ᠦᠨᠳᠦᠰᠦᠨ ᠳᠤ ᠪᠠᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ ᠲᠡᠩᠴᠡᠭᠦᠷᠢᠲᠡᠢ ᠤᠷᠤᠭᠰᠢᠯᠠᠬᠤ ᠲᠡᠶᠢᠰᠢ ᠤᠷᠤᠭᠰᠢᠯᠠᠶ᠎ᠠ
ᠨᠡᠶᠢᠲᠡᠯᠡᠭᠰᠡᠨ ᠴᠠᠭ᠄
2024/3/14
    — — ᠮᠠᠨ ᠤ ᠤᠯᠤᠰ ᠣᠯᠠᠨ ᠠᠷᠭ᠎ᠠ ᠬᠡᠮᠵᠢᠶ᠎ᠡ ᠠᠪᠴᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠪᠠ    ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠨᠢ ᠭᠡᠷ ᠪᠦᠯᠢ ᠨᠢᠭᠡᠪᠦᠷᠢ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠤᠯᠤᠰ ᠣᠷᠣᠨ ᠪᠠ ᠦᠨᠳᠦᠰᠦᠲᠡᠨ ᠤ ᠢᠷᠡᠭᠡᠳᠦᠢ ᠳᠤ ᠬᠤᠯᠪᠣᠭᠳᠠᠵᠤ ᠪᠠᠶᠢᠳᠠᠭ᠃ 12᠎ ᠤᠨ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ᠂ ᠬᠠᠮᠲᠤᠯᠢᠭ ᠤᠨ ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠥᠬᠡᠶ ᠪᠠᠭᠠᠰᠬᠠᠵᠤ᠂ ᠨᠠᠩ ᠡᠷᠬᠡ ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠥᠮᠦᠨ ᠠᠮᠠ ᠶᠢᠨ ᠬᠤᠪᠢᠷᠠᠯᠲᠠ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢᠨ ᠬᠤᠪᠢᠷᠠᠯᠲᠠ ᠶᠢ ᠪᠠᠷᠠᠭᠠᠯᠬᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠢ ᠲᠠᠯ᠎ᠠ ᠲᠡᠶᠢᠰᠢ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃    ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠲᠦᠷᠭᠡᠨ ᠬᠥᠭᠵᠢᠵᠦ᠂ 2000 ᠣᠨ ᠳᠤ ᠦᠨᠳᠦᠰᠦᠨ ᠲᠦᠭᠡᠮᠡᠯᠵᠢᠯᠲᠡ ᠶᠢ ᠪᠡᠶᠡᠯᠡᠭᠦᠯᠵᠦ᠂ 2011 ᠣᠨ ᠳᠤ ᠪᠦᠬᠦ ᠲᠠᠯ᠎ᠠ ᠪᠠᠷ ᠲᠦᠭᠡᠮᠡᠯᠵᠢᠭᠦᠯᠬᠦ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ 2021 ᠣᠨ ᠤ ᠡᠴᠦᠰ ᠪᠣᠯᠬᠤ ᠳᠤ᠂ ᠪᠦᠬᠦ ᠤᠯᠤᠰ ᠤᠨ ᠪᠤᠢ ᠪᠦᠬᠦᠢ ᠰᠢᠶᠠᠨ ᠲᠣᠭᠤᠷᠢᠭ ᠴᠥᠮ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠬᠢᠷᠢ ᠲᠡᠩᠴᠡᠵᠦ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠪᠡ᠃    ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠠᠬᠢᠴᠠ ᠳᠤᠮᠳᠠ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠡᠮᠵᠢᠶ᠎ᠡ ᠶᠢ ᠳᠡᠯᠡᠬᠡᠢ ᠶᠢᠨ ᠥᠨᠳᠥᠷ ᠣᠷᠣᠯᠭ᠎ᠠ ᠲᠠᠢ ᠤᠯᠤᠰ ᠤᠨ ᠳᠤᠮᠳᠠᠴᠢ ᠬᠢᠷᠢ ᠬᠡᠮᠵᠢ᠊ ᠡᠶ᠎ᠡ ᠳᠤ ᠬᠦᠷᠦᠭᠦᠯᠵᠦ᠂ ᠵᠠᠷᠤᠳᠠᠯ ᠤᠨ ᠪᠠᠲᠤᠯᠠᠭ᠎ᠠ ᠪᠠ ᠰᠤᠷᠭᠠᠭᠤᠯᠢ ᠡᠷᠬᠢᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠤᠨ᠂ ᠪᠠᠭᠰᠢ ᠶᠢᠨ ᠡᠩᠨᠡᠭᠡ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃    ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠷᠠᠯᠲᠠ ᠪᠣᠯ ᠴᠢᠨᠠᠷ ᠰᠠᠶᠢᠲᠠᠢ ᠲᠡᠩᠴᠡᠭᠦᠷᠢᠲᠡᠢ ᠲᠡᠰᠢ ᠤᠷᠤᠭᠰᠢᠯᠠᠬᠤ ᠶᠠᠪᠤᠳᠠᠯ ᠪᠣᠯᠤᠨ᠎ᠠ᠃ 2023 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠴᠢᠨᠠᠷ ᠰᠠᠶᠢᠲᠠᠢ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ 2035᠎ ᠤᠨ ᠪᠣᠯᠬᠤ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ ᠣᠷᠣᠭᠤᠯᠤᠯᠲᠠ᠂ ᠵᠠᠰᠠᠯᠲᠠ ᠶᠢᠨ ᠰᠢᠰᠲ᠋ᠧᠮ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠡᠷᠡᠭᠴᠡᠭᠡ ᠳᠤ ᠵᠣᠬᠢᠴᠠᠭᠤᠯᠤᠨ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠣᠩᠬᠢᠯᠠᠬᠤ ᠣᠯᠠᠨ ᠲᠣᠭᠠᠨ ᠤ ᠰᠢᠶᠠᠨ ︵ᠬᠤᠲᠠ᠂ ᠲᠣᠭᠤᠷᠢᠭ᠂ ᠬᠤᠰᠢᠭᠤ︶ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠵᠦ᠂ ᠵᠣᠬᠢᠬᠤ ᠨᠠᠰᠤᠨ ᠤ ᠰᠤᠷᠤᠭᠴᠢᠳ ᠡᠷᠬᠡ ᠲᠡᠭᠰᠢ ᠴᠢᠨᠠᠷ ᠰᠠᠶᠢᠲᠠᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠭᠥᠷᠳᠡᠵᠦ᠂ ᠶᠡᠷᠦᠩᠬᠡᠢ ᠬᠢᠷᠢ ᠲᠦᠪᠰᠢᠨ ᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ ᠭᠡᠵᠦ ᠳᠤᠷᠠᠳᠪᠠ᠃    ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠳᠠᠷᠠᠭᠠᠴᠢ ᠶᠢᠨ ᠠᠯᠬᠤᠮ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖    ᠡᠨᠡᠬᠦ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠬᠤᠯᠠ ᠠᠴᠠ ᠴᠢᠬᠤᠯᠠ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ ᠪᠠᠷᠢᠮᠲᠠᠯᠠᠵᠤ᠂ ᠬᠥᠭᠵᠢᠯᠲᠡ ᠶᠢᠨ ᠲᠥᠯᠥᠪᠵᠢᠭᠦᠯᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠵᠠᠷᠤᠳᠠᠯ ᠤᠨ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠬᠤ ᠶᠢ ᠪᠠᠷᠢᠮᠲᠠᠯᠠᠵᠤ᠂ ᠨᠡᠩ ᠡᠷᠬᠡ ᠲᠡᠭᠰᠢ ᠨᠡᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃    ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠬᠥᠮᠦᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ︔ ᠰᠤᠷᠭᠠᠭᠤᠯᠢ ᠶᠢᠨ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠠᠶᠢᠲᠤᠷ ᠠᠰᠢᠭᠯᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ ᠵᠣᠷᠢᠭ ᠰᠠᠨᠠᠭ᠎ᠠ ᠪᠠ ᠰᠤᠳᠤᠯᠤᠨ ᠰᠡᠳᠬᠢᠬᠦ᠂ ᠭᠠᠷ ᠬᠥᠳᠡᠯᠦᠨ ᠦᠢᠯᠡᠳᠦᠯᠭᠡᠵᠢᠭᠦᠯᠬᠦ ᠴᠢᠳᠠᠪᠤᠷᠢ ᠶᠢ ᠬᠥᠮᠦᠵᠢᠭᠦᠯᠦᠨ᠎ᠡ︔ ︽ᠬᠤᠶᠠᠷ ᠢ ᠪᠠᠭᠠᠰᠬᠠᠬᠤ︾ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠰᠢᠯᠭᠠᠯᠲᠠ ᠶᠢᠨ ᠳᠠᠷᠤᠯᠲᠠ ᠶᠢ ᠬᠥᠩᠭᠡᠷᠡᠭᠦᠯᠦᠨ᠎ᠡ᠃    ᠢᠷᠡᠭᠡᠳᠦᠢ ᠶᠢᠨ ᠠᠷᠪᠠᠨ ᠬᠡᠳᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ︽ᠤᠷᠢᠳ ᠢᠶᠠᠷ ᠣᠷᠭᠢᠯ ᠦᠶ᠎ᠡ ᠳᠤ ᠬᠦᠷᠦᠭᠰᠡᠨ ᠤ ᠳᠠᠷᠠᠭ᠎ᠠ ᠪᠠᠭᠠᠰᠬᠤ︾ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠠᠴᠠ ᠰᠤᠷᠬᠤ ᠨᠠᠰᠤᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号