ᠯᠢ ᠴᠢᠶᠠᠩ ᠪᠡᠭᠡᠵᠢᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠣᠢ ᠪᠣᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/3/14
   ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ  ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 13 ᠤ ᠡᠳᠦᠷ ᠪᠡᠭᠡᠵᠢᠩ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠬᠤᠷᠠᠯ ᠳᠤ ᠲᠣᠳᠣᠷᠬᠠᠶᠢᠯᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠬᠠᠨᠳᠤᠰᠢ ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠳᠤᠮᠳᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠦᠷᠭᠡᠨ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠡᠩ ᠲᠡᠷᠢᠭᠦᠨ ᠳᠤ ᠪᠡᠭᠡᠵᠢᠩ ᠬᠤᠲᠠ ᠶᠢᠨ ᠳᠡᠭᠡᠳᠦ ᠳᠡᠰ ᠤᠨ ᠠᠦ᠋ᠲ᠋ᠣ᠋ ᠵᠢᠯᠣᠭᠤᠳᠬᠤ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠡᠵᠡᠩᠨᠡᠯᠲᠡ ᠶᠢᠨ ᠲᠥᠪ ᠲᠤ ᠬᠦᠷᠴᠦ᠂ ᠡᠭᠦᠯᠡᠨ ᠡᠵᠡᠮᠳᠡᠯ ᠤᠨ ᠰᠠᠭᠤᠷᠢ ᠲᠠᠪᠴᠠᠩ ᠤᠨ ᠰᠢᠰᠲ᠋ᠧᠮ᠂ ᠲᠡᠷᠭᠡ ᠵᠠᠮ ᠤᠨ ᠬᠠᠮᠵᠢᠯᠴᠠᠭᠰᠠᠨ ᠡᠯᠡᠰᠦᠨ ᠴᠠᠷᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠯᠢ ᠴᠢᠶᠠᠩ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠪᠠᠷᠢᠮᠵᠢᠶ᠎ᠠ ᠲᠣᠭᠲᠠᠭᠠᠬᠤ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠦ᠋ᠲ᠋ᠣ᠋ ᠵᠢᠯᠣᠭᠤᠳᠬᠤ ᠮᠡᠷᠭᠡᠵᠢᠯ ᠢᠶᠠᠷ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠪᠠ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ ᠯᠢ ᠴᠢᠶᠠᠩ ᠳᠠᠷᠠᠭ᠎ᠠ ᠨᠢ ᠪᠠᠢ ᠳ᠋ᠦ᠋ ᠺᠣᠮᠫᠠᠨᠢ ᠶᠢᠨ ᠢ ᠵᠤᠸᠠᠩ ᠠᠵᠢᠯᠯᠠᠬᠤ ᠲᠣᠭᠤᠷᠢᠭ ᠲᠤ ᠬᠦᠷᠴᠦ᠂ ᠲᠣᠮᠣ ᠵᠠᠭᠪᠤᠷ ᠤᠨ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠪᠠ ᠤᠯᠤᠰ ᠳᠠᠭᠠᠨ ᠦᠢᠯᠡᠳᠪᠦᠷᠢᠯᠡᠬᠦ ᠵᠣᠬᠢᠶᠠᠮᠠᠯ ᠣᠶᠤᠨᠴᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠯᠢ ᠴᠢᠶᠠᠩ᠂ ᠮᠠᠨ ᠤ ᠤᠯᠤᠰ ᠤᠨ ᠬᠡᠷᠡᠭᠯᠡᠭᠡᠨ ᠤ ᠲᠠᠯᠠᠪᠠᠢ ᠡᠯᠪᠡᠭ ᠪᠠᠶᠠᠯᠢᠭ ᠪᠠᠶᠢᠬᠤ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠣᠯᠠᠨ ᠬᠡᠷᠡᠭᠯᠡᠭᠡᠨ ᠤ ᠦᠵᠡᠭᠳᠡᠯ ᠢ ᠨᠡᠭᠡᠭᠡᠵᠦ᠂ ᠳᠦᠷᠢᠮ ᠤᠨ ᠬᠠᠩᠭᠠᠯᠭ᠎ᠠ ᠶᠢ ᠨᠡᠮᠡᠭᠳᠡᠭᠦᠯᠵᠦ᠂ ᠵᠣᠬᠢᠶᠠᠮᠠᠯ ᠣᠶᠤᠨᠴᠢ ᠠᠵᠤ ᠦᠢᠯᠡᠰ ᠤᠨ ᠬᠥᠭᠵᠢᠯᠲᠡ ᠳᠤ ᠨᠡᠩ ᠠᠭᠤᠵᠢᠭᠤ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ ᠪᠧᠢ ᠹᠠᠩ ᠬᠤᠸᠠ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠺᠣᠮᠫᠠᠨᠢ ᠶᠢᠨ ᠬᠤᠷᠠᠮᠠᠯ ᠴᠠᠬᠢᠯᠭᠠᠨ ᠬᠡᠯᠬᠢᠶ᠎ᠡ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠭᠰᠡᠨ ᠵᠢᠴᠢ ᠠᠵᠤ ᠦᠢᠯᠡᠰᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠂ ᠦᠢᠯᠡᠳᠪᠦᠷᠢ ᠶᠢᠨ ᠲᠠᠰᠤᠭ᠂ ᠲᠤᠷᠰᠢᠯᠲᠠ ᠶᠢᠨ ᠲᠠᠰᠤᠭ ᠲᠤ ᠣᠷᠣᠵᠤ ᠲᠡᠷᠢᠭᠦᠨ ᠤ ᠭᠠᠷ ᠤᠷᠠᠯᠠᠯ ᠤᠨ ᠦᠵᠡᠭᠦᠯᠦᠯᠭᠡ ᠶᠢ ᠪᠠᠶᠢᠴᠠᠭᠠᠨ ᠦᠵᠡᠪᠡ᠃ ᠯᠢ ᠴᠢᠶᠠᠩ ᠠᠵᠤ ᠠᠬᠤᠶᠢᠯᠠᠯ ᠤᠨ ᠣᠯᠤᠭᠰᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠲᠡᠳᠡᠨ ᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠲᠡᠷᠢᠭᠦᠨ ᠤ ᠮᠠᠰᠢᠨ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢ ᠨᠡᠩ ᠰᠠᠶᠢᠲᠤᠷ ᠬᠥᠲᠥᠯᠥᠨ ᠳᠠᠭᠠᠭᠤᠯᠵᠤ ᠬᠠᠮᠵᠢᠯᠴᠠᠨ ᠰᠢᠨ᠎ᠡ ᠶᠢ ᠡᠭᠦᠳᠬᠦ ᠶᠢ ᠵᠣᠷᠢᠭᠵᠢᠭᠤᠯᠪᠠ᠃ ᠪᠡᠭᠡᠵᠢᠩ ᠤᠨ ᡁᠢ ᠶᠤᠸᠠᠨ ᠵᠣᠬᠢᠶᠠᠮᠠᠯ ᠣᠶᠤᠨᠴᠢ ᠰᠤᠳᠤᠯᠭᠠᠨ ᠤ ᠬᠦᠷᠢᠶᠡᠯᠡᠩ ᠳᠤ᠂ ᠯᠢ ᠴᠢᠶᠠᠩ ᠲᠣᠮᠣ ᠵᠠᠭᠪᠤᠷ ᠤᠨ ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠳᠠᠯ ᠢ ᠨᠠᠷᠢᠨ ᠣᠶᠢᠯᠠᠭᠠᠵᠤ᠂ ᠵᠣᠬᠢᠶᠠᠮᠠᠯ ᠣᠶᠤᠨᠴᠢ ᠦᠢᠯᠡᠳᠬᠦᠨ ᠤ ᠦᠵᠡᠭᠦᠯᠦᠯᠭᠡ ᠶᠢ ᠪᠠᠶᠢᠴᠠᠭᠠᠨ ᠦᠵᠡᠪᠡ᠃ ᠯᠢ ᠴᠢᠶᠠᠩ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠳᠡᠯᠡᠬᠡᠢ ᠶᠢᠨ ᠲᠡᠷᠢᠭᠦᠨ ᠤ ᠲᠦᠪᠰᠢᠨ ᠳᠤ ᠴᠢᠭᠯᠡᠭᠦᠯᠦᠨ᠂ ᠳᠠᠪᠠᠭᠤᠯᠢᠭ ᠡᠬᠢ ᠪᠠᠶᠠᠯᠢᠭ ᠢᠶᠠᠨ ᠲᠥᠪᠯᠡᠷᠡᠭᠦᠯᠵᠦ᠂ ᠪᠣᠭᠤᠮᠲᠠ ᠰᠢᠪᠲᠤᠯᠬᠤ ᠬᠠᠮᠵᠢᠯᠴᠠᠭ᠎ᠠ ᠪᠠᠨ ᠴᠢᠩᠭᠠᠳᠬᠠᠵᠤ᠂ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠢ᠃         ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠴᠢᠶᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠪᠡᠭᠡᠵᠢᠩ ᠬᠤᠲᠠ ᠶᠢᠨ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠪᠠ᠃ ᠯᠢ ᠴᠢᠶᠠᠩ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠠᠵᠤ ᠦᠢᠯᠡᠰ ᠤᠨ ᠰᠢᠨ᠎ᠡ ᠶᠢ ᠡᠭᠦᠳᠴᠦ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯᠯᠠᠭᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠯᠢ ᠴᠢᠶᠠᠩ ᠵᠢᠭᠠᠵᠤ ᠭᠠᠷᠭᠠᠭᠰᠠᠨ ᠨᠢ᠂ ᠵᠣᠬᠢᠶᠠᠮᠠᠯ ᠣᠶᠤᠨ ᠴᠢᠳᠠᠪᠤᠷᠢ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠬᠥᠳᠡᠯᠭᠡᠭᠦᠷ ᠮᠥᠨ᠃ ᠪᠣᠳᠣᠬᠤ ᠬᠦᠴᠦᠨ᠂ ᠲᠤᠭ᠎ᠠ ᠪᠠᠷᠢᠮᠲᠠ᠂ ᠪᠣᠳᠣᠬᠤ ᠠᠷᠭ᠎ᠠ ᠵᠡᠷᠭᠡ ᠵᠠᠩᠭᠢᠯᠠᠭ᠎ᠠ ᠶᠢᠨ ᠪᠣᠭᠤᠮᠲᠠ ᠰᠢᠪᠲᠤᠯᠬᠤ ᠰᠢᠪᠲᠤᠯᠤᠯᠲᠠ ᠶᠢ ᠠᠳᠬᠤᠵᠤ᠂ ᠣᠯᠠᠨ ᠠᠷᠭ᠎ᠠ ᠵᠠᠮ ᠢᠶᠠᠷ ᠬᠤᠰᠢᠭᠤᠷᠠᠬᠤ ᠮᠡᠷᠭᠡᠵᠢᠯ ᠢ ᠪᠠᠶᠢᠷᠢᠰᠢᠭᠤᠯᠵᠤ᠂ ᠮᠤᠷᠤᠢ ᠵᠠᠮ ᠢᠶᠠᠷ ᠲᠡᠷᠭᠡ ᠳᠠᠪᠠᠭ᠋ᠤ᠂ ᠵᠠᠮ ᠰᠣᠯᠢᠵᠤ ᠲᠡᠷᠭᠡ ᠳᠠᠪᠠᠭ᠋ᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠵᠣᠬᠢᠶᠠᠮᠠᠯ ᠣᠶᠤᠨ ᠴᠢᠳᠠᠪᠤᠷᠢ︾ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠡᠶᠢᠳᠡᠮ ᠬᠡᠷᠡᠭᠯᠡᠬᠦ ᠲᠣᠮᠣ ᠵᠠᠭᠪᠤᠷ ᠪᠠ ᠡᠭᠴᠡ ᠲᠣᠮᠣ ᠵᠠᠭᠪᠤᠷ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠡᠩ ᠣᠯᠠᠨ ᠠᠵᠢᠯ ᠲᠥᠷᠥᠯ ᠤᠨ ᠬᠦᠷᠢᠶᠡᠨ ᠳᠠᠬᠢ ᠨᠡᠭᠡᠭᠡᠯᠲᠡ ᠬᠢᠵᠦ ᠬᠡᠷᠡᠭᠯᠡᠬᠦ ᠠᠬᠤᠢ ᠪᠠᠶᠢᠳᠠᠯ ᠢ ᠬᠥᠲᠥᠯᠥᠨ ᠵᠢᠯᠣᠭᠤᠳᠴᠤ᠂ ᠲᠥᠷᠥᠯ ᠬᠤᠪᠢᠶᠠᠨ ᠵᠢᠯᠣᠭᠤᠳᠬᠤ ᠪᠠ ᠨᠡᠶᠢᠲᠡᠯᠢᠭ ᠵᠢᠱᠢᠶ᠎ᠡ ᠦᠵᠡᠭᠦᠯᠬᠦ ᠶᠢ ᠴᠢᠩᠭᠠᠳᠬᠠᠨ᠂ ᠵᠣᠬᠢᠶᠠᠮᠠᠯ ᠣᠶᠤᠨ ᠴᠢᠳᠠᠪᠤᠷᠢ ᠪᠠᠷ ᠠᠵᠢᠯ ᠦᠢᠯᠡᠰ ᠪᠦᠬᠦᠨ ᠢ ᠨᠡᠩ ᠰᠠᠶᠢᠲᠤᠷ ᠣᠯᠭᠤᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠢᠳᠡᠪᠬᠢᠲᠡᠢ ᠬᠡᠷᠡᠭᠵᠢᠭᠦᠯᠵᠦ᠂ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠬᠦ ᠭᠦᠢᠴᠡᠳ ᠣᠷᠣᠨ ᠵᠠᠢ ᠪᠠ ᠴᠢᠬᠤᠯᠠ ᠪᠦᠬᠦᠢ ᠪᠤᠷᠤᠭᠤ ᠣᠷᠣᠨ ᠵᠠᠢ ᠣᠯᠭᠤᠬᠤ ᠬᠡᠷᠡᠭᠲᠡᠢ᠃ ᠯᠢ ᠴᠢᠶᠠᠩ ᠪᠡᠭᠡᠵᠢᠩ ᠬᠤᠲᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠬᠦ ᠶᠢ ᠬᠦᠰᠡᠪᠡ᠃    ᠶᠢᠨ ᠯᠢ᠂ ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号