠᠯ ᠢ ᠴᠢᠩᠭ᠎ᠠ ᠠᠩᠬᠠᠷᠴᠤ᠂

ᠤᠳᠤᠷᠢᠳᠬᠤ ᠺᠠᠳ᠋ᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠤᠯᠠᠨ ᠲᠦᠮᠡᠨ ᠤ ᠳᠤᠮᠳᠠ ᠬᠦᠷᠬᠦ ᠶᠢ ᠵᠣᠬᠢᠶᠠᠨ

ᠪᠠᠶᠢᠭᠤᠯᠤᠨ᠂ ᠲᠤᠬᠠᠢ ᠶᠢᠨ ᠲᠠᠯᠠᠪᠠᠢ ᠳᠤ ᠬᠦᠷᠴᠦ ᠰᠤᠳᠤᠯᠵᠤ᠂ ᠲᠤᠬᠠᠢ ᠶᠢᠨ ᠲᠠᠯᠠᠪᠠᠢ ᠳᠤ ᠵᠣᠬᠢᠴᠠᠭᠤᠯᠵᠤ᠂

ᠠᠰᠠᠭᠤᠳᠠᠯ ᠢ ᠡᠮᠦᠨ᠎ᠡ ᠹᠷᠣᠨᠲ ᠲᠤ ᠨᠠᠮᠳᠠᠭᠤᠯᠵᠤ᠂ ᠵᠥᠷᠢᠴᠡᠯ ᠢ ᠡᠮᠦᠨ᠎ᠡ ᠹᠷᠣᠨᠲ ᠲᠤ ᠰᠢᠢᠳᠪᠦᠷᠢᠯᠡᠵᠦ᠂ ᠠᠵᠢᠯ ᠢ ᠡᠮᠦᠨ᠎ᠡ

ᠹᠷᠣᠨᠲ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠠᠯᠠᠭᠤ ᠺᠠᠳ᠋ᠷ ᠢ ᠦᠨᠳᠦᠰᠦᠨ ᠱᠠᠲᠤᠨ ᠳᠤ ᠪᠠᠭᠤᠯᠭᠠᠬᠤ᠂ ᠤᠯᠠᠨ

ᠲᠦᠮᠡᠨ ᠲᠠᠢ ᠤᠢᠢᠷᠠᠳᠤᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠦᠨ᠎ᠡ᠃

    8. ᠤᠳᠤᠷᠢᠳᠬᠤ ᠪᠠᠭ ᠤᠨ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ

ᠥᠷᠨᠢᠭᠦᠯᠦᠨ᠎ᠡ᠃ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠪᠠᠭ ᠤᠨ ᠬᠢᠨ ᠶᠡᠷᠦᠩᠬᠡᠶ ᠱᠦᠵᠢ ᠰᠢ ᠶᠢᠨ

ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠳᠤ ᠵᠢᠭᠠᠵᠤ ᠭᠠᠷᠭᠠᠭᠰᠠᠨ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ

ᠲᠣᠰ ᠬᠦᠷᠢᠶᠡᠨ ᠤ ᠲᠣᠪᠤᠶᠢᠮ᠎ᠠ ᠠᠰᠠᠭᠤᠳᠠᠯ᠂ ᠳᠡᠭᠡᠳᠦ ᠱᠠᠲᠤᠨ ᠤ ᠰᠢᠨᠵᠢᠯᠡᠨ ᠪᠠᠶᠢᠴᠠᠭᠠᠯᠳᠠ ᠲᠤᠭᠤᠷᠢᠨ ᠪᠠᠶᠢᠴᠠᠭᠠᠯᠲᠠ᠂

ᠬᠢᠨᠠᠨ ᠪᠤᠳᠤᠯᠲᠠ ᠶᠢᠨ ᠪᠠᠶᠢᠴᠠᠭᠠᠯᠲᠠ᠂ ᠲᠤᠰᠬᠠᠶ ᠱᠠᠯᠠᠪᠳᠠᠭᠤᠯᠬᠤ ᠪᠠᠶᠢᠴᠠᠭᠠᠯᠲᠠ ᠵᠡᠷᠭᠡ ᠠᠴᠠ ᠬᠠᠷᠢᠭᠤ ᠲᠤᠰᠬᠠᠭᠰᠠᠨ

ᠰᠠᠨᠠᠯ ᠵᠢᠴᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ ᠳᠤ ᠡᠭᠦᠰᠦᠭᠰᠡᠨ ᠴᠢᠬᠤᠯᠠ ᠶᠡᠭᠡ ᠬᠡᠷᠡᠭ ᠪᠠ

ᠨᠡᠶᠢᠲᠡᠯᠢᠭ ᠬᠡᠷᠡᠭ ᠢ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ᠥᠪᠡᠷ ᠢ ᠪᠠᠨ ᠤᠷᠤᠭᠤᠯᠵᠤ᠂

ᠲᠤᠰᠢᠶᠠᠯ ᠬᠠᠷᠢᠭᠤᠴᠠᠯᠭ᠎ᠠ ᠪᠠᠨ ᠤᠷᠤᠭᠤᠯᠵᠤ᠂ ᠠᠵᠢᠯ ᠢᠶᠠᠨ ᠤᠷᠤᠭᠤᠯᠵᠤ᠂ ᠭᠦᠨᠵᠡᠭᠡᠶ ᠪᠠᠶᠢᠴᠠᠭᠠᠨ ᠵᠠᠳᠠᠯᠵᠤ᠂ ᠦᠨᠳᠦᠰᠦ

ᠰᠤᠷᠪᠤᠯᠵᠢ ᠶᠢ ᠨᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠶ᠃ ︽ᠭᠤᠷᠪᠠᠨ ᠡᠷᠬᠡᠪᠰᠢ︾ ᠢᠢ

ᠪᠠᠷᠢᠮᠲᠠᠯᠠᠬᠤ ᠪᠠᠶᠢᠳᠠᠯ ᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ

ᠬᠤᠷᠠᠯ ᠲᠠᠢ ᠬᠠᠷᠢᠴᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ᠂

ᠺᠠᠳ᠋ᠷᠴᠤᠳ ᠢ ᠱᠠᠯᠠᠪᠳᠠᠭᠤᠯᠵᠤ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠮᠢᠳᠤᠷᠠᠬᠤ ᠰᠢᠯᠢᠳᠡᠭ

ᠰᠤᠷᠲᠠᠯ ᠢ ᠪᠠᠳᠠᠷᠠᠭᠤᠯᠵᠤ᠂ ᠠᠷᠪᠢᠯᠠᠨ ᠭᠠᠮᠨᠠᠬᠤ ᠳᠠᠳᠬᠠᠯ ᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠢ᠃ ᠡᠰᠡᠷᠭᠦ

ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠬᠦ ᠶᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ

ᠴᠢᠬᠤᠯᠠ ᠭᠤᠭᠴᠤᠭ᠎ᠠ ᠪᠣᠯᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ᠬᠤᠪᠢ ᠬᠥᠮᠦᠨ ᠤ

ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠶᠢᠴᠠᠭᠠᠨ ᠲᠤᠩᠭᠠᠵᠤ᠂ ᠬᠡᠷᠡᠭ ᠢᠶᠠᠷ ᠲᠣᠯᠢ ᠪᠣᠯᠭᠠᠨ᠂ ᠬᠡᠷᠡᠭ ᠢᠶᠠᠷ

ᠥᠭᠡᠷᠡᠴᠢᠯᠡᠯᠲᠡ ᠶᠢ ᠠᠬᠢᠭᠤᠯᠬᠤ ᠬᠡᠷᠡᠭᠳᠡᠢ᠃

     9. ᠰᠠᠬᠢᠯᠭ᠎ᠠ ᠪᠠᠲᠤ ᠶᠢᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠪᠠᠶᠢᠩᠭᠤ ᠶᠢᠨ ᠴᠢᠨᠠᠷᠲᠠᠢ ᠰᠠᠬᠢᠯᠭ᠎ᠠ

ᠪᠠᠲᠤ ᠶᠢᠨ ᠬᠥᠮᠦᠵᠢᠯ ᠪᠣᠯᠤᠨ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠤᠶᠠᠯᠳᠤᠭᠤᠯᠬᠤ ᠶᠢ

ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢᠯᠠᠩᠭᠤᠶ᠎ᠠ ᠤᠯᠤᠰ

ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠨᠠᠷᠢᠨ ᠬᠢᠨᠠᠮᠠᠭᠠᠢ ᠰᠤᠷᠤᠯᠴᠠᠬᠤ ᠶᠢ

ᠠᠬᠢᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠶᠢᠨ ᠤᠯᠠᠭᠠᠨ

ᠱᠤᠭᠤᠮ ᠢ ᠪᠠᠲᠤ ᠰᠠᠬᠢᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠭᠡᠯ ᠥᠭᠬᠦ

ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ

ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ

ᠨᠠᠮ ᠤᠨ ᠰᠠᠬᠢᠯᠭ᠎ᠠ ᠪᠠᠲᠤ ᠶᠢ ᠦᠯᠦ ᠣᠶᠢᠰᠢᠶᠠᠬᠤ᠂ ᠣᠶᠢᠯᠠᠭᠠᠬᠤ ᠦᠭᠡᠢ᠂ ᠦᠯᠦ ᠡᠵᠡᠮᠰᠢᠬᠦ ᠵᠡᠷᠭᠡ ᠠᠰᠠᠭᠤᠳᠠᠯ ᠢ

ᠬᠦᠴᠦᠯᠡᠨ ᠰᠢᠢᠳᠪᠦᠷᠢᠯᠡᠬᠦ ᠬᠡᠷᠡᠭᠳᠡᠢ᠃ ᠲᠤᠰᠬᠠᠢ ᠰᠡᠳᠦᠪᠲᠦ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ ᠵᠡᠷᠭᠡ ᠶᠢ

ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠰᠢᠨ᠎ᠡ ᠪᠠᠷ ᠳᠡᠪᠰᠢᠭᠰᠡᠨ ᠺᠠᠳ᠋ᠷ᠂ ᠵᠠᠯᠠᠭᠤ

ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ

ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠴᠤ᠂ ᠲᠦᠷᠢᠮ

ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠭᠢᠯ ᠳᠡᠭᠡᠨ ᠬᠠᠳᠠᠩᠰᠢᠭᠤᠯᠵᠤ᠂ ᠦᠯᠦ ᠮᠡᠳᠡᠬᠦ ᠶᠢᠨ ᠳᠤᠮᠳᠠ

ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠲᠤᠳᠤᠭᠠᠴᠢᠯᠠᠬᠤ ᠬᠡᠷᠡᠭᠳᠡᠢ᠃

    10. ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠨ᠎ᠠ᠃ ᠡᠯ᠎ᠡ ᠱᠠᠲᠤᠨ ᠤ

ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠤᠷᠢᠶ᠎ᠠ ᠨᠢ ᠴᠢᠩᠭ᠎ᠠ ᠪᠤᠯᠪᠠᠴᠤ ᠨᠠᠶᠢᠳᠠᠪᠤᠷᠢᠵᠢᠭᠤᠯᠤᠯᠳᠠ ᠨᠢ ᠠᠨᠠᠶ ᠪᠠᠶᠢᠬᠤ᠂

ᠥᠪᠡᠷᠮᠡᠲᠡᠭᠡᠶ ᠦᠵᠡᠯ ᠶᠠᠪᠤᠭᠤᠯᠬᠤ᠂ ᠥᠩᠭᠡᠨ ᠲᠠᠯ᠎ᠠ ᠶᠢᠨ ᠠᠵᠢᠯ ᠬᠢᠬᠦ ᠵᠡᠷᠭᠡ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ

ᠵᠠᠰᠠᠵᠤ᠂ ︽ᠬᠠᠭᠠᠰ ᠳᠤᠲᠠᠭᠤ︾ ᠤᠷᠬᠢᠭᠰᠠᠨ ᠢᠨᠵᠧᠨᠧᠷᠢᠩ᠂ ︽ᠳᠦᠷᠢ ᠲᠥᠷᠬᠦ ᠶᠢᠨ ᠢᠨᠵᠧᠨᠧᠷᠢᠩ︾᠂ ︽ᠥᠩᠭᠡᠨ

ᠲᠠᠯ᠎ᠠ ᠶᠢᠨ ᠢᠨᠵᠧᠨᠧᠷᠢᠩ︾᠂ ᠲᠤᠭ᠎ᠠ ᠪᠦᠷᠢᠳᠭᠡᠯ ᠢ ᠬᠠᠭᠤᠷᠮᠠᠭᠯᠠᠨ ᠵᠣᠬᠢᠶᠠᠬᠤ ᠵᠢᠴᠢ ᠦᠨᠳᠦᠰᠦᠨ ᠱᠠᠲᠤᠨ ᠤ

ᠵᠠᠰᠠᠯᠲᠠ ᠶᠢᠨ ᠮᠠᠭᠤ ᠮᠠᠭᠤᠬᠠᠢ ᠦᠵᠡᠭᠳᠡᠯ ᠵᠡᠷᠭᠡ ᠶᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ

ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠳᠥᠭᠦᠮᠴᠢᠯᠡᠬᠦ᠂ ︽ᠨᠢᠭᠡ ᠯᠡ ᠠᠳᠠᠯᠢ ᠪᠠᠷ

ᠱᠠᠭᠠᠷᠳᠠᠬᠤ︾᠂ ᠱᠠᠲᠤ ᠱᠠᠲᠤ ᠪᠠᠷ ᠡᠭᠦᠷᠭᠡ ᠨᠡᠮᠡᠬᠦ ᠵᠡᠷᠭᠡ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂

ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ

ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠬᠤ

ᠬᠡᠷᠡᠭᠲᠡᠶ᠃ ᠬᠡᠯᠪᠡᠷᠢ ᠨᠢ ᠨᠢᠭᠤᠴᠠ᠂ ᠡᠯᠳᠡᠪ ᠨᠡᠷ᠎ᠡ ᠬᠠᠳᠠᠭᠰᠠᠨ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠤᠨ

ᠠᠰᠠᠭᠤᠳᠠᠯ ᠪᠠ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠠᠷᠬᠠᠭ ᠬᠡᠮ ᠢ ᠴᠢᠩᠭ᠎ᠠ ᠠᠩᠬᠠᠷᠴᠤ᠂ ᠴᠠᠭ

ᠲᠤᠬᠠᠶ ᠳᠤᠨᠢ ᠴᠡᠭᠴᠡᠯᠡᠨ ᠵᠠᠰᠠᠵᠤ᠂ ᠬᠢᠨᠠᠨ ᠬᠠᠷᠭᠤᠭᠤᠯᠤᠭᠰᠠᠨ ᠨᠡᠶᠢᠲᠡᠯᠢᠭ ᠠᠰᠠᠭᠤᠳᠠᠯ ᠢ ᠲᠣᠭᠲᠠᠮᠠᠯ

ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ

ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ

ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠭᠦᠨᠵᠡᠭᠡᠶᠢᠷᠡᠭᠦᠯᠵᠦ᠂ ᠬᠦᠴᠦᠲᠡᠶ

ᠠᠷᠭ᠎ᠠ ᠬᠡᠮᠵᠢᠶ᠎ᠡ ᠠᠪᠴᠤ ︽ᠲᠤᠭᠤᠯ ᠢᠶᠠᠷ ᠦᠭᠡᠷ ᠳᠡᠷᠭᠡ ᠶᠢ ᠴᠢᠷᠦᠭᠦᠯᠬᠦ︾ ᠵᠡᠷᠭᠡ ᠲᠣᠪᠤᠶᠢᠮ᠎ᠠ ᠠᠰᠠᠭᠤᠳᠠᠯ ᠢ

ᠰᠢᠢᠳᠪᠦᠷᠢᠯᠡᠵᠦ᠂ ᠦᠨᠳᠦᠰᠦᠨ ᠱᠠᠲᠤᠨ ᠳᠤ ᠬᠦᠴᠦᠨ ᠴᠢᠳᠠᠯ ᠤᠯᠭᠤᠵᠤ ᠳᠠᠷᠤᠭᠠᠰᠤ ᠶᠢ ᠬᠥᠩᠭᠡᠷᠡᠭᠦᠯᠬᠦ ᠬᠡᠷᠡᠭᠳᠡᠢ᠃

ᠲᠥᠪ ᠤᠨ ᠲᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠢᠨ ᠲᠦᠷᠦᠭᠦᠯᠡᠨ ᠶᠡᠷᠦᠩᠬᠡᠶᠢᠯᠡᠨ ᠠᠳᠬᠤᠬᠤ ᠪᠠ ᠨᠢᠭᠡᠳᠦᠯᠲᠡᠶ

ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠶ

ᠱᠠᠯᠠᠪᠳᠠᠭᠤᠯᠬᠤ ᠪᠠᠶᠢᠴᠠᠭᠠᠯᠲᠠ ᠥᠷᠨᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ

ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠠᠰᠠᠭᠤᠳᠠᠯ ᠢ ᠪᠠᠶᠢᠩᠭᠤ ᠬᠠᠷᠭᠤᠭᠤᠯᠤᠨ ᠪᠠᠶᠢᠴᠠᠭᠠᠵᠤ

ᠵᠠᠷᠯᠠᠨ ᠮᠡᠳᠡᠭᠳᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ

ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠨᠠᠩ ᠶᠡᠭᠡ ᠡᠷᠴᠢᠮ ᠢᠶᠠᠷ ᠠᠬᠢᠭᠤᠯᠬᠤ ᠬᠡᠷᠡᠭᠲᠡᠶ᠃

    ᠲᠦᠷᠪᠡ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ

ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ

    ᠰᠤᠷᠤᠯᠴᠠᠬᠤ ᠰᠡᠳᠭᠢᠬᠦ ᠬᠡᠷᠡᠭᠯᠡᠬᠦ ᠶᠢ ᠤᠶᠠᠯᠳᠤᠭᠤᠯᠵᠤ᠂ ᠮᠡᠳᠡᠬᠦᠢ ᠢᠲᠡᠭᠡᠬᠦᠢ ᠬᠢᠬᠦᠢ ᠢᠢ ᠨᠢᠭᠡᠳᠭᠡᠵᠦ᠂ ᠬᠢᠬᠦ

ᠤᠳᠤᠷᠢᠳᠤᠮᠵᠢ ᠶᠢ ᠵᠠᠰᠠᠨ ᠵᠠᠯᠠᠷᠠᠭᠤᠯᠵᠤ᠂ ᠠᠵᠢᠯᠯᠠᠬᠤ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠢᠯᠯᠠᠬᠤ ᠬᠠᠮᠲᠤᠷᠠᠯ

ᠬᠦᠴᠦᠨ ᠢ ᠪᠦᠷᠢᠯᠳᠦᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠢ ᠲᠡᠮᠡᠴᠡᠵᠦ᠂ ᠠᠵᠢᠯ ᠬᠢᠵᠦ ᠦᠢᠯᠡᠰ

ᠪᠤᠰᠬᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ

ᠪᠠᠶᠢᠳᠠᠯ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ

ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ

ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃

    11. ᠵᠠᠰᠠᠭ ᠤᠨ ᠠᠵᠢᠯ ᠤᠨ ᠠᠮᠵᠢᠯᠳᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠨ᠎ᠡ᠃

ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠭᠡᠰᠢᠭᠦᠨ᠂ ᠺᠠᠳ᠋ᠷᠴᠤᠳ ᠢ

ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠵᠠᠰᠠᠭ ᠤᠨ ᠠᠵᠢᠯ ᠤᠨ ᠠᠮᠵᠢᠯᠳᠠ ᠶᠢᠨ ᠲᠤᠬᠠᠢ ᠵᠥᠪ

ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂

︽ᠵᠠᠰᠠᠭ ᠤᠨ ᠠᠵᠢᠯ ᠤᠨ ᠠᠮᠵᠢᠯᠲᠠ ᠶᠢ ᠬᠡᠨ ᠤ ᠲᠥᠯᠥᠭᠡ ᠡᠭᠦᠳᠬᠦ᠂ ᠶᠠᠮᠠᠷ ᠶᠠᠩᠵᠤ ᠶᠢᠨ ᠵᠠᠰᠠᠭ ᠤᠨ ᠠᠵᠢᠯ ᠤᠨ

ᠠᠮᠵᠢᠯᠳᠠ ᠶᠢ ᠡᠭᠦᠳᠬᠦ᠂ ᠶᠠᠭᠤᠨ ᠳᠤ ᠲᠦᠰᠢᠭᠯᠡᠵᠦ ᠵᠠᠰᠠᠭ ᠤᠨ ᠠᠵᠢᠯ ᠤᠨ ᠠᠮᠵᠢᠯᠳᠠ ᠶᠢ ᠡᠭᠦᠳᠬᠦ︾ ᠠᠰᠠᠭᠤᠳᠠᠯ ᠢ

ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠠᠵᠢᠯ ᠤᠨ ᠠᠮᠵᠢᠯᠳᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ

ᠦᠢᠯᠡᠳᠦᠯᠭᠡᠵᠢᠭᠦᠯᠬᠦ ᠶᠢ ᠨᠠᠮᠴᠢ ᠴᠢᠨᠠᠷ ᠤᠨ ᠵᠠᠳᠠᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠣᠷᠣᠨ ᠨᠤᠲᠤᠭ ᠤᠨ

ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ ᠤᠨ ᠵᠠᠰᠠᠭ ᠤᠨ ᠠᠵᠢᠯ ᠤᠨ ᠠᠮᠵᠢᠯᠳᠠ ᠶᠢᠨ ᠲᠤᠬᠠᠢ ᠬᠡᠯᠪᠠᠶᠢᠭᠦᠦ

ᠦᠵᠡᠯᠲᠡ ᠶᠢᠨ ᠭᠤᠣᠯ ᠠᠰᠠᠭᠤᠳᠠᠯ ᠤᠨ ᠨᠠᠷᠢᠨ ᠳᠠᠩᠰᠠ ᠶᠢ ᠰᠠᠶᠢᠲᠤᠷ ᠬᠡᠷᠡᠭᠯᠡᠨ᠂ ᠤᠳᠤᠷᠢᠳᠬᠤ ᠪᠠᠭ ᠪᠠ ᠤᠳᠤᠷᠢᠳᠬᠤ

ᠺᠠᠳ᠋ᠷᠴᠤᠳ ᠢ ᠵᠣᠬᠢᠶᠠᠨ ᠪᠠᠶᠢᠭᠤᠯᠵᠤ ᠵᠣᠷᠢᠯᠲᠠ ᠶᠢᠨ ᠤᠬᠠᠮᠰᠠᠷ᠂ ᠠᠵᠢᠯ ᠤᠨ ᠰᠤᠷᠲᠠᠯ᠂ ᠰᠠᠬᠢᠯᠭ᠎ᠠ ᠪᠠᠲᠤ ᠶᠣᠰᠣ ᠲᠦᠷᠢᠮ

ᠵᠡᠷᠭᠡ ᠲᠠᠯ᠎ᠠ ᠠᠴᠠ ᠭᠦᠨᠵᠡᠭᠡᠢ ᠪᠠᠶᠢᠴᠠᠭᠠᠨ ᠳᠡᠯᠭᠡᠵᠦ ᠵᠠᠳᠠᠯᠬᠤ ᠬᠡᠷᠡᠭᠲᠡᠢ᠃ ᠣᠷᠣᠨ ᠨᠤᠲᠤᠭ ᠪᠠ ᠰᠠᠯᠠᠭ᠎ᠠ ᠮᠥᠴᠢᠷ ᠢ

ᠵᠢᠯᠣᠭᠤᠳᠴᠤ ᠰᠢᠯᠭᠠᠨ ᠬᠢᠨᠠᠵᠤ ᠦᠨᠡᠯᠡᠬᠦ ᠠᠷᠭ᠎ᠠ ᠶᠢ ᠲᠡᠭᠦᠯᠳᠡᠷᠵᠢᠭᠦᠯᠵᠦ᠂ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ

ᠬᠡᠲᠦ ᠨᠠᠷᠢᠯᠢᠠᠠᠵᠢᠭᠤᠯᠬᠤ᠂ ᠮᠧᠬᠠᠨᠢᠭ ᠢᠶᠠᠷ ᠬᠥᠰᠢᠭᠦᠨ ᠪᠤᠯᠭᠠᠬᠤ ᠵᠡᠷᠭᠡ ᠠᠷᠭ᠎ᠠ ᠪᠠᠷᠢᠯ ᠢ ᠵᠠᠯᠠᠷᠠᠭᠤᠯᠤᠨ ᠵᠠᠰᠠᠬᠤ ᠬᠡᠷᠡᠭᠳᠡᠢ᠃

ᠵᠠᠰᠠᠭ ᠤᠨ ᠠᠵᠢᠯ ᠤᠨ ᠠᠮᠵᠢᠯᠲᠠ ᠶᠢᠨ ᠵᠥᠪ ᠦᠵᠡᠯᠲᠡ ᠶᠢ ᠪᠤᠢ ᠪᠣᠯᠭᠠᠭᠰᠠᠨ ᠪᠠ ᠦᠢᠯᠡᠳᠦᠯᠭᠡᠵᠢᠭᠦᠯᠦᠭᠰᠡᠨ ᠪᠠᠶᠢᠳᠠᠯ ᠢ

ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠺᠠᠳ᠋ᠷ ᠢ ᠰᠢᠯᠭᠠᠨ ᠪᠠᠶᠢᠴᠠᠭᠠᠬᠤ᠂ ᠬᠢᠨᠠᠨ ᠪᠤᠳᠤᠯᠳᠠ ᠪᠠᠷ ᠴᠡᠭᠴᠡᠯᠡᠨ

ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠵᠠᠰᠠᠭ ᠤᠨ ᠠᠵᠢᠯ ᠤᠨ

ᠠᠮᠵᠢᠯᠲᠠ ᠶᠢᠨ ᠦᠵᠡᠯᠳᠡ ᠬᠡᠯᠪᠠᠶᠢᠭᠦᠦ᠂ ᠭᠠᠵᠢᠭᠤᠳᠠᠬᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠵᠠᠯᠠᠷᠠᠭᠤᠯᠬᠤ

ᠬᠡᠷᠡᠭᠳᠡᠢ᠃ ᠰᠢᠯᠢᠳᠡᠭ ᠪᠠ ᠰᠢᠭᠠᠷᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠦᠵᠡᠭᠦᠯᠦᠨ ᠰᠡᠷᠡᠮᠵᠢᠯᠡᠭᠦᠯᠬᠦ ᠦᠢᠯᠡᠳᠦᠯ ᠢ

ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠦᠢᠯᠡᠳᠦᠯᠭᠡ᠂ ᠠᠷᠠᠳ ᠲᠦᠮᠡᠨ ᠤ᠂ ᠲᠡᠦᠬᠡ ᠶᠢᠨ ᠰᠢᠯᠭᠠᠯᠲᠠ ᠶᠢ

ᠳᠠᠭᠠᠭᠠᠵᠤ ᠳᠡᠶᠢᠯᠬᠦ ᠠᠮᠵᠢᠯᠲᠠ ᠪᠦᠳᠦᠮᠵᠢ ᠶᠢ ᠡᠭᠦᠳᠦᠨ ᠪᠦᠲᠦᠭᠡᠬᠦ ᠶᠢ ᠬᠥᠮᠦᠵᠢᠭᠦᠯᠦᠨ ᠵᠢᠯᠣᠭᠤᠳᠬᠤ ᠬᠡᠷᠡᠭᠳᠡᠢ᠃

    12. ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ

ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ

ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ

ᠬᠥᠮᠦᠵᠢᠭᠦᠯᠦᠨ ᠵᠢᠯᠣᠭᠤᠳᠴᠤ᠂ ᠶᠡᠭᠡ ᠳᠤ ᠳᠤᠷᠠᠯᠠᠵᠤ ᠬᠠᠷᠢ ᠶᠢᠨ ᠬᠢ ᠶᠢ ᠬᠥᠭᠡᠭᠡᠴᠡᠯᠳᠦᠬᠦ᠂ ᠰᠣᠬᠤᠷ ᠪᠠᠯᠠᠢ

ᠪᠦᠳᠦᠬᠦᠯᠢᠭ ᠢᠶᠠᠷ ᠬᠢᠬᠦ᠂ ᠭᠠᠳᠠᠨ᠎ᠠ ᠪᠠᠨ ᠭᠢᠯᠠᠨᠴᠠᠭ ᠳᠣᠲᠣᠷ᠎ᠠ ᠪᠠᠨ ᠫᠠᠯᠠᠨᠴᠠᠭ᠂ ᠲᠤᠭ᠎ᠠ ᠪᠠᠷᠢᠮᠲᠠ ᠶᠢ ᠬᠠᠭᠤᠷᠮᠠᠭᠯᠠᠨ

ᠵᠣᠬᠢᠶᠠᠬᠤ᠂ ᠬᠤᠭᠤᠰᠣᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ᠂ ᠠᠷᠠᠳ ᠢ ᠵᠦᠳᠡᠭᠡᠵᠦ ᠡᠳ᠋ ᠢ ᠰᠦᠢᠳᠭᠡᠬᠦ ᠵᠡᠷᠭᠡ

ᠠᠰᠠᠭᠤᠳᠠᠯ ᠢᠯᠡᠷᠡᠬᠦ ᠶᠢ ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ

ᠳᠤᠭᠤᠶᠢᠯᠠᠩ︶ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ

ᠠᠭᠤᠰᠤᠯᠴᠠᠬᠤ ᠪᠠ ᠦᠢᠯᠡᠴᠢᠯᠡᠬᠦ ᠭᠠᠷᠳᠠᠬᠤ ᠴᠡᠭ ᠬᠦᠴᠦᠯᠡᠬᠦ ᠴᠡᠭ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ

ᠨᠡᠭᠡᠭᠡᠯᠳᠠ ᠶᠢᠨ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠨ᠂ ᠬᠦᠳᠦᠯᠤᠨ ᠳᠠᠭᠠᠭᠤᠯᠬᠤ ᠴᠢᠨᠠᠷ᠂ ᠬᠦᠰᠢᠬᠦᠷᠭᠡ ᠶᠢᠨ

ᠦᠢᠯᠡᠳᠦᠯ ᠢᠶᠠᠷ ᠴᠢᠩᠭ᠎ᠠ ᠠᠵᠢᠯ ᠤᠨ ᠭᠠᠷᠳᠠᠴᠠ ᠶᠢ ᠰᠠᠶᠢᠲᠤᠷ ᠲᠥᠯᠥᠪᠵᠢᠭᠦᠯᠦᠨ ᠬᠡᠷᠡᠭᠯᠡᠵᠦ᠂ ᠰᠢᠨ᠎ᠡ ᠴᠢᠨᠠᠷ ᠪᠦ᠋ᠬᠦᠢ

ᠦᠢᠯᠡᠳᠪᠦᠷᠢᠯᠡᠯ ᠤᠨ ᠬᠦᠴᠦᠨ ᠢ ᠬᠦᠴᠦᠯᠡᠨ ᠬᠥᠭᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ

ᠴᠢᠩᠭᠠᠳᠬᠠᠨ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ

ᠬᠥᠭᠵᠢᠯᠲᠡ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ ᠪᠣᠭᠤᠮᠢ ᠪᠤᠯᠵᠤ ᠪᠠᠶᠢᠭ᠎ᠠ ᠠᠰᠠᠭᠤᠳᠠᠯ ᠢ ᠰᠶᠢᠳᠪᠦᠷᠢᠯᠡᠨ᠂ ᠠᠵᠤ

ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ

ᠠᠬᠢᠭᠤᠯᠬᠤ ᠬᠡᠷᠡᠭᠲᠡᠢ᠃

    13. ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃

ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ

ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠢᠯᠡ ᠲᠣᠳᠣ ᠪᠤᠢ ᠪᠣᠯᠭᠠᠵᠤ᠂ ︽ᠭᠤᠷᠪᠠ ᠳᠤ ᠢᠯᠭᠠᠭ᠎ᠠ ᠲᠠᠢ ᠪᠠᠷ

ᠬᠠᠨᠳᠤᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠢᠢ

ᠤᠨᠢᠨ ᠲᠡᠬᠡᠷ᠎ᠡ ᠨᠢ ᠵᠢᠷᠤᠮᠵᠢᠩᠭᠤᠢ ᠦᠷᠭᠦᠯᠵᠢᠯᠡᠨ ᠠᠬᠢᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ

ᠴᠢᠳᠠᠮᠠᠭᠠᠢ ᠪᠠᠷ ᠴᠢᠷᠮᠠᠶᠢᠯᠭ᠎ᠠ ᠭᠠᠷᠭᠠᠬᠤ ᠺᠠᠳ᠋ᠷ ᠪᠣᠯᠬᠤ ᠶᠢ ᠤᠷᠮᠠᠰᠢᠭᠤᠯᠤᠨ ᠵᠣᠷᠢᠭᠵᠢᠭᠤᠯᠵᠤ ᠬᠠᠮᠠᠭᠠᠯᠠᠬᠤ ᠶᠢ

ᠴᠢᠩᠭᠠᠳᠬᠠᠨ᠎ᠠ᠃ ᠤᠳᠤᠷᠢᠳᠬᠤ ᠺᠠᠳ᠋ᠷᠴᠤᠳ ᠤᠨ ᠳᠡᠪᠰᠢᠵᠦ ᠪᠠᠭᠤᠵᠤ ᠪᠦᠷ ᠪᠣᠯᠬᠤ ᠶᠢ ᠦᠷᠭᠦᠯᠵᠢᠯᠡᠨ ᠠᠬᠢᠭᠤᠯᠵᠤ᠂

ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠴᠢᠳᠠᠪᠤᠷᠢ ᠦᠭᠡᠢ ᠬᠥᠮᠦᠨ ᠢ ᠨᠢ ᠪᠠᠭᠤᠯᠭᠠᠬᠤ᠂

ᠮᠠᠭᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃ ᠨᠠᠮ ᠤᠨ ᠭᠡᠰᠢᠭᠦᠨ᠂

ᠺᠠᠳ᠋ᠷᠴᠤᠳ ᠤᠨ ᠳᠣᠲᠣᠷᠠᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠰᠣᠩᠭᠤᠨ ᠤᠬᠠᠭᠤᠯᠵᠤ

ᠬᠥᠬᠢᠭᠦᠯᠦᠨ ᠰᠠᠶᠢᠰᠢᠶᠠᠵᠤ᠂ ᠦᠨᠳᠦᠰᠦᠨ ᠱᠠᠲᠤᠨ ᠤ ᠺᠠᠳ᠋ᠷᠴᠤᠳ ᠢᠯᠠᠩᠭᠤᠶ᠎ᠠ ᠨᠥᠬᠦᠴᠡᠯ ᠢᠶᠠᠷ ᠪᠡᠷᠬᠡ ᠬᠠᠲᠠᠭᠤᠵᠢᠯᠲᠠᠶ

ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃

    14. ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠠᠮ ᠤᠨ

ᠭᠡᠰᠢᠭᠦᠨ ᠤ ᠡᠳᠦᠷ ᠲᠤᠳᠤᠮ ᠤᠨ ᠬᠥᠮᠦᠵᠢᠯ ᠪᠠ ᠬᠠᠮᠢᠶᠠᠷᠤᠯᠲᠠ ᠶᠢ ᠴᠢᠩᠳᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠢ

ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠡᠬᠦᠷᠭᠡᠯᠡᠵᠦ ᠳᠡᠶᠢᠯᠬᠦ᠂ ᠠᠶᠤᠯ ᠲᠦᠭᠰᠢᠭᠦᠷᠢ ᠲᠠᠢ

ᠦᠶ᠎ᠡ ᠳᠤ ᠠᠮᠢ ᠴᠦᠯᠡᠨ ᠲᠡᠮᠡᠴᠡᠵᠦ ᠳᠡᠶᠢᠯᠬᠦ ᠪᠣᠯᠭᠠᠨ᠎ᠠ᠃ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ

ᠦᠵᠡᠭᠦᠯᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ᠂

ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ

ᠲᠣᠭᠲᠠᠭᠤᠨ ᠢ ᠬᠠᠮᠠᠭᠠᠯᠠᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂

ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠵᠡᠷᠭᠡ ᠡᠯ᠎ᠡ ᠲᠠᠯ᠎ᠠ ᠪᠠᠷ ᠦᠢᠯᠡᠳᠦᠯ ᠢ ᠨᠢ ᠪᠠᠳᠠᠷᠠᠭᠤᠯᠤᠨ᠎ᠠ᠃ ᠬᠦᠨᠳᠦ

ᠶᠡᠭᠡ ᠪᠠᠶᠢᠭᠠᠯᠢ ᠶᠢᠨ ᠭᠠᠮᠰᠢᠭ᠂ ᠬᠦᠨᠳᠦ ᠶᠡᠭᠡ ᠤᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ

ᠬᠡᠷᠡᠭ ᠡᠭᠦᠰᠪᠡᠯ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ᠂

ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ᠂ ᠨᠡᠭᠦᠳᠡᠯ ᠨᠠᠮ ᠤᠨ ᠭᠡᠰᠢᠭᠦᠨ᠂ ᠰᠢᠨ᠎ᠡ ᠠᠵᠢᠯ

ᠣᠯᠭᠤᠯᠲᠠ ᠶᠢᠨ ᠬᠠᠮᠲᠤ ᠨᠡᠶᠢᠲᠡ ᠶᠢᠨ ᠨᠠᠮ ᠤᠨ ᠭᠡᠰᠢᠭᠦᠨ ᠵᠡᠷᠭᠡ ᠶᠢ ᠵᠣᠬᠢᠶᠠᠨ ᠪᠠᠶᠢᠭᠤᠯᠤᠨ ᠤᠢᠢᠷ᠎ᠠ ᠬᠠᠪᠢ ᠳᠠᠭᠠᠨ

ᠲᠤᠬᠠᠢ ᠶᠢᠨ ᠭᠠᠵᠠᠷ ᠲᠤᠨᠢ ᠪᠠᠴᠢᠮ ᠪᠠᠶᠢᠳᠠᠯ ᠢ ᠠᠷᠭᠠᠴᠡᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠦᠴᠦᠨ ᠪᠣᠯᠭᠠᠨ

ᠬᠤᠪᠢᠷᠠᠭᠤᠯᠵᠤ᠂ ᠡᠮᠦᠨ᠎ᠡ ᠨᠢ ᠭᠠᠪᠰᠢᠭᠠᠶᠢᠯᠠᠨ ᠡᠷᠡᠯᠬᠡᠭᠯᠡᠨ ᠲᠡᠮᠡᠴᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠰᠦᠯᠵᠢᠶᠡᠨ ᠤ ᠣᠷᠣᠨ ᠵᠠᠢ ᠳᠠᠬᠢ ᠦᠵᠡᠯ ᠰᠠᠨᠠᠭᠠᠨ ᠤ ᠵᠢᠯᠤᠭᠤᠳᠤᠯᠭ᠎ᠠ ᠪᠠ ᠶᠠᠷᠢᠶ᠎ᠠ ᠬᠡᠯᠡᠯᠴᠡᠭᠡᠨ ᠤ

ᠵᠢᠯᠤᠭᠤᠳᠤᠯᠭ᠎ᠠ ᠪᠠᠨ ᠴᠢᠩᠭᠠᠳᠬᠠᠵᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠦᠳᠦᠯᠦᠨ ᠵᠢᠯᠣᠭᠤᠳᠴᠤ

ᠰᠦᠯᠵᠢᠶᠡᠨ ᠤ ᠣᠷᠣᠨ ᠵᠠᠢ ᠳᠤ ᠰᠠᠨᠠᠭᠠᠴᠢᠯᠠᠭ᠎ᠠ ᠠᠴᠠ ᠪᠠᠨ ᠳᠠᠭᠤᠨ ᠡᠭᠦᠰᠭᠡᠯᠬᠡᠵᠦ᠂ ᠢᠳᠡᠪᠬᠢ ᠬᠦᠴᠦᠨ ᠢ ᠶᠡᠭᠡ

ᠤᠷᠤᠰᠴᠠ ᠶᠢᠨ ᠬᠡᠮᠵᠢᠶ᠎ᠡ ᠲᠠᠢ ᠪᠣᠯᠭᠠᠵᠤ᠂ ᠨᠠᠮ ᠤᠨ ᠲᠤᠭ ᠢ ᠰᠦᠯᠵᠢᠶᠡᠨ ᠤ ᠣᠷᠣᠨ ᠵᠠᠢ ᠳᠤ ᠥᠨᠳᠥᠷ ᠨᠠᠮᠢᠷᠠᠭᠤᠯᠬᠤ

ᠬᠡᠷᠡᠭᠲᠡᠢ᠃

    15. ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂

︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠭᠢᠯᠭᠡ ᠪᠠᠷ ᠨᠠᠮ ᠤᠨ ᠲᠥᠪ ᠬᠤᠷᠢᠶ᠎ᠠ ᠶᠢᠨ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠬᠤ ᠵᠢᠴᠢ ᠠᠵᠢᠯ ᠤᠨ

ᠳᠤᠮᠳᠠᠬᠢ ᠬᠠᠮᠤᠭ ᠤᠨ ᠲᠣᠪᠤᠶᠢᠮ᠎ᠠ᠂ ᠬᠠᠮᠤᠭ ᠤᠨ ᠠᠩᠬᠠᠷᠬᠤ ᠴᠢᠬᠤᠯᠠᠲᠠᠶ ᠠᠰᠠᠭᠤᠳᠠᠯ ᠳᠤ ᠠᠩᠬᠠᠷᠤᠯ ᠢᠶᠠᠨ

ᠲᠥᠪᠯᠡᠷᠡᠭᠦᠯᠵᠦ᠂ ᠦᠨᠡᠨ ᠠᠴᠠ ᠵᠥᠪ ᠢ ᠡᠷᠢᠵᠦ᠂ ᠭᠤᠤᠯᠳᠠᠯᠭ᠎ᠠ ᠪᠠᠨ ᠳᠣᠲᠣᠭᠰᠢ ᠪᠠᠨ ᠬᠠᠨᠳᠤᠭᠤᠯᠤᠨ ᠴᠡᠭᠴᠡᠯᠡᠨ ᠵᠠᠰᠠᠬᠤ

ᠠᠵᠢᠯ ᠢ ᠥᠷᠨᠢᠭᠦᠯᠦᠨ᠎ᠡ᠃ ︽ᠦᠨᠳᠦᠰᠦᠨ ᠱᠠᠲᠤᠨ ᠳᠤ ᠢᠯᠡᠷᠡᠵᠦ᠂ ᠦᠨᠳᠦᠰᠦ ᠨᠢ ᠳᠡᠭᠡᠳᠦ ᠱᠠᠲᠤᠨ ᠳᠤ ᠪᠠᠶᠢᠬᠤ︾

ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠡᠷᠢᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠳᠡᠭᠡᠳᠦ ᠳᠣᠤᠷᠠᠳᠤ

ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ᠃

    ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠤᠨ

ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ

ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠳᠤ ᠬᠠᠷᠢᠭᠤᠴᠠᠯᠭᠠᠲᠤ

ᠨᠢᠭᠡᠴᠢ ᠪᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ ᠦᠭᠬᠦᠨ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ

ᠰᠠᠶᠢᠲᠤᠷ ᠠᠳᠬᠤᠬᠤ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ

ᠬᠠᠷᠢᠭᠤᠴᠠᠯᠭ᠎ᠠ ᠶᠢ ᠭᠦᠢᠴᠡᠳᠭᠡᠵᠦ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ

ᠪᠡᠶ᠎ᠡ ᠪᠠᠷ ᠢᠶᠠᠨ ᠬᠠᠮᠢᠶᠠᠷᠴᠤ᠂ ᠴᠢᠬᠤᠯᠠ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠭᠤᠣᠯᠳᠠᠯᠭ᠎ᠠ ᠲᠠᠢ ᠡᠭᠦᠷᠭᠡ ᠶᠢ

ᠪᠡᠶ᠎ᠡ ᠪᠠᠷ ᠢᠶᠠᠨ ᠠᠬᠢᠭᠤᠯᠬᠤ ᠬᠡᠷᠡᠭᠲᠡᠢ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ

ᠤᠷᠢᠳ ᠢᠶᠠᠷ ᠶᠠᠪᠤᠵᠤ᠂ ᠦᠯᠢᠭᠡᠷ ᠳᠠᠭᠤᠷᠢᠶᠠᠯ ᠪᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ

ᠡᠭᠦᠷᠭᠡ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠬᠤᠶᠠᠷ ᠢ ᠬᠠᠮᠠᠭᠠᠯᠠᠬᠤ︾ ᠶᠢ

ᠦᠢᠯᠡᠳᠦᠯᠭᠡᠵᠢᠭᠦᠯᠬᠦ ᠨᠢᠭᠡᠳᠦᠭᠡᠷ ᠵᠢᠭᠰᠠᠭᠠᠯ ᠤᠨ ᠡᠩᠨᠡᠭᠡ ᠪᠠᠷ ᠰᠠᠶᠢᠲᠤᠷ ᠵᠠᠮᠨᠠᠬᠤ ᠬᠡᠷᠡᠭᠲᠡᠢ᠃ ᠡᠯ᠎ᠡ ᠱᠠᠲᠤᠨ ᠤ

ᠤᠳᠤᠷᠢᠳᠬᠤ ᠪᠠᠶᠢᠭᠤᠯᠭ᠎ᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠨᠠᠩ ᠥᠨᠳᠥᠷ ᠪᠠᠷᠢᠮᠵᠢᠶ᠎ᠠ ᠪᠠ ᠨᠠᠩ ᠴᠢᠩᠭ᠎ᠠ

ᠱᠠᠭᠠᠷᠳᠠᠯᠭ᠎ᠠ ᠪᠠᠷ ᠲᠣᠰ ᠪᠡᠶ᠎ᠡ ᠶᠢᠨ ᠰᠤᠷᠤᠯᠴᠠᠨ ᠲᠤᠭᠤᠰᠢᠯᠠᠭᠤᠯᠬᠤ ᠪᠠᠨ ᠰᠠᠶᠢᠲᠤᠷ ᠠᠳᠬᠤᠵᠤ᠂ ᠲᠣᠰ ᠪᠡᠶ᠎ᠡ ᠶᠢᠨ

ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ

ᠳᠠᠶᠢᠴᠢᠯᠠᠨ᠂ ᠥᠯᠢᠭᠡᠷ ᠵᠢᠱᠢᠶ᠎ᠡ ᠦᠵᠡᠭᠦᠯᠵᠦ ᠳᠠᠶᠢᠴᠢᠯᠠᠬᠤ ᠬᠡᠷᠡᠭᠲᠡᠶ᠃ ᠭᠤᠣᠯ ᠰᠡᠳᠦᠪᠲᠦ ᠬᠥᠮᠦᠵᠢᠯ ᠤᠨ ᠦᠷ᠎ᠡ

ᠪᠦᠲᠦᠭᠡᠯ ᠢ ᠪᠠᠬᠢᠵᠢᠭᠦᠯᠦᠨ ᠥᠷᠭᠡᠳᠭᠡᠭᠰᠡᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠠᠭᠤᠯᠭ᠎ᠠ ᠳᠤ

ᠣᠷᠣᠭᠤᠯᠵᠤ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ᠂ ᠨᠠᠮ ᠤᠨ ᠵᠣᠬᠢᠶᠠᠨ

ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ

ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠭᠤᠯᠭ᠎ᠠ ᠪᠣᠯᠭᠠᠵᠤ᠂ ᠰᠢᠨᠵᠢᠯᠡᠨ ᠪᠠᠶᠢᠴᠠᠭᠠᠵᠤ ᠲᠤᠭᠤᠷᠢᠨ

ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠭᠡᠬᠦ᠂ ︽ᠡᠷᠬᠢᠨ

ᠬᠠᠷᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠨ᠎ᠠ

᠃ ᠭᠤᠣᠯ ᠰᠡᠳᠦᠪᠲᠦ ᠬᠥᠮᠦᠵᠢᠯ ᠤᠨ ᠰᠦᠪᠡᠭᠴᠢᠯᠡᠭᠰᠡᠨ ᠡᠷᠬᠢᠴᠡᠬᠦᠯᠦᠨ ᠳ᠋ᠦᠩᠨᠡᠵᠦ ᠲᠠᠬᠢᠨ ᠳᠠᠪᠲᠠᠨ ᠲᠤᠷᠰᠢᠬᠤ᠂

ᠨᠢᠭᠤᠴᠠ ᠪᠠᠷ ᠰᠤᠷᠪᠤᠯᠵᠢᠯᠠᠵᠤ ᠰᠤᠭᠤᠴᠢᠨ ᠪᠠᠶᠢᠴᠠᠭᠠᠬᠤ᠂ ᠲᠦᠷᠦ ᠶᠢᠨ ᠪᠤᠳᠤᠯᠭ᠎ᠠ ᠳᠤ ᠬᠠᠷᠢᠭᠤᠯᠲᠠ ᠥᠭᠬᠦ᠂ ᠠᠳᠠᠯᠢ

ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠡᠳᠦᠷ ᠳᠤᠳᠤᠮ ᠤᠨ ᠠᠵᠢᠯ ᠢ

ᠰᠤᠳᠤᠯᠤᠨ ᠲᠥᠯᠥᠪᠵᠢᠭᠦᠯᠬᠦ᠂ ᠱᠠᠯᠠᠪᠳᠠᠭᠤᠯᠤᠨ ᠵᠢᠯᠣᠭᠤᠳᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠳᠤᠮᠳᠠ

ᠬᠡᠷᠡᠭᠯᠡᠵᠦ᠂ ᠡᠯ᠎ᠡ ᠲᠠᠯ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠬᠢᠯᠭᠠᠨ ᠮᠡᠳᠡᠭᠡ︶

 

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号