ᠮᠠᠨ ᠤ ᠤᠷᠤᠨ ᠤ ᠠᠩᠬᠠᠳᠠᠭᠴᠢ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/14
   3 ᠰᠠᠷ᠎ᠠ ᠶᠢᠨ 11 ᠤ ᠡᠳᠦᠷ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠪᠣᠳᠢ︾ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠥᠬᠡᠬᠤᠲᠠ ᠳᠤ ᠶᠠᠪᠤᠭᠳᠠᠪᠠ᠃ ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠪᠣᠳᠢ︾ ᠢᠢ ᠤᠯᠠᠨ ᠨᠡᠶᠢᠲᠡ ᠳᠤ ᠵᠢᠩᠬᠢᠨᠢ ᠪᠠᠷ ᠨᠡᠶᠢᠲᠡᠯᠡᠪᠡ᠃ ᠡᠨᠡ ᠪᠣᠯ ᠮᠠᠨ ᠤ ᠤᠷᠤᠨ ᠤ ᠠᠩᠬᠠᠳᠠᠭᠴᠢ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ ᠪᠤᠯᠬᠤ ᠪᠦᠬᠡᠳ ᠮᠠᠨ ᠤ ᠤᠷᠤᠨ ᠤ ᠰᠢᠨ᠎ᠡ ᠴᠠᠭ ᠦᠶ᠎ᠡ ᠳᠤ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠠᠵᠢᠯᠯᠠᠭ᠎ᠠ ᠥᠷᠨᠢᠭᠦᠯᠬᠦ ᠪᠠ ᠠᠭᠤᠷᠬᠠᠢ ᠶᠢᠨ ᠦᠢᠯᠡᠰ ᠢ ᠲᠥᠯᠥᠪᠵᠢᠭᠦᠯᠦᠨ ᠪᠠᠶᠢᠷᠢᠯᠠᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠣᠨ᠎ᠠ᠃   ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠪᠣᠳᠢ︾ ᠪᠣᠯ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ︾ ᠶᠢᠨ ᠳᠣᠲᠣᠷᠠᠬᠢ ︽ᠮᠤᠵᠢ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ︾ ᠶᠢᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠠᠴᠠ ᠪᠥᠬᠦ ᠣᠷᠣᠨ ᠤ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ 8 ᠵᠢᠯ ᠤᠨ ᠴᠠᠭ ᠵᠠᠷᠤᠴᠠᠭᠤᠯᠵᠤ ᠬᠠᠮᠲᠤ ᠪᠠᠷ ᠰᠤᠳᠤᠯᠤᠨ ᠨᠠᠶᠢᠷᠠᠭᠤᠯᠵᠤ ᠳᠠᠭᠤᠰᠬᠠᠨᠰᠠᠨ ᠶᠤᠮ᠂ ᠢᠩᠬᠢᠬᠡᠳ ᠮᠠᠨ ᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠬ ᠤᠨ ᠬᠦᠷᠢᠶᠡᠨ ᠤ ᠣᠶᠢᠯᠠᠯᠭ᠎ᠠ ᠶᠢᠨ ᠨᠤᠮ ᠤᠨ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃   ᠮᠠᠨ ᠤ ᠤᠷᠤᠨ ᠭᠠᠵᠠᠷ ᠨᠤᠲᠤᠭ ᠥᠷᠭᠡᠨ ᠠᠭᠤᠳᠠᠮ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠠᠯᠢᠭ᠂ ᠢᠯᠡᠷᠡᠭᠦᠯᠦᠭᠰᠡᠨ ᠠᠭᠤᠷᠬᠠᠢ ᠶᠢᠨ ᠲᠥᠷᠥᠯ ᠵᠦᠢᠯ ᠣᠯᠠᠨ᠂ ᠲᠠᠷᠬᠠᠯᠲᠠ ᠶᠢᠨ ᠭᠠᠵᠠᠷ ᠣᠷᠣᠨ ᠥᠷᠭᠡᠨ᠂ ᠡᠨᠧᠷᠭᠢ ᠶᠢᠨ ᠰᠤᠷᠪᠤᠯᠵᠢ ᠵᠢᠴᠢ ᠴᠢᠬᠤᠯᠠ ᠠᠭᠤᠷᠬᠠᠢ ᠶᠢᠨ ᠭᠠᠷᠤᠯᠲᠠ ᠶᠢᠨ ᠳᠠᠪᠠᠭᠤᠯᠢᠭ ᠢᠯᠡᠷᠬᠡᠢ ᠵᠡᠷᠭᠡ ᠣᠨᠴᠠᠯᠢᠭ ᠲᠠᠢ᠂ ᠮᠠᠨ ᠤ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ᠂ ᠥᠩᠭᠡᠲᠦ ᠲᠡᠮᠦᠷᠯᠢᠭ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠰᠠᠭᠤᠷᠢᠨ ᠵᠢᠴᠢ ᠰᠢᠨ᠎ᠡ ᠪᠠᠷ ᠪᠣᠶ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠦᠭᠦᠬᠡᠢ ᠮᠠᠲ᠋ᠧᠷᠢᠶᠠᠯ ᠤᠨ ᠰᠠᠭᠤᠷᠢᠨ ᠪᠣᠯᠣᠨ᠎ᠠ᠃ ᠬᠤᠪᠣᠷ ᠰᠢᠷᠣᠢ᠂ ᠨᠢᠦᠪᠢ᠂ ᠮᠥᠩᠭᠦ᠂ ᠲᠤᠭᠤᠯᠭ᠎ᠠ᠂ ᠴᠠᠶᠢᠷ᠂ ᠨᠡᠭᠦᠷᠡᠰᠦ᠂ ᠡᠩ ᠤᠨ ᠬᠠᠶᠢᠯᠤᠭᠤᠷ ᠵᠤᠩᠰᠢ ᠵᠡᠷᠭᠡ 19 ᠲᠠᠩ ᠬᠦᠳᠡᠷ ᠤᠨ ᠵᠦᠢᠯ ᠤᠨ ᠡᠬᠢ ᠪᠠᠶᠠᠯᠢᠭ ᠤᠨ ᠬᠠᠳᠠᠭᠠᠯᠠᠭᠳᠠᠴᠠ ᠪᠥᠬᠦ ᠤᠯᠤᠰ ᠲᠤ ᠲᠡᠷᠢᠭᠦᠨ ᠳᠤ ᠵᠢᠭᠰᠠᠭᠠᠭᠳᠠᠪᠠ᠃ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠪᠣᠳᠢ︾ ᠨᠢ ᠮᠠᠨ ᠤ ᠤᠷᠤᠨ ᠤ ᠨᠢᠭᠡᠨᠲᠡ ᠢᠯᠡᠷᠡᠭᠦᠯᠦᠭᠰᠡᠨ 142 ᠲᠦᠷᠦᠯ ᠤᠨ ᠠᠭᠤᠷᠬᠠᠢ᠂ 2735 ᠠᠭᠤᠷᠬᠠᠢ ᠶᠢᠨ ᠭᠠᠷᠤᠯᠲᠠ ᠶᠢᠨ ᠣᠷᠣᠨ ᠵᠢᠴᠢ 16 ᠭᠤᠷᠪᠠᠳᠤᠭᠠᠷ ᠳᠡᠰ ᠤᠨ ᠡᠷᠦᠳᠡᠰᠦ ᠶᠢᠨ ᠪᠦᠰᠡ ᠶᠢ ᠰᠢᠰᠲ᠋ᠧᠮ ᠲᠠᠢ ᠡᠮᠬᠢᠯᠡᠨ ᠳ᠋ᠦᠩᠨᠡᠵᠦ᠂ ᠠᠭᠤᠷᠬᠠᠢ ᠶᠢᠨ ᠲᠦᠷᠦᠯ᠂ ᠠᠭᠤᠷᠬᠠᠢ ᠶᠢᠨ ᠭᠠᠷᠤᠯᠲᠠ ᠶᠢᠨ ᠣᠷᠣᠨ᠂ ᠡᠷᠦᠳᠡᠰᠦ ᠶᠢᠨ ᠪᠦᠰᠡ ᠭᠤᠷᠪᠠ ᠶᠢ ᠪᠦᠬᠦᠨ ᠢ ᠪᠦᠷᠬᠦᠭᠦᠯᠵᠦ᠂ ᠪᠦᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠰᠠᠭᠤᠷᠢ ᠶᠢ ᠳ᠋ᠦ᠋ᠩᠨᠡᠪᠡ᠃ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠪᠣᠳᠢ︾ ᠨᠢ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡ ᠵᠢᠴᠢ ᠠᠭᠤᠷᠬᠠᠢ ᠪᠦᠲᠦᠬᠦ ᠵᠢᠮ᠎ᠡ ᠶᠣᠰᠣᠨ ᠤ ᠰᠤᠳᠤᠯᠭᠠᠨ ᠤ ᠲᠠᠯ᠎ᠠ ᠪᠠᠷ ᠬᠢ ᠬᠠᠮᠤᠭ ᠤᠨ ᠰᠢᠨ᠎ᠡ᠂ ᠬᠠᠮᠤᠭ ᠤᠨ ᠪᠥᠬᠦ ᠲᠠᠯ᠎ᠠ ᠶᠢᠨ᠂ ᠬᠠᠮᠤᠭ ᠤᠨ ᠰᠢᠰᠲ᠋ᠧᠮ ᠲᠠᠢ ᠪᠦᠲᠦᠭᠡᠯ ᠪᠣᠯᠵᠤ᠂ ᠥᠪᠡᠷᠲᠡᠭᠡᠨ ᠵᠠᠰᠠᠬᠤ ᠣᠷᠣᠨ ᠪᠠ ᠪᠥᠬᠦ ᠤᠯᠤᠰ ᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠡᠶᠢᠲᠡ ᠪᠠᠷ ᠡᠳ᠋ᠯᠡᠬᠦ ᠳᠤ ᠶᠡᠬᠡᠬᠡᠨ ᠬᠤᠪᠢ ᠨᠡᠮᠡᠷᠢ ᠦᠵᠡᠬᠦᠯᠬᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号