ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/14

— ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ

ᠬᠤᠶᠠᠳᠤᠭᠠᠷ ᠬᠤᠷᠠᠯ ᠳᠡᠭᠡᠷ᠎ᠡ

︵2024 ᠣᠨ ᠤ 3 ᠰᠠᠷ᠎ᠠ ᠶᠢᠨ 4 ᠤ ᠡᠳᠦᠷ︶

ᠸᠠᠩ ᠬᠤ᠋ ᠨᠢᠩ

ᠭᠡᠰᠢᠭᠦᠳ ᠠ᠋᠄

ᠪᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ

ᠶᠠᠷᠢᠯᠴᠠᠬᠤ ᠪᠣᠯᠪᠠ ᠤᠤ᠃

ᠨᠢᠭᠡ᠂ 2023 ᠣᠨ ᠤ ᠭᠤᠣᠯ ᠠᠵᠢᠯ

2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠰᠢ ᠶᠢᠨ ᠫᠢᠩ ᠨᠥᠬᠦᠷ ᠢᠶᠠᠷ

ᠭᠤᠣᠯᠯᠠᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ

ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ

ᠤᠷᠤᠭᠰᠢᠯᠠᠵᠤ᠂ ᠳᠣᠲᠣᠭᠠᠳᠤ ᠭᠠᠳᠠᠭᠠᠳᠤ ᠶᠢᠨ ᠬᠦᠴᠢᠷᠳᠡᠯ ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ

ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ

ᠬᠢᠵᠠᠭᠠᠷᠯᠠᠬᠤ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ

ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ

ᠪᠣᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠨ ᠪᠠᠲᠤᠵᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ

ᠬᠦᠴᠦᠲᠡᠢ ᠪᠥᠭᠡᠳ ᠪᠦᠲᠦᠮᠵᠢᠲᠠᠢ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ

ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠨ᠂

ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ

ᠠᠯᠬᠤᠮ ᠢ ᠠᠯᠬᠤᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠪᠠ ᠡᠷᠴᠢ ᠵᠣᠷᠢᠭ ᠢ

ᠲᠦᠢᠯ ᠤᠨ ᠶᠡᠭᠡ ᠪᠠᠷ ᠨᠡᠮᠡᠭᠳᠡᠭᠦᠯᠪᠡ᠃

ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ

ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶ᠎ᠠ ᠵᠢᠴᠢ ᠲᠡᠭᠦᠨ ᠤ

ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ

ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠶᠢᠳᠪᠦᠷᠢᠯᠡᠭᠴᠢ ᠴᠢᠨᠠᠷᠲᠠᠢ ᠠᠴᠢ

ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ

ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ

ᠰᠡᠳᠦᠪ ᠢ ᠪᠠᠷᠢᠮᠲᠠᠯᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ

ᠪᠠᠷᠢᠮᠲᠠᠯᠠᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ ᠳᠤᠮᠳᠠ ᠤᠯᠤᠰ ᠲᠦᠷᠦ ᠶᠢᠨ ᠵᠥᠪᠯᠡᠯᠭᠡᠨ ᠤ ᠠᠵᠢᠯ ᠢ

ᠤᠬᠠᠭᠠᠯᠠᠨ ᠲᠥᠯᠥᠪᠯᠡᠵᠦ ᠠᠬᠢᠭᠤᠯᠬᠤ ᠶᠢ ᠪᠠᠷᠢᠮᠲᠠᠯᠠᠨ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠪᠦᠯᠬᠦᠮᠳᠡᠵᠦ

ᠡᠷᠡᠯᠬᠡᠭᠯᠡᠨ ᠲᠡᠮᠡᠴᠡᠵᠦ᠂ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠠᠯᠪᠢᠭᠰᠠᠨ

ᠰᠠᠶᠢᠨ ᠰᠠᠭᠤᠷᠢᠨ ᠳᠡᠭᠡᠷ᠎ᠡ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ ᠪᠠ ᠤᠯᠤᠰ ᠤᠨ ᠠᠵᠢᠯ

ᠦᠢᠯᠡᠰ ᠤᠨ ᠬᠥᠭᠵᠢᠯᠲᠡ ᠳᠤ ᠦᠢᠯᠡᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠪᠡ᠃

ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠤᠷᠤᠭᠰᠢᠲᠠᠢ ᠡᠬᠢᠯᠡᠭᠦᠯᠬᠦ ᠶᠢ ᠠᠬᠢᠭᠤᠯᠬᠤ ᠶᠢᠨ ᠲᠤᠯᠠᠳᠠ᠂ ᠪᠢᠳᠡ

ᠭᠤᠣᠯᠳᠠᠭᠤ ᠳᠣᠣᠷᠠᠬᠢ ᠳᠥᠷᠪᠡᠨ ᠲᠠᠯ᠎ᠠ ᠪᠠᠷ ᠬᠦᠴᠦ ᠲᠠᠯᠪᠢᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠪᠡ᠃

ᠨᠢᠭᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ

ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦ ᠶᠢᠨ

ᠵᠥᠪ ᠴᠢᠭᠯᠡᠯ ᠢ ᠪᠠᠲᠤ ᠡᠵᠡᠮᠳᠡᠪᠡ᠃ ᠪᠢᠳᠡ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ

ᠬᠠᠮᠲᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠮᠥᠨ ᠭᠡᠳᠡᠭ ᠢ ᠭᠦᠨᠵᠡᠭᠡᠢ ᠲᠠᠨᠢᠵᠤ᠂

ᠤᠬᠠᠮᠰᠠᠷ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ

ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠪᠦᠬᠦ ᠠᠵᠢᠯ ᠤᠨ ᠳᠤᠮᠳᠠ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ

ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠬᠤ ᠪᠠ ᠲᠡᠭᠦᠨ ᠳᠤ ᠮᠡᠳᠡᠭᠦᠯᠬᠦ ᠬᠡᠷᠡᠭ

ᠶᠠᠪᠤᠳᠠᠯ ᠤᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠵᠢᠭᠠᠪᠤᠷᠢ ᠠᠪᠬᠤ

ᠪᠠ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠪᠡ᠃ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠲᠣᠭᠲᠠᠭᠠᠵᠤ᠂

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ᠂

ᠲᠡᠷᠢᠭᠦᠯᠡᠭᠴᠢᠳ ᠤᠨ ᠬᠤᠷᠠᠯᠳᠤᠭᠠᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ

ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ 19 ᠤᠳᠠᠭ᠎ᠠ᠂ 182 ᠬᠤᠪᠢ ᠤᠯᠠᠮᠵᠢᠯᠠᠨ ᠰᠤᠷᠤᠯᠴᠠᠵᠤ

ᠲᠤᠭᠤᠰᠢᠯᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠦᠷᠢᠮ᠂ ᠠᠵᠢᠯ ᠤᠨ ᠡᠬᠡ ᠳᠠᠩᠰᠠ᠂ ᠰᠢᠪᠠᠳᠠᠨ ᠪᠠᠶᠢᠴᠠᠭᠠᠬᠤ ᠲᠣᠭᠲᠠᠴᠠ ᠶᠢ

ᠪᠦᠷᠢᠨᠰᠢᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ

ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠴᠢᠬᠤᠯᠠ

ᠵᠢᠭᠠᠪᠤᠷᠢ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠥᠪ ᠬᠤᠷᠢᠶᠠᠨ ᠤ ᠴᠢᠬᠤᠯᠠ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠭᠢᠵᠦ

ᠬᠠᠷᠠᠬᠤ︾ ᠠᠵᠢᠯᠯᠠᠭ᠎ᠠ ᠶᠢ ᠥᠷᠨᠢᠭᠦᠯᠪᠡ᠃ ᠪᠦᠬᠦ ᠤᠯᠤᠰ ᠤᠨ ᠠᠮᠢ ᠠᠬᠤᠢ ᠶᠢᠨ ᠣᠷᠴᠢᠨ ᠨᠥᠬᠦᠴᠡᠯ ᠤᠨ

ᠬᠠᠮᠠᠭᠠᠯᠠᠯᠲᠠ ᠶᠢᠨ ᠶᠡᠭᠡ ᠬᠤᠷᠠᠯ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯᠳᠤᠭᠠᠨ᠂ ᠲᠥᠪ ᠤᠨ ᠠᠵᠤ

ᠠᠬᠤᠢ ᠶᠢᠨ ᠠᠵᠢᠯ ᠤᠨ ᠬᠤᠷᠠᠯᠳᠤᠭᠠᠨ᠂ ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠬᠤᠷᠠᠯᠳᠤᠭᠠᠨ ᠵᠡᠷᠭᠡ ᠴᠢᠬᠤᠯᠠ

ᠬᠤᠷᠠᠯ ᠤᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ

ᠪᠠᠶᠢᠷᠢᠯᠠᠭᠤᠯᠤᠯᠲᠠ ᠶᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠵᠢᠴᠢ ᠤᠯᠤᠰ

ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠡᠯ᠎ᠡ ᠲᠤᠰᠬᠠᠢ ᠵᠥᠪᠯᠡᠯ 64 ᠬᠤᠪᠢ ᠠᠵᠢᠯ ᠤᠨ ᠲᠥᠰᠥᠯ ᠢ ᠲᠣᠭᠲᠠᠭᠠᠵᠤ

ᠬᠡᠷᠡᠭᠵᠢᠭᠦᠯᠦᠨ ᠨᠠᠶᠢᠳᠠᠪᠤᠷᠢᠵᠢᠭᠤᠯᠪᠠ᠃

ᠬᠤᠶᠠᠷ ᠲᠤ ᠤᠯᠤᠰ ᠲᠦᠷᠦ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠡ᠃ ᠪᠢᠳᠡ ᠦᠵᠡᠯ ᠰᠠᠨᠠᠭ᠎ᠠ ᠤᠯᠤᠰ ᠲᠦᠷᠦ ᠶᠢᠨ

ᠪᠠᠶᠢᠭᠤᠯᠤᠯᠲᠠ ᠶᠢ ᠴᠢᠩᠭᠠᠳᠬᠠᠬᠤ ᠪᠠᠷ ᠦᠨᠳᠦᠰᠦ ᠪᠣᠯᠭᠠᠨ᠂ ᠭᠤᠣᠯ ᠠᠵᠢᠯ ᠲᠠᠢ ᠤᠶᠠᠯᠳᠤᠭᠤᠯᠬᠤ᠂ ᠶᠡᠭᠡ ᠲᠠᠯ᠎ᠠ ᠳᠤ

ᠦᠢᠯᠡᠴᠢᠯᠡᠬᠦ ᠴᠢᠳᠠᠪᠤᠷᠢ ᠪᠠᠨ ᠴᠢᠩᠭᠠᠳᠬᠠᠬᠤ ᠪᠠᠷ ᠵᠠᠩᠭᠢᠯᠠᠭ᠎ᠠ ᠪᠣᠯᠭᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠲᠥᠪᠯᠡᠷᠡᠭᠦᠯᠦᠨ ᠰᠤᠷᠤᠯᠴᠠᠭᠤᠯᠵᠤ ᠪᠣᠯᠪᠠᠰᠤᠷᠠᠭᠤᠯᠬᠤ

ᠲᠥᠯᠦᠪᠵᠢᠭᠦᠯᠭᠡ ᠪᠠ ᠪᠣᠯᠪᠠᠰᠤᠷᠠᠭᠤᠯᠬᠤ ᠠᠵᠢᠯ ᠤᠨ ᠠᠷᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠪᠠᠶᠢᠭᠤᠯᠭ᠎ᠠ ᠶᠢᠨ ᠺᠠᠳ᠋ᠷᠴᠤᠳ ᠢ ᠬᠥᠮᠥᠵᠢᠭᠦᠯᠦᠨ ᠪᠣᠯᠪᠠᠰᠤᠷᠠᠭᠤᠯᠬᠤ ᠲᠥᠯᠦᠪᠵᠢᠭᠦᠯᠭᠡ ᠪᠠ ᠪᠣᠯᠪᠠᠰᠤᠷᠠᠭᠤᠯᠬᠤ ᠠᠵᠢᠯ ᠤᠨ

ᠠᠷᠭ᠎ᠠ ᠵᠡᠷᠭᠡ ᠶᠢ ᠲᠣᠭᠲᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠵᠡᠷᠭᠡ ᠲᠠᠢ ᠤᠶᠠᠯᠳᠤᠭᠤᠯᠤᠨ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠭᠡᠰᠢᠭᠦᠳ ᠤᠨ ᠰᠤᠷᠤᠯᠴᠠᠬᠤ ᠪᠠ ᠰᠤᠳᠤᠯᠤᠨ

ᠶᠠᠷᠢᠯᠴᠠᠬᠤ ᠠᠩᠭᠢ᠂ ᠲᠤᠰᠬᠠᠢ ᠵᠥᠪᠯᠡᠯ ᠤᠨ ᠡᠷᠬᠢᠯᠡᠭᠴᠢᠳ ᠤᠨ ᠬᠤᠷᠠᠯᠳᠤᠭᠠᠨ ᠵᠢᠴᠢ ᠰᠤᠷᠤᠯᠴᠠᠬᠤ ᠪᠠ ᠰᠤᠳᠤᠯᠤᠨ

ᠶᠠᠷᠢᠯᠴᠠᠬᠤ ᠠᠩᠭᠢ᠂ ᠭᠡᠰᠢᠭᠦᠳ ᠤᠨ ᠲᠤᠰᠬᠠᠢ ᠰᠡᠳᠦᠪᠲᠦ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠭᠢ᠂ ᠡᠯ᠎ᠡ

ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠺᠠᠳ᠋ᠷᠴᠤᠳ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ

ᠵᠡᠷᠭᠡ ᠶᠢ ᠡᠷᠬᠢᠯᠡᠵᠦ᠂ ᠰᠤᠷᠤᠯᠴᠠᠯᠭ᠎ᠠ ᠪᠣᠯᠪᠠᠰᠤᠷᠠᠭᠤᠯᠤᠯ ᠳᠤ 8740 ᠬᠥᠮᠥᠨ ᠤᠳᠠᠭ᠎ᠠ ᠣᠷᠣᠯᠴᠠᠨ᠂ ᠪᠥᠬᠦ ᠤᠯᠤᠰ ᠤᠨ

ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠭᠦᠨ ᠣᠷᠤᠯᠴᠠᠭᠰᠠᠨ ᠪᠥᠭᠡᠳ

ᠲᠦᠷᠦᠭᠦᠯᠡᠨ ᠬᠢᠴᠢᠶᠡᠯᠯᠡᠵᠦ᠂ ᠥᠷᠭᠡᠨ ᠣᠯᠠᠨ ᠭᠡᠰᠢᠭᠦᠳ ᠪᠠ ᠪᠠᠶᠢᠭᠤᠯᠭ᠎ᠠ ᠶᠢᠨ ᠺᠠᠳ᠋ᠷᠴᠤᠳ ᠤᠨ ᠨᠠᠮ ᠤᠨ ᠰᠢᠨ᠎ᠡ

ᠡᠭᠦᠳᠦᠯᠲᠡ ᠶᠢᠨ ᠣᠨᠣᠯ ᠢᠶᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠯᠳᠡ ᠶᠢ ᠪᠣᠰᠬᠠᠬᠤ᠂ ᠦᠨᠳᠦᠰᠦ

ᠰᠠᠭᠤᠷᠢ ᠪᠠᠨ ᠪᠠᠲᠤᠳᠬᠠᠨ ᠪᠠᠬᠢᠵᠢᠭᠦᠯᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ

ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ

ᠣᠷᠣᠨ ᠤ ᠲᠥᠯᠥᠭᠡ ᠲᠤᠰᠢᠶᠠᠯ ᠢᠶᠠᠨ ᠨᠡᠩ ᠰᠠᠶᠢᠨ ᠭᠦᠢᠴᠡᠳᠬᠡᠵᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠪᠠᠨ

ᠨᠡᠩ ᠰᠠᠶᠢᠨ ᠪᠡᠶᠡᠯᠡᠭᠦᠯᠬᠦ ᠶᠢ ᠬᠥᠲᠥᠯᠥᠨ ᠵᠢᠯᠣᠭᠤᠳᠪᠠ᠃

ᠭᠤᠷᠪᠠ ᠳᠤ ᠠᠵᠢᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ

ᠳᠦᠷᠢᠮ ᠤᠨ ᠰᠠᠭᠤᠷᠢ ᠶᠢ ᠪᠠᠬᠢᠵᠢᠭᠦᠯᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ

ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠵᠢᠯᠲᠠ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ

ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠪᠣᠯᠪᠠᠰᠤᠷᠠᠭᠤᠯᠤᠯ᠂ ᠪᠠᠶᠢᠴᠠᠭᠠᠨ

ᠰᠤᠳᠤᠯᠤᠯᠲᠠ ᠬᠢᠵᠦ ᠪᠠᠶᠢᠴᠠᠭᠠᠨ ᠦᠵᠡᠬᠦ᠂ ᠵᠥᠪᠯᠡᠯᠭᠡ ᠬᠢᠵᠦ ᠲᠦᠷᠤ ᠶᠢᠨ ᠬᠡᠷᠡᠭ ᠢ ᠵᠥᠪᠯᠡᠬᠦ᠂ ᠰᠡᠳᠬᠢᠯ ᠤᠨ ᠦᠭᠡ ᠪᠠᠨ

ᠶᠠᠷᠢᠯᠴᠠᠨ ᠰᠣᠯᠢᠯᠴᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠡᠰᠢᠭᠦᠳ ᠨᠣᠮ ᠤᠩᠰᠢᠬᠤ᠂ ᠪᠠᠶᠢᠭᠤᠯᠭ᠎ᠠ ᠶᠢᠨ

ᠪᠠᠶᠢᠭᠤᠯᠤᠯᠲᠠ ᠵᠡᠷᠭᠡ ᠠᠵᠢᠯ ᠲᠠᠢ ᠤᠶᠠᠯᠳᠤᠭᠤᠯᠤᠨ᠂ 87 ᠵᠦᠢᠯ ᠤᠨ ᠳᠦᠷᠢᠮ ᠢ ᠲᠣᠭᠲᠠᠭᠠᠭᠰᠠᠨ ᠪᠠ ᠵᠠᠰᠠᠨ

ᠲᠣᠭᠲᠠᠭᠠᠪᠠ᠃ ᠳᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠳᠠᠪᠬᠤᠷᠭ᠎ᠠ ᠶᠢᠨ 57 ᠵᠦᠢᠯ᠂ ᠪᠠᠶᠢᠭᠤᠯᠭ᠎ᠠ ᠶᠢᠨ ᠳᠠᠪᠬᠤᠷᠭ᠎ᠠ ᠶᠢᠨ 171 ᠵᠦᠢᠯ ᠤᠨ ᠳᠦᠷᠢᠮ ᠢ ᠡᠮᠬᠢᠯᠡᠨ ᠨᠠᠶᠢᠷᠠᠭᠤᠯᠵᠤ᠂

ᠭᠤᠣᠯᠳᠠᠯᠭ᠎ᠠ ᠲᠠᠢ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠢ ᠰᠢᠪᠠᠳᠠᠨ ᠪᠠᠶᠢᠴᠠᠭᠠᠯᠲᠠ ᠶᠢ

ᠥᠷᠨᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠰᠡᠷᠭᠦᠴᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠪᠦᠬᠦ

ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠢᠵᠢ ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢ

ᠰᠠᠶᠢᠲᠤᠷ ᠠᠳᠬᠤᠵᠤ᠂ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠨ ᠦᠷ᠎ᠡ ᠪᠥᠳᠥᠮᠵᠢ ᠶᠢ ᠠᠰᠠᠭᠤᠬᠤ᠂

ᠲᠣᠭᠲᠠᠭᠠᠯ ᠪᠠ ᠳᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠪᠡ᠃

ᠳᠥᠷᠪᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠵᠤ ᠲᠥᠷᠥ ᠶᠢᠨ ᠬᠡᠷᠡᠭ ᠢ

ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠪᠡ᠃ ᠪᠢᠳᠡ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠠᠶᠢᠷᠢ

ᠲᠣᠭᠲᠠᠭᠠᠯᠲᠠ ᠪᠠ ᠣᠨᠴᠠᠯᠢᠭ ᠢ ᠡᠵᠡᠮᠰᠢᠵᠦ᠂ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠬᠦ ᠠᠵᠢᠯ ᠢ ᠪᠦᠬᠦ

ᠶᠠᠪᠤᠴᠠ ᠳᠤ ᠵᠢᠷᠤᠮᠵᠢᠭᠤᠯᠤᠨ ᠰᠢᠯᠢᠳᠡᠭᠵᠢᠭᠦᠯᠵᠦ᠂ ︽ᠭᠦᠨᠵᠡᠭᠡᠢ᠂ ᠪᠣᠳᠠᠲᠠᠢ᠂ ᠨᠠᠷᠢᠯᠢᠭ᠂ ᠣᠨᠣᠪᠴᠢᠲᠠᠢ᠂ ᠪᠦᠲᠦᠮᠵᠢᠲᠡᠢ︾

ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠪᠡ᠃ ᠪᠠᠶᠢᠴᠠᠭᠠᠨ ᠰᠤᠳᠤᠯᠤᠯᠲᠠ ᠶᠢ ᠵᠥᠪᠯᠡᠬᠦ ᠠᠴᠠ ᠡᠮᠦᠨ᠎ᠡ ᠬᠢᠬᠦ ᠶᠢ

ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠶᠢᠴᠠᠭᠠᠨ ᠰᠤᠳᠤᠯᠤᠯᠲᠠ ᠬᠢᠬᠦ ᠶᠢ

ᠶᠡᠭᠡ ᠪᠠᠷ ᠪᠠᠳᠠᠷᠠᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠴᠢᠩᠭᠠᠳᠬᠠᠨ

ᠰᠠᠶᠢᠵᠢᠷᠠᠭᠤᠯᠬᠤ ᠰᠠᠨᠠᠯ ᠢ ᠲᠣᠭᠲᠠᠭᠠᠵᠤ᠂ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠭᠦᠨ ᠢᠶᠠᠷ

ᠲᠦᠷᠦᠭᠦᠯᠡᠭᠦᠯᠦᠭᠰᠡᠨ᠂ ᠲᠤᠰᠬᠠᠢ ᠵᠥᠪᠯᠡᠯ ᠠᠯᠤᠰᠯᠠᠭᠰᠠᠨ ᠲᠤᠰᠬᠠᠢ ᠰᠡᠳᠦᠪᠲᠦ ᠰᠤᠳᠤᠯᠭᠠᠨ ᠬᠢᠬᠦ ᠳᠦᠷᠢᠮ ᠢ

ᠰᠦᠪᠡᠭᠴᠢᠯᠡᠨ ᠪᠠᠶᠢᠭᠤᠯᠵᠤ᠂ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠬᠦ ᠳᠤᠮᠳᠠᠬᠢ ᠵᠠᠷᠢᠮ ᠭᠦᠨ ᠳᠠᠪᠬᠤᠷᠭ᠎ᠠ ᠶᠢᠨ

ᠠᠰᠠᠭᠤᠳᠠᠯ ᠳᠤ ᠴᠢᠭᠯᠡᠭᠦᠯᠦᠨ ᠬᠦᠴᠦᠨ ᠢᠶᠠᠨ ᠵᠣᠬᠢᠶᠠᠨ ᠪᠠᠶᠢᠭᠤᠯᠵᠤ ᠮᠥᠷᠳᠡᠨ ᠰᠤᠳᠤᠯᠵᠤ᠂ ︽ᠪᠠᠶᠢᠴᠠᠭᠠᠨ ᠰᠤᠳᠤᠯᠤᠯᠲᠠ

ᠬᠢᠬᠦ — ᠵᠥᠪᠳᠡᠯᠴᠡᠬᠦ — ᠳᠠᠬᠢᠨᠲᠠ ᠪᠠᠶᠢᠴᠠᠭᠠᠨ ᠰᠤᠳᠤᠯᠤᠯᠲᠠ ᠬᠢᠬᠦ︾ ᠪᠠᠷ ᠳᠠᠮᠵᠢᠭᠤᠯᠤᠨ ᠠᠰᠠᠭᠤᠳᠠᠯ ᠢ ᠭᠦᠨᠵᠡᠭᠡᠢ

ᠰᠤᠳᠤᠯᠤᠨ ᠭᠦᠢᠴᠡᠳ ᠵᠥᠪᠯᠡᠪᠡ᠃ ᠴᠢᠬᠤᠯᠠ ᠵᠥᠪᠯᠡᠬᠦ ᠬᠤᠷᠠᠯ ᠢ ᠪᠡᠯᠡᠳᠬᠡᠬᠦ ᠵᠣᠬᠢᠶᠠᠨ ᠪᠠᠶᠢᠭᠤᠯᠬᠤ ᠠᠵᠢᠯ ᠢ

ᠰᠠᠶᠢᠵᠢᠷᠠᠭᠤᠯᠵᠤ᠂ ᠬᠤᠷᠠᠯ ᠳᠤ ᠣᠷᠣᠯᠴᠠᠬᠤ ᠭᠡᠰᠢᠭᠦᠳ ᠤᠨ ᠲᠤᠰᠬᠠᠢ ᠮᠡᠷᠭᠡᠵᠢᠯ ᠤᠨ ᠴᠢᠨᠠᠷ ᠪᠠ ᠲᠥᠯᠥᠭᠡᠯᠡᠬᠦ ᠴᠢᠨᠠᠷ ᠢ

ᠴᠢᠩᠭᠠᠳᠬᠠᠵᠤ᠂ ᠨᠥᠬᠦᠴᠡᠯ ᠪᠦᠷᠢᠳᠦᠭᠦᠯᠵᠦ ᠪᠠᠶᠢᠭᠠᠳ ᠭᠡᠰᠢᠭᠦᠳ ᠤᠨ ᠪᠠᠶᠢᠳᠠᠯ ᠢ ᠡᠵᠡᠮᠰᠢᠬᠦ᠂ ᠲᠥᠷᠥ ᠶᠢᠨ ᠪᠣᠳᠣᠯᠭ᠎ᠠ ᠶᠢ

ᠣᠶᠢᠯᠠᠭᠠᠬᠤ ᠳᠤ ᠬᠠᠪᠰᠤᠷᠴᠤ᠂ ᠭᠦᠨᠵᠡᠭᠡᠢ ᠵᠥᠪᠳᠡᠯᠴᠡᠨ ᠦᠢᠯᠡᠳᠦᠯᠴᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ

ᠨᠢᠭᠲᠠᠷᠠᠭᠤᠯᠬᠤ ᠶᠢ ᠠᠬᠢᠭᠤᠯᠪᠠ᠃ 1755 ᠰᠠᠨᠠᠭᠤᠯᠭ᠎ᠠ ᠶᠢᠨ ᠵᠥᠪᠯᠡᠬᠦ ᠰᠡᠳᠦᠪ ᠠᠴᠠ ᠵᠥᠪᠯᠡᠯᠭᠡ ᠬᠢᠵᠦ ᠲᠦᠷᠦ ᠶᠢᠨ

ᠬᠡᠷᠡᠭ ᠢ ᠵᠥᠪᠯᠡᠬᠦ 21 ᠭᠤᠣᠯᠳᠠᠯᠭ᠎ᠠ ᠲᠠᠢ ᠰᠡᠳᠦᠪ ᠢ ᠰᠢᠯᠢᠨ ᠰᠣᠩᠭᠤᠵᠤ᠂ ᠭᠤᠣᠯ ᠡᠭᠦᠷᠭᠡ ᠪᠠ ᠤᠯᠠᠨ ᠲᠦᠮᠡᠨ ᠤ

ᠬᠦᠰᠡᠯ ᠡᠷᠡᠮᠡᠯᠵᠡᠯ ᠲᠠᠢ ᠤᠶᠠᠯᠳᠤᠭᠤᠯᠤᠨ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠵᠦ᠂ ᠰᠠᠨᠠᠯ ᠪᠣᠳᠣᠯᠭ᠎ᠠ

ᠳᠡᠪᠰᠢᠭᠦᠯᠦᠨ ᠵᠠᠰᠠᠭ ᠲᠤ ᠲᠤᠰᠠᠯᠠᠪᠠ᠃

ᠨᠢᠭᠡ ᠵᠢᠯ ᠤᠨ ᠲᠤᠷᠰᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠡᠯ᠎ᠡ ᠵᠦᠢᠯ ᠤᠨ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃

︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂

ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠪᠡ᠃ ᠪᠢᠳᠡ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠤᠯᠤᠰ ᠲᠥᠷᠥ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠤᠭᠤᠳᠬᠤ ᠶᠡᠷᠦᠩᠬᠡᠢ ᠬᠥᠲᠥᠯᠪᠦᠷᠢ ᠪᠣᠯᠭᠠᠵᠤ᠂

ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠡᠯ᠎ᠡ ᠨᠠᠮ

ᠪᠦᠯᠦᠭ ᠪᠦᠯᠬᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠦᠵᠡᠯ ᠰᠠᠨᠠᠭᠠᠨ ᠤ ᠲᠠᠯ᠎ᠠ ᠪᠠᠷ

ᠬᠠᠮᠲᠤ ᠪᠠᠷ ᠳᠠᠪᠰᠢᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠮ ᠢᠶᠠᠨ ᠨᠢᠭᠡᠳᠬᠡᠬᠦ ᠶᠢ ᠠᠬᠢᠭᠤᠯᠪᠠ᠃ ᠤᠯᠤᠰ

ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠪᠠ ᠪᠠᠶᠢᠭᠤᠯᠭ᠎ᠠ ᠶᠢᠨ ᠨᠠᠮ ᠤᠨ ᠤᠳᠤᠷᠢᠳᠬᠤ

ᠳᠤᠭᠤᠶᠢᠯᠠᠩ᠂ ᠡᠯ᠎ᠡ ᠲᠤᠰᠬᠠᠢ ᠵᠥᠪᠯᠡᠯ ᠤᠨ ᠨᠠᠮ ᠤᠨ ᠬᠤᠪᠢᠶᠠᠷᠢ ᠤᠳᠤᠷᠢᠳᠬᠤ ᠳᠤᠭᠤᠶᠢᠯᠠᠩ ᠵᠡᠷᠭᠡ ᠶᠢᠨ ᠭᠤᠣᠯ

ᠰᠡᠳᠦᠪᠲᠦ ᠬᠥᠮᠦᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ

ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠪᠠᠷ ᠰᠦᠭ ᠰᠦᠯᠳᠡ ᠶᠢ ᠱᠤᠭᠤᠬᠤ᠂ ᠰᠤᠷᠤᠯᠴᠠᠬᠤ ᠪᠠᠷ ᠪᠢᠯᠢᠭ

ᠤᠶᠤᠨ ᠢ ᠨᠡᠮᠡᠭᠳᠡᠭᠦᠯᠬᠦ᠂ ᠰᠤᠷᠤᠯᠴᠠᠬᠤ ᠪᠠᠷ ᠬᠡᠪ ᠰᠤᠷᠲᠠᠯ ᠢ ᠲᠥᠪ ᠪᠤᠯᠭᠠᠬᠤ᠂ ᠰᠤᠷᠤᠯᠴᠠᠬᠤ ᠪᠠᠷ ᠡᠷᠴᠢ ᠵᠣᠷᠢᠭ ᠢ

ᠬᠥᠪᠴᠢᠯᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠪᠠ᠃ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ︾᠂ ︽

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ

ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ

ᠬᠤᠷᠠᠯ ᠤᠨ ᠢᠯᠡᠳᠬᠡᠯ ᠵᠡᠷᠭᠡ ᠶᠢ ᠰᠤᠷᠤᠯᠴᠠᠨ ᠣᠶᠢᠯᠠᠭᠠᠬᠤ ᠯᠤᠭ᠎ᠠ ᠤᠶᠠᠯᠳᠤᠭᠤᠯᠤᠨ᠂ ᠪᠦᠬᠦ ᠤᠯᠤᠰ ᠤᠨ ᠤᠯᠤᠰ

ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 5

ᠤᠳᠠᠭᠠᠨ ᠤ ᠬᠠᠮᠲᠤ ᠶᠢᠨ ᠰᠤᠷᠤᠯᠴᠠᠯᠭ᠎ᠠ᠂ 2 ᠬᠤᠭᠤᠴᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ᠂

ᠲᠡᠷᠢᠭᠦᠯᠡᠭᠴᠢᠳ ᠤᠨ ᠬᠤᠷᠠᠯᠳᠤᠭᠠᠨ ᠤ 4 ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠪᠠᠶᠢᠩᠭᠤ ᠶᠢᠨ ᠬᠤᠷᠢᠶᠠᠨ ᠤ 3

ᠤᠳᠠᠭᠠᠨ ᠤ ᠰᠤᠷᠤᠯᠴᠠᠯᠭ᠎ᠠ ᠶᠢᠨ ᠲᠠᠶᠢᠯᠤᠮᠵᠢ ᠶᠢ ᠡᠷᠬᠢᠯᠡᠪᠡ᠃ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ

ᠴᠢᠬᠤᠯᠠ ᠥᠭᠦᠯᠡᠯᠲᠡ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ

ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠵᠦ ᠲᠣᠳᠣᠷᠬᠠᠶᠢᠯᠠᠨ ᠲᠠᠶᠢᠯᠪᠤᠷᠢᠯᠠᠬᠤ ᠶᠢ ᠵᠥᠪᠯᠡᠯᠭᠡ ᠬᠢᠵᠦ

ᠲᠦᠷᠦ ᠶᠢᠨ ᠬᠡᠷᠡᠭ ᠢ ᠵᠥᠪᠯᠡᠬᠦ ᠠᠵᠢᠯᠯᠠᠭ᠎ᠠ ᠶᠢᠨ ᠳᠤᠮᠳᠠ ᠲᠤᠭᠤᠰᠢᠯᠠᠭᠤᠯᠬᠤ ᠶᠢ ᠪᠠᠷᠢᠮᠲᠠᠯᠠᠵᠤ᠂ ᠰᠠᠨᠠᠯ ᠪᠣᠳᠣᠯᠭ᠎ᠠ

ᠳᠡᠪᠰᠢᠭᠦᠯᠦᠨ ᠵᠠᠰᠠᠭ ᠲᠤ ᠲᠤᠰᠠᠯᠠᠬᠤ ᠶᠢᠨ ᠬᠠᠨᠳᠤᠯᠭᠠᠲᠤ ᠴᠢᠨᠠᠷ ᠪᠠ ᠦᠵᠡᠯ ᠰᠠᠨᠠᠭᠠᠨ ᠤ ᠬᠥᠲᠥᠯᠥᠨ ᠳᠠᠭᠠᠭᠤᠯᠭ᠎ᠠ ᠶᠢᠨ

ᠪᠦᠲᠦᠮᠵᠢᠲᠦ ᠴᠢᠨᠠᠷ ᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ

ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠶᠠᠷᠢᠯᠴᠠᠬᠤ ᠳᠤᠭᠤᠶᠢᠯᠠᠩ ᠨᠡᠶᠢᠲᠡ 35 ᠤᠳᠠᠭ᠎ᠠ ᠶᠢᠨ

ᠰᠤᠷᠤᠯᠴᠠᠨ ᠶᠠᠷᠢᠯᠴᠠᠬᠤ ᠬᠤᠷᠠᠯ ᠡᠷᠬᠢᠯᠡᠵᠦ᠂ ᠭᠡᠰᠢᠭᠦᠳ 619 ᠬᠥᠮᠥᠨ ᠤᠳᠠᠭ᠎ᠠ ᠣᠷᠣᠯᠴᠠᠵᠤ᠂ 34 ᠡᠲᠡᠭᠡᠳ ᠤᠨ

ᠢᠯᠭᠠᠯ ᠤᠨ ᠬᠢᠨ ᠢ ᠬᠠᠮᠤᠷᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠨᠣᠮ ᠤᠩᠰᠢᠬᠤ

ᠠᠵᠢᠯᠯᠠᠭ᠎ᠠ ᠶᠢᠨ ᠠᠵᠢᠯ ᠤᠨ ᠠᠷᠭ᠎ᠠ ᠶᠢ ᠲᠣᠭᠲᠠᠭᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠵᠡᠷᠭᠡ 12

ᠭᠤᠣᠯ ᠰᠡᠳᠦᠪᠲᠦ ᠨᠣᠮ ᠤᠩᠰᠢᠬᠤ ᠬᠤᠯᠪᠤᠭ᠎ᠠ ᠶᠢ ᠪᠠᠶᠢᠭᠤᠯᠪᠠ᠃ ᠤᠨᠤᠯ ᠤᠨ ᠰᠤᠳᠤᠯᠭᠠᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠰᠠᠨᠠᠯ ᠢ ᠨᠡᠶᠢᠲᠡᠯᠡᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠢ

ᠤᠶᠠᠯᠳᠤᠭᠤᠯᠤᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠤᠨ ᠲᠣᠭᠤᠷᠢᠨ ᠳᠤ ᠰᠤᠳᠤᠯᠭᠠᠨ ᠥᠷᠨᠢᠭᠦᠯᠬᠦ

᠂ ᠰᠤᠳᠤᠯᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠬᠥᠲᠥᠯᠥᠨ ᠵᠢᠯᠣᠭᠤᠳᠪᠠ᠃ ᠳᠤᠮᠳᠠᠳᠤ ᠤᠯᠤᠰ ᠤᠨ ᠠᠷᠠᠳ ᠤᠨ

ᠤᠯᠤᠰ ᠲᠦᠷᠦ ᠶᠢᠨ ᠵᠥᠪᠯᠡᠯᠭᠡᠨ ᠤ ᠤᠨᠤᠯ ᠤᠨ ᠰᠤᠳᠤᠯᠭᠠᠨ ᠤ ᠬᠤᠷᠠᠯ ᠤᠨ ︽ᠪᠦᠬᠦ ᠶᠠᠪᠤᠴᠠ ᠶᠢᠨ ᠠᠷᠠᠳ ᠤᠨ

ᠠᠷᠠᠳᠴᠢᠯᠠᠯ ᠢ ᠬᠥᠭᠵᠢᠭᠦᠯᠬᠦ ᠳᠤᠮᠳᠠᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠴᠢᠬᠤᠯᠠ ᠦᠢᠯᠡᠳᠦᠯ ᠢ

ᠪᠠᠳᠠᠷᠠᠭᠤᠯᠬᠤ︾ ᠤᠨᠤᠯ ᠤᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ ᠶᠢ ᠲᠡᠮᠵᠢᠪᠡ᠃ ᠪᠦᠬᠦ ᠤᠯᠤᠰ ᠤᠨ ᠤᠯᠤᠰ

ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠰᠣᠨᠢᠨ ᠰᠡᠳᠬᠦᠯ ᠳᠤ ᠤᠨᠤᠯ ᠤᠨ ᠰᠤᠷᠤᠯᠴᠠᠯᠭ᠎ᠠ ᠶᠢᠨ ᠲᠤᠰᠬᠠᠢ ᠪᠤᠯᠤᠩ

ᠭᠠᠷᠭᠠᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ

ᠪᠦᠷᠢᠯᠳᠦᠭᠦᠨ᠂ ᠡᠯ᠎ᠡ ᠲᠤᠰᠬᠠᠢ ᠵᠥᠪᠯᠡᠯ ᠤᠨ ᠨᠠᠮ ᠤᠨ ᠬᠤᠪᠢᠶᠠᠷᠢ ᠤᠳᠤᠷᠢᠳᠬᠤ ᠳᠤᠭᠤᠶᠢᠯᠠᠩ ᠤᠨ ᠱᠦᠵᠢ᠂ ᠣᠷᠣᠨ

ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ᠂ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ ᠤᠨ ᠤᠨᠤᠯ ᠤᠨ ᠰᠤᠷᠤᠯᠴᠠᠯᠭ᠎ᠠ ᠶᠢᠨ 516 ᠵᠣᠬᠢᠶᠠᠯ ᠢ ᠨᠡᠶᠢᠲᠡᠯᠡᠪᠡ᠃ ᠰᠤᠷᠤᠯᠴᠠᠵᠦ

ᠰᠤᠳᠤᠯᠬᠤ ᠪᠠᠷ ᠳᠠᠮᠵᠢᠨ᠂ ᠥᠷᠭᠡᠨ ᠤᠯᠠᠨ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠦᠨᠡᠨ ᠶᠣᠰᠣᠨ ᠤ

ᠬᠦᠴᠦᠨ ᠪᠠ ᠦᠢᠯᠡᠳᠦᠯᠭᠡ ᠶᠢᠨ ᠠᠤᠭ᠎ᠠ ᠬᠦᠴᠦᠨ ᠢ ᠨᠡᠩ ᠭᠦᠨᠵᠡᠭᠡᠢ ᠣᠶᠢᠯᠠᠭᠠᠪᠠ᠃ ᠰᠤᠷᠤᠯᠴᠠᠬᠤ ᠶᠢᠨ ᠳᠠᠭᠠᠤ

ᠪᠠᠶᠢᠴᠠᠭᠠᠬᠤ ᠰᠠᠶᠢᠵᠢᠷᠠᠭᠤᠯᠬᠤ ᠪᠠᠶᠢᠭᠤᠯᠬᠤ ᠶᠢ ᠪᠠᠷᠢᠮᠲᠠᠯᠠᠵᠤ᠂ ᠥᠩᠭᠡᠷᠡᠭᠰᠡᠨ ᠬᠤᠭᠤᠴᠠᠭᠠᠨ ᠤ ᠪᠦᠬᠦ ᠤᠯᠤᠰ ᠤᠨ ᠤᠯᠤᠰ

ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠡᠯ᠎ᠡ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠤᠯᠤᠰ

ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷ᠂ ᠡᠯ᠎ᠡ ᠮᠤᠵᠢ ᠶᠢᠨ

ᠱᠠᠲᠤᠨ ᠤ ᠪᠠ ᠳᠡᠳ᠋ ᠮᠤᠵᠢ ᠶᠢᠨ ᠱᠠᠲᠤᠨ ᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠪᠠ ᠰᠠᠨᠠᠭᠤᠯᠭ᠎ᠠ ᠶᠢ

ᠥᠷᠭᠡᠨ ᠢᠶᠠᠷ ᠬᠤᠷᠢᠶᠠᠵᠤ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ

ᠳᠤᠭᠤᠶᠢᠯᠠᠩ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ

ᠪᠠᠶᠢᠴᠠᠭᠠᠨ ᠳᠡᠯᠭᠡᠭᠰᠡᠨ ᠠᠰᠠᠭᠤᠳᠠᠯ ᠲᠠᠢ ᠤᠶᠠᠯᠳᠤᠭᠤᠯᠤᠨ᠂ 69 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ

ᠬᠡᠮᠵᠢᠶ᠎ᠡ ᠶᠢ ᠲᠣᠳᠣᠷᠬᠠᠶᠢᠯᠠᠵᠤ᠂ ᠲᠥᠯᠥᠪᠯᠡᠭᠡ ᠶᠣᠰᠣᠭᠠᠷ ᠪᠦᠬᠦᠨ ᠢ ᠨᠠᠶᠢᠳᠠᠪᠤᠷᠢᠵᠢᠭᠤᠯᠪᠠ᠃

︵ᠬᠤᠶᠠᠷ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ

ᠪᠠᠶᠢᠷᠢᠯᠠᠭᠤᠯᠤᠯᠲᠠ ᠶᠢᠨ ᠲᠣᠭᠤᠷᠢᠨ ᠳᠤ ᠵᠥᠪᠯᠡᠯᠭᠡ ᠬᠢᠵᠦ ᠲᠦᠷᠤ ᠶᠢᠨ ᠬᠡᠷᠡᠭ ᠢ ᠵᠥᠪᠯᠡᠵᠦ᠂ ᠨᠠᠮ ᠪᠠ ᠤᠯᠤᠰ ᠤᠨ ᠭᠤᠣᠯ

ᠡᠭᠦᠷᠭᠡ ᠳᠤ ᠦᠢᠯᠡᠴᠢᠯᠡᠪᠡ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠰᠢᠶᠡᠷᠡᠭᠰᠡᠨ

ᠣᠨ ᠤ ᠵᠥᠪᠯᠡᠬᠦ ᠲᠥᠯᠥᠪᠯᠡᠭᠡ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰᠬᠠᠢ ᠰᠡᠳᠦᠪᠲᠦ

ᠲᠥᠷᠥ ᠶᠢᠨ ᠬᠡᠷᠡᠭ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ᠂ ᠲᠤᠰᠬᠠᠢ ᠰᠡᠳᠦᠪᠲᠦ ᠵᠥᠪᠯᠡᠬᠦ ᠬᠤᠷᠠᠯ᠂

ᠬᠤᠣᠰ ᠭᠠᠷᠠᠭ ᠤᠨ ᠵᠥᠪᠯᠡᠨ ᠶᠠᠷᠢᠯᠴᠠᠬᠤ ᠬᠤᠷᠠᠯ᠂ ᠠᠯᠤᠰ ᠡᠵᠡᠮᠰᠢᠯᠲᠦ ᠵᠥᠪᠯᠡᠬᠦ ᠬᠤᠷᠠᠯ᠂ ᠰᠠᠨᠠᠯ ᠳᠤᠷᠠᠳᠤᠯᠭ᠎ᠠ ᠶᠢ

ᠰᠶᠢᠳᠪᠦᠷᠢᠯᠡᠬᠦ ᠵᠥᠪᠯᠡᠬᠦ ᠬᠤᠷᠠᠯ᠂ ᠡᠲᠡᠭᠡᠳ ᠤᠨ ᠢᠯᠭᠠᠯ ᠤᠨ ᠵᠥᠪᠯᠡᠬᠦ ᠬᠤᠷᠠᠯ᠂ ᠠᠵᠢᠯ ᠲᠥᠷᠥᠯ ᠤᠨ ᠰᠢᠰᠲ᠋ᠧᠮ ᠢᠶᠠᠷ

ᠵᠥᠪᠯᠡᠬᠦ ᠬᠤᠷᠠᠯ᠂ ᠲᠤᠰᠬᠠᠢ ᠮᠡᠷᠭᠡᠵᠢᠯᠲᠡᠨ ᠤ ᠵᠥᠪᠯᠡᠬᠦ ᠬᠤᠷᠠᠯ᠂ ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ

ᠠᠰᠠᠭᠤᠳᠠᠯ ᠤᠨ ᠪᠠᠶᠢᠳᠠᠯ ᠢ ᠮᠡᠳᠡᠭᠳᠡᠬᠦ ᠬᠤᠷᠠᠯ ᠵᠡᠷᠭᠡ ᠡᠯ᠎ᠡ ᠲᠦᠷᠦᠯ ᠤᠨ ᠵᠥᠪᠯᠡᠬᠦ ᠠᠵᠢᠯᠯᠠᠭ᠎ᠠ ᠶᠢ 94 ᠲᠠᠯᠠᠪᠤᠷ ᠤᠳᠠᠭ᠎ᠠ

ᠡᠷᠬᠢᠯᠡᠵᠦ᠂ ᠨᠡᠶᠢᠳᠡ 5087 ᠬᠥᠮᠥᠨ ᠤᠳᠠᠭ᠎ᠠ ᠣᠷᠣᠯᠴᠠᠵᠤ᠂ 1602 ᠬᠥᠮᠥᠨ ᠤᠳᠠᠭ᠎ᠠ ᠶᠠᠷᠢᠶ᠎ᠠ ᠲᠠᠯᠪᠢᠪᠠ᠃ ︽

ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ

ᠠᠬᠢᠭᠤᠯᠬᠤ︾ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠶᠢ

ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠯᠡᠨ ᠬᠡᠷᠡᠭᠵᠢᠭᠦᠯᠬᠦ︾ ᠲᠤᠰᠬᠠᠢ

ᠰᠡᠳᠦᠪᠲᠦ ᠲᠦᠷᠦ ᠶᠢᠨ ᠬᠡᠷᠡᠭ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂

ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ

ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠵᠠᠩᠭᠢᠯᠠᠭ᠎ᠠ ᠶᠢᠨ

ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠶᠢᠳᠪᠦᠷᠢᠯᠡᠬᠦ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ

ᠪᠦᠷᠢᠨᠰᠢᠭᠦᠯᠬᠦ᠂ ᠠᠷᠠᠳ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠶᠢᠨ ᠲᠣᠭᠤᠷᠢᠨ ᠳᠤ

ᠰᠢᠷᠢᠰ ᠪᠠᠶᠢᠴᠠᠭᠠᠨ ᠰᠤᠳᠤᠯᠤᠯᠲᠠ ᠬᠢᠵᠦ ᠵᠥᠪᠯᠡᠯᠭᠡ ᠥᠷᠨᠢᠭᠦᠯᠵᠦ᠂ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ ᠢᠶᠠᠷ

ᠴᠢᠩᠭ᠎ᠠ ᠰᠠᠨᠠᠯ ᠪᠠ ᠰᠠᠨᠠᠭᠤᠯᠭ᠎ᠠ ᠳᠤᠷᠠᠳᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ

ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠢᠷᠢᠰ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ

ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠰᠢᠷᠣᠢ ᠶᠢᠨ

ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠭᠤᠷᠢᠨ ᠳᠤ

ᠲᠤᠰᠬᠠᠢ ᠰᠡᠳᠦᠪ ᠢᠶᠠᠷ ᠵᠥᠪᠯᠡᠵᠦ᠂ ᠬᠤᠷᠸ᠎ᠠ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠬᠦ 4 ᠤᠳᠠᠭᠠᠨ ᠤ

ᠶᠠᠷᠢᠯᠴᠠᠬᠤ ᠬᠤᠷᠠᠯ ᠢ ᠡᠷᠬᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠵᠤ ᠠᠬᠤᠢ ᠶᠢᠨ ᠲᠤᠬᠠᠢ ᠶᠠᠷᠢᠯᠴᠠᠬᠤ

ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ ᠬᠦᠴᠦ ᠨᠡᠮᠡᠷᠢᠯᠡᠪᠡ᠃

︽ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠳᠤᠮᠳᠠᠳᠤ

ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠲᠤᠰᠬᠠᠢ ᠰᠡᠳᠦᠪᠲᠦ ᠲᠦᠷᠦ ᠶᠢᠨ ᠬᠡᠷᠡᠭ ᠢ ᠵᠥᠪᠯᠡᠬᠦ ᠴᠢᠨᠠᠷᠲᠠᠢ

ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠰᠢᠨ᠎ᠡ ᠪᠠᠷ ᠨᠡᠮᠡᠵᠦ ᠪᠠᠶᠢᠭᠤᠯᠤᠭᠰᠠᠨ ᠣᠷᠴᠢᠨ ᠨᠥᠬᠦᠴᠡᠯ ᠡᠬᠢ

ᠪᠠᠶᠠᠯᠢᠭ ᠤᠨ ᠡᠲᠡᠭᠡᠳ ᠤᠨ ᠬᠢᠨ ᠤ ᠦᠢᠯᠡᠳᠦᠯ ᠢ ᠪᠠᠳᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ

ᠰᠶᠢᠳᠪᠦᠷᠢᠯᠡᠬᠦ ᠠᠵᠢᠯ ᠢ ᠭᠦᠨᠵᠡᠭᠡᠢ ᠰᠠᠶᠢᠲᠤᠷ ᠬᠢᠬᠦ᠂ ᠬᠥᠭᠵᠢᠯᠲᠡ ᠶᠢᠨ ᠠᠷᠭ᠎ᠠ ᠮᠠᠶ᠋ᠢᠭ ᠢ ᠨᠣᠭᠤᠭᠠᠨ ᠪᠥᠭᠡᠳ

ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠯᠡᠨ ᠠᠬᠢᠭᠤᠯᠬᠤ᠂ ᠬᠥᠬᠡᠮᠥ᠋ᠷᠡᠨ ᠤ ᠠᠵᠤ

ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ

ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ

ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠴᠥᠯᠵᠢᠯᠲᠡ ᠶᠢ

ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠵᠡᠷᠭᠡ ᠶᠢᠨ ᠲᠤᠬᠠᠢ ᠭᠦᠨᠵᠡᠭᠡᠢ ᠵᠥᠪᠳᠡᠯᠴᠡᠵᠦ᠂ ᠰᠢᠨ᠎ᠡ ᠪᠣᠬᠢᠷᠲᠤᠯ

ᠪᠣᠳᠠᠰ ᠢ ᠵᠠᠰᠠᠬᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠳᠠᠬᠢᠠ ᠡᠭᠦᠰᠬᠦ ᠡᠬᠢ ᠪᠠᠶᠠᠯᠢᠭ ᠢ

ᠡᠭᠡᠭᠦᠯᠦᠨ ᠬᠤᠷᠢᠶᠠᠵᠤ ᠠᠰᠢᠭᠯᠠᠬᠤ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠡᠴᠡ᠂

ᠤᠯᠤᠰ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ

ᠰᠤᠳᠤᠯᠭᠠᠨ ᠥᠷᠨᠢᠭᠦᠯᠪᠡ᠃ ︽ᠳᠤᠮᠳᠠᠳᠤ ᠶᠢᠨ ᠪᠣᠯᠪᠠᠰᠤᠨ ᠤ ᠤᠯᠠᠮᠵᠢᠯᠠᠨ ᠲᠠᠷᠬᠠᠭᠠᠬᠤ ᠬᠦᠴᠦᠨ ᠨᠥᠯᠥᠭᠡᠯᠡᠬᠦ ᠬᠦᠴᠦᠨ ᠢ

ᠨᠡᠮᠡᠭᠳᠡᠭᠦᠯᠬᠦ︾ ᠲᠤᠰᠬᠠᠢ ᠰᠡᠳᠦᠪᠲᠦ ᠵᠥᠪᠯᠡᠬᠦ ᠬᠤᠷᠠᠯ ᠢ ᠬᠤᠷᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠢ ᠬᠠᠮᠠᠭᠠᠯᠠᠬᠤ ᠪᠠ ᠤᠯᠠᠮᠵᠢᠯᠠᠨ ᠪᠠᠳᠠᠷᠠᠭᠤᠯᠬᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠤᠨ

ᠪᠠᠶᠢᠭᠤᠯᠤᠯᠲᠠ᠂ ᠳ᠋ᠢᠵᠢᠲ᠋ᠠᠯ ᠰᠣᠶᠣᠯ ᠤᠨ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ

ᠴᠢᠩᠭᠠᠳᠬᠠᠬᠤ ᠵᠡᠷᠭᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠰᠠᠨᠠᠯ ᠰᠠᠨᠠᠭᠤᠯᠭ᠎ᠠ ᠳᠤᠷᠠᠳᠴᠤ᠂ ᠰᠣᠶᠣᠯ ᠤᠨ

ᠬᠦᠴᠦᠷᠬᠡᠭ ᠤᠯᠤᠰ ᠤᠨ ᠪᠠᠶᠢᠭᠤᠯᠤᠯᠲᠠ ᠳᠤ ᠦᠢᠯᠡᠴᠢᠯᠡᠪᠡ᠃ ᠵᠥᠪᠯᠡᠯᠭᠡ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂

ᠲᠤᠰᠬᠠᠢ ᠰᠡᠳᠦᠪᠲᠦ ᠲᠦᠷᠦ ᠶᠢᠨ ᠬᠡᠷᠡᠭ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠤᠨ ᠶᠠᠷᠢᠶ᠎ᠠ

ᠲᠠᠯᠪᠢᠭᠴᠢ ᠶᠢᠨ ᠲᠤᠭ᠎ᠠ ᠶᠢ ᠨᠡᠮᠡᠭᠳᠡᠭᠦᠯᠵᠦ᠂ ᠬᠤᠣᠰ ᠭᠠᠷᠠᠭ ᠤᠨ ᠵᠥᠪᠳᠡᠯᠴᠡᠨ ᠶᠠᠷᠢᠯᠴᠠᠬᠤ ᠬᠤᠷᠠᠯ ᠳᠤ ᠰᠤᠯᠠ

ᠣᠷᠣᠯᠴᠠᠬᠤ ᠭᠡᠰᠢᠭᠦᠨ ᠢ ᠨᠡᠮᠡᠪᠡ᠃ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠭᠡ

ᠵᠣᠬᠢᠴᠠᠭᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠵᠥᠪᠯᠡᠬᠦ ᠰᠡᠳᠦᠪ ᠤᠨ ᠲᠤᠬᠠᠢ ᠬᠤᠯᠪᠣᠯᠳᠤᠨ ᠬᠥᠳᠡᠯᠦᠯᠴᠡᠵᠦ

ᠵᠥᠪᠳᠡᠯᠴᠡᠬᠦ ᠠᠵᠢᠯ ᠥᠷᠨᠢᠭᠦᠯᠪᠡ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ

ᠲᠤᠬᠠᠢ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠵᠥᠪᠯᠡᠬᠦ ᠮᠠᠶ᠋ᠢᠭ ᠤᠨ ᠬᠢᠨᠠᠯᠲᠠ ᠶᠢᠨ ᠳᠠᠪᠠᠭᠤᠯᠢᠭ ᠢ ᠪᠠᠳᠠᠷᠠᠭᠤᠯᠵᠤ᠂

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠳᠤᠮᠳᠠᠬᠢ 10 ᠭᠤᠣᠯᠳᠠᠯᠭ᠎ᠠ ᠲᠠᠢ

ᠠᠰᠠᠭᠤᠳᠠᠯ ᠯᠤᠭ᠎ᠠ ᠤᠶᠠᠯᠳᠤᠭᠤᠯᠤᠨ ᠲᠤᠰᠬᠠᠢ ᠵᠦᠢᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ

ᠥᠷᠨᠢᠭᠦᠯᠵᠦ᠂ 92 ᠬᠥᠮᠥᠨ ᠤᠳᠠᠭ᠎ᠠ ᠣᠷᠣᠯᠴᠠᠪᠠ᠃ 21 ᠭᠡᠰᠢᠭᠦᠨ ᠢ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ

ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢᠨ ᠲᠤᠰᠢᠶᠠᠯ ᠡᠭᠦᠷᠭᠡᠯᠡᠭᠦᠯᠬᠦ ᠪᠠᠷ᠂ 30 ᠭᠡᠰᠢᠭᠦᠨ ᠢ ᠠᠷᠠᠳ ᠤᠨ ᠳᠡᠭᠡᠳᠦ

ᠰᠢᠭᠦᠬᠦ ᠬᠤᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠲᠤᠰᠢᠶᠠᠯ ᠡᠭᠦᠷᠭᠡᠯᠡᠭᠦᠯᠬᠦ ᠪᠠᠷ᠂ 10 ᠭᠡᠰᠢᠭᠦᠨ ᠢ

ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠰᠤᠷᠲᠠᠯ ᠵᠠᠰᠠᠭ ᠤᠨ ᠰᠤᠷᠲᠠᠯ ᠴᠠᠭᠳᠠᠭᠠᠨ ᠤ ᠰᠤᠷᠲᠠᠯ ᠤᠨ ᠬᠢᠨᠠᠯᠲᠠ

ᠲᠠᠯᠪᠢᠭᠴᠢ ᠶᠢᠨ ᠲᠤᠰᠢᠶᠠᠯ ᠡᠭᠦᠷᠭᠡᠯᠡᠭᠦᠯᠬᠦ ᠪᠠᠷ ᠲᠠᠨᠢᠯᠴᠠᠭᠤᠯᠪᠠ᠃

︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂

ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠪᠠ᠃ ᠪᠢᠳᠡ ᠠᠷᠠᠳ ᠤᠨ ᠲᠥᠯᠥᠭᠡ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠡᠰᠢᠭᠦᠳ ᠤᠨ ᠪᠣᠳᠠᠲᠤ ᠪᠠᠶᠢᠳᠠᠯ ᠳᠤ ᠰᠠᠭᠤᠷᠢᠯᠠᠨ ᠤᠯᠠᠨ

ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠪᠠ᠃ ︽ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ

ᠨᠢᠭᠡᠳᠦᠯᠲᠡᠢ ᠲᠥᠯᠥᠪᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ︾

ᠲᠤᠰᠬᠠᠢ ᠰᠡᠳᠦᠪᠲᠦ ᠵᠥᠪᠯᠡᠬᠦ ᠬᠤᠷᠠᠯ ᠢ ᠬᠤᠷᠠᠯᠳᠤᠭᠤᠯᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ

ᠠᠬᠢᠭᠤᠯᠬᠤ᠂ ᠬᠡᠪᠴᠢᠶᠡᠵᠢᠲᠦ ᠴᠢᠨᠠᠷᠲᠠᠢ ᠳᠠᠬᠢᠨ ᠶᠠᠳᠠᠭᠤᠷᠠᠯ ᠢ ᠦᠯᠦ ᠡᠭᠦᠰᠬᠡᠬᠦ ᠬᠢᠵᠠᠭᠠᠷ ᠱᠤᠭᠤᠮ ᠢ ᠪᠠᠲᠤ ᠰᠠᠬᠢᠬᠤ᠂

ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠤᠳᠤ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ᠂ ᠠᠵᠤ ᠦᠢᠯᠡᠳᠪᠦᠷᠢ ᠶᠢᠨ ᠠᠵᠢᠯᠴᠢᠨ ᠤ ᠰᠢᠨ᠎ᠡ ᠶᠢ

ᠡᠭᠦᠳᠬᠦ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ

ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ

ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠠᠮᠵᠢᠯᠴᠠᠭᠤᠯᠤᠨ ᠬᠥᠭᠵᠢᠭᠦᠯᠬᠦ᠂ ᠬᠤᠲᠠ ᠶᠢᠨ ᠪᠦᠰᠡ ᠶᠢᠨ

ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ

ᠰᠤᠳᠤᠯᠤᠯᠲᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠳᠤᠯᠬᠤ ᠰᠢᠰᠲ᠋ᠧᠮ ᠤᠨ ᠪᠠᠶᠢᠭᠤᠯᠤᠯᠲᠠ᠂

ᠨᠡᠶᠢᠭᠡᠮ ᠤᠨ ᠨᠠᠰᠤᠵᠢᠯᠲᠡ ᠳᠤ ᠲᠣᠬᠢᠷᠠᠭᠤᠯᠬᠤ ᠥᠭᠡᠷᠡᠴᠢᠯᠡᠯᠲᠡ ᠶᠢ ᠲᠦᠷᠭᠡᠳᠬᠡᠬᠦ᠂ ᠦᠷᠡᠵᠢᠯ ᠢ ᠳᠡᠮᠵᠢᠬᠦ ᠲᠦᠷᠦ ᠶᠢᠨ

ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠵᠡᠷᠭᠡ ᠲᠠᠯ᠎ᠠ ᠪᠠᠷ ᠵᠥᠪᠳᠡᠯᠴᠡᠪᠡ᠃ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠨ ︽ᠠᠷᠠᠳ ᠲᠦᠮᠡᠨ ᠳᠤ ᠦᠢᠯᠡᠴᠢᠯᠡᠬᠦ︾ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ︽

ᠭᠡᠰᠢᠭᠦᠳ ᠤᠨ ᠰᠢᠨᠵᠢᠯᠡᠬᠦ ᠤᠬᠠᠭᠠᠨ ᠤ ᠬᠢᠴᠢᠶᠡᠯ ᠤᠨ ᠲᠠᠩᠬᠢᠮ︾ ᠢ ᠡᠭᠦᠳᠦᠨ ᠡᠷᠬᠢᠯᠡᠵᠦ᠂ ︽ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠥᠷᠨᠢᠭᠦᠯᠵᠦ᠂ ᠭᠡᠰᠢᠭᠦᠳ ᠢ ᠵᠣᠬᠢᠶᠠᠨ ᠪᠠᠶᠢᠭᠤᠯᠤᠨ

ᠵᠠᠯᠠᠭᠤᠴᠤᠳ ᠪᠠᠭᠠᠴᠤᠳ᠂ ᠦᠨᠳᠦᠰᠦᠨ ᠱᠠᠲᠤᠨ ᠤ ᠤᠯᠠᠨ ᠲᠦᠮᠡᠨ ᠵᠡᠷᠭᠡ ᠳᠤ ᠬᠠᠨᠳᠤᠭᠤᠯᠤᠨ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠲᠠᠶᠢᠯᠤᠮᠵᠢ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠶᠢ 44 ᠲᠠᠯᠠᠪᠤᠷ ᠤᠳᠠᠭ᠎ᠠ ᠥᠷᠨᠢᠭᠦᠯᠪᠡ᠃ ︽

ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠤ ᠠᠬᠤᠶᠢᠯᠠᠯ ᠰᠤᠷᠭᠠᠭᠤᠯᠢ ᠶᠢᠨ ᠬᠦᠷᠢᠶᠡᠨ ᠳᠤ ᠣᠷᠣᠵᠤ ᠠᠵᠢᠯ

ᠣᠯᠭᠤᠯᠲᠠ ᠶᠢ ᠠᠬᠢᠭᠤᠯᠬᠤ︾ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠰᠣᠶᠣᠯ᠂ ᠰᠢᠨᠵᠢᠯᠡᠬᠦ

ᠤᠬᠠᠭᠠᠨ ᠮᠡᠷᠭᠡᠵᠢᠯ ᠤᠨ ︽ᠦᠨᠳᠦᠰᠦᠨ ᠱᠠᠲᠤᠨ ᠳᠤ ᠪᠠᠭᠤᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠵᠡᠷᠭᠡ

ᠠᠵᠢᠯᠯᠠᠭ᠎ᠠ ᠶᠢ ᠥᠷᠨᠢᠭᠦᠯᠵᠦ᠂ ᠭᠡᠰᠢᠭᠦᠳ ᠢ ᠵᠣᠬᠢᠶᠠᠨ ᠪᠠᠶᠢᠭᠤᠯᠤᠨ ᠵᠣᠭᠤᠰ ᠬᠠᠨᠳᠢᠪᠯᠡᠨ ᠰᠤᠷᠤᠯᠭ᠎ᠠ ᠶᠢ ᠲᠡᠳᠬᠦᠬᠦ᠂

ᠵᠡᠮᠳᠡᠭᠴᠦᠳ ᠢ ᠲᠡᠳᠬᠦᠨ ᠪᠠᠭᠤᠷᠠᠶᠢᠴᠤᠳ ᠲᠤ ᠲᠤᠰᠠᠯᠠᠬᠤ᠂ ᠮᠡᠷᠭᠡᠵᠢᠯ ᠤᠨ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ

ᠲᠤᠰᠠᠯᠠᠮᠵᠢ᠂ ᠲᠥᠰᠥᠯ ᠢᠶᠠᠷ ᠬᠠᠪᠰᠤᠷᠤᠨ ᠲᠡᠳᠬᠦᠬᠦ ᠵᠡᠷᠭᠡ ᠣᠯᠠᠨ ᠲᠦᠮᠡᠨ ᠳᠤ ᠦᠢᠯᠡᠴᠢᠯᠡᠬᠦ 2480 ᠵᠦᠢᠯ ᠤᠨ

ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠭᠡᠰᠢᠭᠦᠨ ᠤ ᠡᠭᠦᠷᠭᠡ ᠡᠭᠦᠷᠭᠡᠯᠡᠨ ᠬᠠᠷᠢᠭᠤᠴᠠᠯᠭ᠎ᠠ ᠭᠦᠢᠴᠡᠳᠬᠡᠬᠦ ᠶᠢ

ᠬᠥᠲᠥᠯᠥᠨ ᠵᠢᠯᠤᠭᠤᠳᠴᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ

ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃

︵ᠳᠥᠷᠪᠡ︶ ᠪᠠᠶᠢᠩᠭᠤ ᠶᠢᠨ ᠴᠢᠨᠠᠷᠲᠠᠢ ᠠᠵᠢᠯ ᠢ ᠪᠣᠳᠠᠲᠠᠢ ᠠᠳᠬᠤᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ

ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠪᠡ᠃ ᠪᠢᠳᠡ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢ ᠨᠢᠭᠡᠳᠦᠯᠲᠡᠢ

ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠪᠦᠯᠬᠦᠮ ᠳᠤᠭᠤᠶᠢᠯᠠᠩ ᠤᠨ ᠬᠥᠮᠥᠨ ᠤ ᠲᠤᠭ᠎ᠠ ᠶᠢ ᠴᠣᠮᠬᠠᠳᠬᠠᠨ᠂

ᠲᠥᠪᠯᠡᠷᠡᠨ ᠪᠥᠭᠡᠮᠨᠡᠷᠡᠯᠳᠦᠵᠦ ᠪᠠᠶᠢᠴᠠᠭᠠᠨ ᠰᠤᠳᠤᠯᠤᠯᠲᠠ ᠬᠢᠬᠦ ᠠᠴᠠ ᠵᠠᠶᠢᠯᠠᠰᠬᠢᠵᠦ᠂ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠭᠦᠨ ᠰᠡᠳᠦᠪ ᠳᠠᠭᠠᠭᠠᠨ ᠠᠪᠴᠤ ᠪᠠᠶᠢᠴᠠᠭᠠᠨ ᠰᠤᠳᠤᠯᠤᠯᠲᠠ ᠬᠢᠬᠦ᠂ ᠲᠡᠷᠢᠭᠦᠯᠡᠭᠴᠢᠳ ᠤᠨ

ᠬᠤᠷᠠᠯᠳᠤᠭᠠᠨ ᠤ ᠪᠦᠷᠢᠯᠳᠦᠭᠦᠨ ᠲᠤᠰᠬᠠᠢ ᠰᠡᠳᠦᠪᠲᠦ ᠰᠤᠳᠤᠯᠭᠠᠨ ᠬᠢᠬᠦ ᠪᠠ ᠲᠤᠰᠬᠠᠢ ᠵᠥᠪᠯᠡᠯ ᠪᠠᠶᠢᠴᠠᠭᠠᠨ ᠰᠤᠳᠤᠯᠵᠤ

ᠪᠠᠶᠢᠴᠠᠭᠠᠨ ᠦᠵᠡᠬᠦ ᠪᠠ ᠰᠢᠨᠵᠢᠯᠡᠨ ᠪᠠᠶᠢᠴᠠᠭᠠᠬᠤ ᠵᠡᠷᠭᠡ 138 ᠵᠦᠢᠯ ᠤᠨ ᠠᠵᠢᠯᠯᠠᠭ᠎ᠠ ᠶᠢ ᠥᠷᠨᠢᠭᠦᠯᠪᠡ᠃ ᠭᠡᠰᠢᠭᠦᠳ

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ 17 ᠪᠠᠶᠢᠴᠠᠭᠠᠨ ᠦᠵᠡᠬᠦ ᠰᠢᠨᠵᠢᠯᠡᠨ ᠪᠠᠶᠢᠴᠠᠭᠠᠬᠤ ᠪᠦᠯᠬᠦᠮ

ᠳᠤᠭᠤᠶᠢᠯᠠᠩ ᠳᠤ 202 ᠬᠥᠮᠥᠨ ᠤᠳᠠᠭ᠎ᠠ ᠣᠷᠣᠯᠴᠠᠵᠤ᠂ 81 ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠳᠤ

600 ᠭᠠᠷᠤᠢ ᠬᠥᠮᠥᠨ ᠤᠳᠠᠭ᠎ᠠ ᠣᠷᠣᠯᠴᠠᠪᠠ᠃ ︽ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ︾ ᠶᠢ

ᠡᠭᠦᠳᠦᠨ ᠪᠠᠶᠢᠭᠤᠯᠪᠠ᠃ ᠰᠠᠨᠠᠯ ᠳᠤᠷᠠᠳᠤᠯᠭ᠎ᠠ ᠶᠢᠨ ᠠᠵᠢᠯ ᠤᠨ ᠳᠦᠷᠢᠮ ᠢ ᠵᠠᠰᠠᠨ ᠲᠣᠭᠲᠠᠭᠠᠵᠤ᠂ ᠳᠤᠷᠠᠳᠬᠤ᠂

ᠳᠠᠩᠰᠠᠯᠠᠬᠤ᠂ ᠭᠦᠢᠴᠡᠳᠬᠡᠬᠦ᠂ ᠰᠢᠪᠠᠳᠠᠬᠤ᠂ ᠦᠨᠡᠯᠡᠬᠦ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ 5621

ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ 4791 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ᠂

ᠰᠶᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 99.9% ᠳᠤ ᠬᠦᠷᠪᠡ᠂ 1982 ᠭᠡᠰᠢᠭᠦᠨ ᠰᠠᠨᠠᠯ ᠳᠤᠷᠠᠳᠤᠯᠭ᠎ᠠ

ᠳᠤᠷᠠᠳᠬᠤ ᠳᠤ ᠣᠷᠣᠯᠴᠠᠵᠦ᠂ 1811 ᠭᠡᠰᠢᠭᠦᠨ ᠨᠢᠭᠡᠳᠦᠭᠡᠷ ᠰᠠᠨᠠᠯ ᠳᠤᠷᠠᠳᠤᠯᠭ᠎ᠠ ᠳᠤᠷᠠᠳᠤᠭᠴᠢ ᠶᠢᠨ ᠬᠤᠪᠢ ᠪᠠᠷ ᠰᠠᠨᠠᠯ

ᠳᠤᠷᠠᠳᠤᠯᠭ᠎ᠠ ᠳᠡᠪᠰᠢᠭᠦᠯᠵᠦ᠂ ︽ᠴᠢᠬᠤᠯᠠ ᠰᠠᠨᠠᠯ ᠳᠤᠷᠠᠳᠤᠯᠭ᠎ᠠ ᠶᠢᠨ ᠲᠣᠪᠴᠢ ᠮᠡᠳᠡᠭᠡ︾ ᠪᠠ ᠲᠤᠰᠬᠠᠢ ᠮᠡᠳᠡᠭᠦᠯᠦᠯᠲᠡ ᠶᠢ

ᠨᠠᠶᠢᠷᠠᠭᠤᠯᠤᠨ ᠲᠠᠷᠬᠠᠭᠠᠪᠠ᠃ 72 ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠯᠢᠨ ᠰᠣᠩᠭᠤᠭᠰᠠᠨ ᠪᠥᠭᠡᠳ ᠰᠢᠪᠠᠳᠠᠨ

ᠰᠶᠢᠳᠪᠦᠷᠢᠯᠡᠭᠦᠯᠵᠦ᠂ 22 ᠨᠡᠷᠡᠰ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠭᠦᠨ 31 ᠭᠤᠣᠯᠳᠠᠯᠭ᠎ᠠ ᠲᠠᠢ ᠰᠠᠨᠠᠯ

ᠳᠤᠷᠠᠳᠤᠯᠭ᠎ᠠ ᠶᠢ ᠲᠦᠷᠦᠭᠦᠯᠡᠨ ᠰᠢᠪᠠᠳᠠᠨ ᠰᠶᠢᠳᠪᠦᠷᠢᠯᠡᠭᠦᠯᠪᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ

ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠠᠨᠠᠯ ᠢ ᠲᠣᠭᠲᠠᠭᠠᠵᠤ᠂ ᠡᠯ᠎ᠡ ᠲᠠᠯ᠎ᠠ ᠶᠢᠨ

ᠮᠡᠳᠡᠭᠡ ᠵᠠᠩᠭᠢ ᠶᠢᠨ ᠡᠬᠡ ᠪᠢᠴᠢᠭ ᠢ 43995 ᠬᠤᠪᠢ ᠣᠯᠵᠤ᠂ 6010 ᠬᠤᠪᠢ ᠶᠢ ᠨᠢ ᠰᠣᠩᠭᠤᠨ ᠬᠡᠷᠡᠭᠯᠡᠪᠡ᠃

ᠡᠭᠦᠨ ᠳᠤ᠂ 1154 ᠨᠡᠷᠡᠰ ᠭᠡᠰᠢᠭᠦᠨ 7421 ᠬᠤᠪᠢ ᠮᠡᠳᠡᠭᠡ ᠵᠠᠩᠭᠢ ᠮᠡᠳᠡᠭᠦᠯᠦᠨ ᠬᠦᠷᠭᠡᠵᠦ᠂ 1715 ᠬᠤᠪᠢ ᠶᠢ ᠨᠢ

ᠰᠣᠩᠭᠤᠨ ᠬᠡᠷᠡᠭᠯᠡᠪᠡ᠂ ᠭᠡᠰᠢᠭᠦᠨ ᠬᠠᠮᠤᠭ ᠤᠨ ᠤᠯᠠᠨ ᠳᠠᠭᠠᠨ 93 ᠬᠤᠪᠢ ᠮᠡᠳᠡᠭᠡ ᠵᠠᠩᠭᠢ ᠮᠡᠳᠡᠭᠦᠯᠦᠨ ᠬᠦᠷᠭᠡᠵᠦ᠂

ᠬᠠᠮᠤᠭ ᠤᠨ ᠤᠯᠠᠨ ᠳᠠᠭᠠᠨ 23 ᠬᠤᠪᠢ ᠶᠢ ᠨᠢ ᠰᠣᠩᠭᠤᠨ ᠬᠡᠷᠡᠭᠯᠡᠪᠡ᠃ ᠡᠯ᠎ᠡ ᠲᠥᠷᠥᠯ ᠤᠨ ᠮᠡᠳᠡᠭᠡ ᠵᠠᠩᠭᠢ ᠶᠢᠨ

ᠰᠡᠳᠬᠦᠯ ᠢ 1063 ᠬᠤᠭᠤᠴᠠᠭ᠎ᠠ ᠨᠠᠶᠢᠷᠠᠭᠤᠯᠤᠨ ᠮᠡᠳᠡᠭᠦᠯᠪᠡ᠂ ᠡᠭᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ

ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ 594

ᠬᠤᠭᠤᠴᠠᠭ᠎ᠠ ᠮᠡᠳᠡᠭᠡ ᠵᠠᠩᠭᠢ ᠮᠡᠳᠡᠭᠦᠯᠦᠨ ᠬᠦᠷᠭᠡᠵᠦ᠂ ᠰᠠᠨᠠᠯ ᠳᠤᠷᠠᠳᠤᠯᠭ᠎ᠠ᠂ ᠶᠡᠭᠡ ᠬᠤᠷᠠᠯ ᠳᠡᠭᠡᠷᠡᠬᠢ ᠶᠠᠷᠢᠶ᠎ᠠ᠂

ᠰᠡᠳᠬᠢᠯ ᠢᠶᠠᠨ ᠶᠠᠷᠢᠯᠴᠠᠵᠤ ᠰᠣᠯᠢᠯᠴᠠᠭᠰᠠᠨ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠭᠰᠡᠨ᠂ ᠵᠥᠪᠯᠡᠯᠭᠡ ᠬᠢᠵᠦ

ᠲᠥᠷᠥ ᠶᠢᠨ ᠬᠡᠷᠡᠭ ᠢ ᠵᠥᠪᠯᠡᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠮᠡᠳᠡᠭᠡ ᠵᠠᠩᠭᠢ ᠶᠢ 233 ᠬᠤᠭᠤᠴᠠᠭ᠎ᠠ

ᠨᠠᠶᠢᠷᠠᠭᠤᠯᠤᠨ ᠮᠡᠳᠡᠭᠦᠯᠵᠦ᠂ ᠡᠯ᠎ᠡ ᠲᠥᠷᠥᠯ ᠤᠨ ᠲᠥᠷᠥ ᠶᠢᠨ ᠬᠡᠷᠡᠭ ᠢ ᠵᠥᠪᠯᠡᠨ ᠰᠠᠨᠠᠯ ᠪᠣᠳᠣᠯᠭ᠎ᠠ ᠳᠡᠪᠰᠢᠭᠦᠯᠦᠭᠰᠡᠨ ᠦᠷ᠎ᠡ

ᠪᠦᠲᠦᠭᠡᠯ ᠤᠨ ᠲᠤᠬᠠᠢ 578 ᠬᠥᠮᠥᠨ ᠤᠳᠠᠭ᠎ᠠ ᠶᠢᠨ ᠴᠣᠬᠤᠯᠠᠪᠤᠷᠢ᠂ 76 ᠬᠤᠪᠢ ᠬᠠᠷᠢᠭᠤ ᠲᠤᠰᠬᠠᠭᠰᠠᠨ

ᠮᠡᠳᠡᠭᠦᠯᠦᠯᠲᠡ ᠶᠢ ᠬᠤᠷᠢᠶᠠᠨ ᠣᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠲᠣᠭᠲᠠᠭᠠᠬᠤ᠂

ᠠᠷᠭ᠎ᠠ ᠬᠡᠮᠵᠢᠶ᠎ᠡ ᠨᠡᠶᠢᠲᠡᠯᠡᠬᠦ ᠳᠤ ᠴᠢᠬᠤᠯᠠ ᠯᠠᠪᠯᠠᠯᠲᠠ ᠬᠠᠩᠭᠠᠪᠠ᠃ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ

ᠰᠣᠨᠢᠨ ᠰᠡᠳᠬᠦᠯ ᠠᠴᠠ ᠴᠢᠬᠤᠯᠠ ᠵᠥᠪᠯᠡᠬᠦ ᠠᠵᠢᠯᠯᠠᠭ᠎ᠠ ᠶᠢᠨ ᠮᠡᠳᠡᠭᠡᠯᠡᠯ ᠢ 680 ᠬᠤᠪᠢ ᠨᠡᠶᠢᠲᠡᠯᠡᠵᠦ᠂ ᠭᠡᠰᠢᠭᠦᠳ ᠤᠨ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠮᠡᠳᠡᠭᠡᠯᠡᠯ ᠢ 2278 ᠬᠤᠪᠢ ᠨᠡᠶᠢᠲᠡᠯᠡᠪᠡ᠂ ︽ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠰᠣᠨᠢᠨ︾ ᠨᠢ ᠲᠤᠰᠬᠠᠢ ᠪᠣᠯᠣᠩ ᠭᠠᠷᠭᠠᠵᠤ ᠡᠯ᠎ᠡ ᠭᠠᠵᠠᠷ ᠤᠨ ᠤᠯᠤᠰ ᠲᠦᠷᠦ ᠶᠢᠨ

ᠵᠥᠪᠯᠡᠯᠭᠡᠨ ᠤ ᠬᠢᠨ ᠤ ᠲᠤᠷᠰᠢᠯᠭ᠎ᠠ ᠪᠠ ᠠᠷᠭ᠎ᠠ ᠶᠢᠨ ᠲᠤᠬᠠᠢ 278 ᠬᠤᠪᠢ ᠰᠢᠷᠢᠰ ᠮᠡᠳᠡᠭᠡᠯᠡᠯ ᠨᠡᠶᠢᠲᠡᠯᠡᠪᠡ᠃ ᠶᠡᠭᠡ

ᠬᠤᠷᠠᠯ ᠳᠡᠭᠡᠷᠡᠬᠢ ᠶᠠᠷᠢᠶ᠎ᠠ ᠶᠢ ᠰᠢᠯᠢᠨ ᠰᠣᠩᠭᠤᠬᠤ ᠪᠠ ᠵᠣᠬᠢᠶᠠᠨ ᠪᠠᠶᠢᠭᠤᠯᠬᠤ ᠠᠵᠢᠯ ᠢ ᠥᠭᠡᠷᠡᠴᠢᠯᠡᠨ ᠰᠠᠶᠢᠵᠢᠷᠠᠭᠤᠯᠵᠤ᠂

ᠶᠠᠷᠢᠶ᠎ᠠ ᠲᠠᠯᠪᠢᠬᠤ ᠲᠥᠯᠥᠭᠡᠯᠡᠬᠦ ᠴᠢᠨᠠᠷ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠂ ᠶᠡᠭᠡ ᠬᠤᠷᠠᠯ ᠳᠡᠭᠡᠷᠡᠬᠢ ᠶᠠᠷᠢᠶ᠎ᠠ ᠶᠢ

901 ᠬᠤᠪᠢ ᠨᠠᠶᠢᠷᠠᠭᠤᠯᠤᠨ ᠲᠠᠷᠬᠠᠭᠠᠵᠤ᠂ 65 ᠭᠡᠰᠢᠭᠦᠨ ᠶᠠᠷᠢᠶ᠎ᠠ ᠲᠠᠯᠪᠢᠪᠠ᠃ ︽ᠠᠷᠠᠳ ᠤᠨ ᠡᠳᠦᠷ ᠤᠨ ᠰᠣᠨᠢᠨ︾

ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠰᠣᠨᠢᠨ ᠰᠡᠳᠬᠦᠯ ᠨᠢ ᠪᠠᠶᠢᠩᠭᠤ ᠶᠢᠨ

ᠬᠤᠷᠢᠶᠠᠨ ᠤ ᠬᠤᠷᠠᠯᠳᠤᠭᠠᠨ᠂ ᠬᠤᠣᠰ ᠭᠠᠷᠠᠭ ᠤᠨ ᠵᠥᠪᠳᠡᠯᠴᠡᠨ ᠶᠠᠷᠢᠯᠴᠠᠬᠤ ᠬᠤᠷᠠᠯ ᠳᠡᠭᠡᠷᠡᠬᠢ ᠭᠡᠰᠢᠭᠦᠳ ᠤᠨ ᠶᠠᠷᠢᠶ᠎ᠠ ᠶᠢ

818 ᠬᠤᠪᠢ ᠤᠳᠠᠭ᠎ᠠ ᠨᠡᠶᠢᠲᠡᠯᠡᠪᠡ᠃ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ

ᠳᠦᠷᠢᠮ ᠲᠣᠭᠲᠡᠴᠡ ᠶᠢ ᠲᠡᠭᠦᠯᠳᠡᠷᠵᠢᠭᠦᠯᠬᠦ ᠰᠠᠨᠠᠯ ᠢ ᠲᠣᠭᠲᠠᠭᠠᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠭᠡᠰᠢᠭᠦᠳ ᠠᠴᠠ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠠᠵᠢᠯᠯᠠᠭ᠎ᠠ ᠶᠢ ᠨᠡᠶᠢᠲᠡ 6806 ᠵᠦᠢᠯ

ᠥᠷᠨᠢᠭᠦᠯᠪᠡ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠰᠣᠶᠣᠯ ᠲᠡᠦᠬᠡ ᠶᠢᠨ ᠮᠠᠲ᠋ᠧᠷᠢᠶᠠᠯ ᠤᠨ ᠰᠡᠳᠦᠪ ᠰᠣᠩᠭᠤᠬᠤ ᠬᠠᠮᠵᠢᠯᠴᠠᠭᠠᠨ ᠤ ᠲᠥᠯᠦᠪᠵᠢᠭᠦᠯᠭᠡ︾ ᠵᠢᠴᠢ ᠡᠯᠰᠡᠵᠦ

ᠨᠠᠶᠢᠷᠠᠭᠤᠯᠬᠤ ᠲᠥᠰᠥᠯ ᠢ ᠲᠣᠭᠲᠠᠭᠠᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ

ᠠᠵᠢᠯ ᠤᠨ ᠶᠠᠷᠢᠯᠴᠠᠬᠤ ᠬᠤᠷᠠᠯ ᠪᠠ ᠪᠠᠶᠢᠭᠤᠯᠭ᠎ᠠ ᠶᠢᠨ ᠺᠠᠳ᠋ᠷ ᠤᠨ 11 ᠲᠠᠯᠠᠪᠤᠷ ᠶᠠᠷᠢᠯᠴᠠᠬᠤ ᠬᠤᠷᠠᠯ ᠢ ᠬᠤᠷᠠᠯᠳᠤᠭᠤᠯᠵᠤ᠂

19 ᠲᠠᠰᠤᠭ ᠪᠠ ᠲᠣᠪᠴᠢᠶᠠᠨ ᠤ 324 ᠨᠡᠷᠡᠰ ᠪᠠᠶᠢᠭᠤᠯᠭ᠎ᠠ ᠶᠢᠨ ᠺᠠᠳ᠋ᠷ ᠲᠠᠢ ᠨᠢᠭᠤᠷᠳᠠᠨ ᠶᠠᠷᠢᠯᠴᠠᠪᠠ᠃ ᠬᠥᠮᠥᠨ ᠬᠡᠷᠡᠭᠯᠡᠬᠦ

ᠵᠥᠪ ᠤᠳᠤᠷᠢᠳᠤᠮᠵᠢ ᠶᠢ ᠪᠠᠷᠢᠮᠲᠠᠯᠠᠵᠤ᠂ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠵᠤ᠂

ᠪᠠᠶᠢᠭᠤᠯᠭ᠎ᠠ ᠶᠢᠨ 808 ᠨᠡᠷᠡᠰ ᠨᠠᠮ ᠤᠨ ᠭᠡᠰᠢᠭᠦᠨ ᠺᠠᠳ᠋ᠷ ᠤᠨ ᠥᠪᠡᠷ ᠢ ᠪᠠᠨ ᠪᠠᠶᠢᠴᠠᠭᠠᠵᠤ ᠥᠪᠡᠷᠲᠡᠭᠡᠨ ᠵᠠᠯᠠᠷᠠᠭᠤᠯᠵᠤ

ᠥᠪᠡᠰᠦᠪᠡᠨ ᠮᠡᠳᠡᠭᠦᠯᠵᠦ ᠥᠪᠡᠰᠦᠪᠡᠨ ᠵᠠᠰᠠᠬᠤ ᠶᠢ ᠵᠣᠬᠢᠶᠠᠨ ᠪᠠᠶᠢᠭᠤᠯᠪᠠ᠃

ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ

ᠪᠠᠶᠢᠭᠤᠯᠤᠮᠵᠢ ᠶᠢ ᠪᠠᠶᠢᠭᠤᠯᠵᠤ᠂ ᠲᠤᠰᠬᠠᠢ ᠲᠣᠭᠤᠷᠢᠨ ᠪᠠᠶᠢᠴᠠᠭᠠᠬᠤ ᠠᠵᠢᠯ ᠤᠨ ᠠᠷᠭ᠎ᠠ ᠵᠢᠴᠢ 5 ᠵᠢᠯ ᠤᠨ

ᠲᠥᠯᠦᠪᠵᠢᠭᠦᠯᠭᠡ ᠶᠢ ᠲᠣᠭᠲᠠᠭᠠᠵᠤ᠂ 10 ᠲᠤᠰᠬᠠᠢ ᠵᠥᠪᠯᠡᠯ ᠤᠨ ᠨᠠᠮ ᠤᠨ ᠬᠤᠪᠢᠶᠠᠷᠢ ᠤᠳᠤᠷᠢᠳᠬᠤ ᠳᠤᠭᠤᠶᠢᠯᠠᠩ ᠳᠤ

ᠪᠦᠬᠦᠨ ᠢ ᠬᠠᠮᠤᠷᠤᠭᠰᠠᠨ ᠲᠣᠭᠤᠷᠢᠨ ᠪᠠᠶᠢᠴᠠᠭᠠᠯᠲᠠ ᠥᠷᠨᠢᠭᠦᠯᠬᠦ ᠶᠢ ᠪᠠᠶᠢᠷᠢᠯᠠᠭᠤᠯᠪᠠ᠃ ᠲᠥᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠦᠬᠦ ᠤᠯᠤᠰ ᠤᠨ ᠤᠯᠤᠰ ᠲᠦᠷᠦ ᠶᠢᠨ

ᠵᠥᠪᠯᠡᠯᠭᠡᠨ ᠤ ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢ

ᠳᠡᠮᠵᠢᠵᠦ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠤᠭᠠᠳ ᠰᠢᠨ᠎ᠡ ᠦᠷ᠎ᠡ ᠪᠦᠲᠦᠮᠵᠢ ᠣᠯᠪᠠ᠃ ᠠᠮᠤᠷ ᠲᠦᠪᠰᠢᠨ ᠤ ᠳᠠᠯᠳᠠ

ᠭᠡᠮ ᠢ ᠰᠠᠮᠨᠠᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠢ 7 ᠡᠭᠡᠯᠵᠢ ᠵᠣᠬᠢᠶᠠᠨ ᠪᠠᠶᠢᠭᠤᠯᠵᠤ᠂ ᠪᠠᠶᠢᠭᠤᠯᠭ᠎ᠠ ᠶᠢᠨ

ᠠᠮᠤᠷ ᠲᠦᠪᠰᠢᠨ ᠠᠵᠢᠯᠯᠠᠭᠠᠨ ᠢ ᠦᠨᠡᠨ ᠬᠦ ᠪᠠᠲᠤᠯᠠᠪᠠ᠃

︵ᠲᠠᠪᠤ︶ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠠᠳᠠᠷᠠᠭᠤᠯᠵᠤ᠂ ᠲᠦᠷᠦ ᠶᠢᠨ ᠨᠠᠮ ᠤᠨ

ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂

ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠪᠠ᠃

ᠪᠢᠳᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ

ᠥᠷᠭᠡᠨ ᠢᠶᠠᠷ ᠨᠢᠭᠲᠠᠷᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠭᠤᠣᠯ ᠵᠠᠩᠭᠢᠯᠠᠭ᠎ᠠ ᠪᠣᠯᠭᠠᠨ᠂

ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠬᠠᠮᠤᠭ ᠤᠨ ᠶᠡᠭᠡ ᠶᠡᠷᠦᠩᠬᠡᠢ

ᠬᠤᠷᠢᠶᠠᠭᠴᠢ ᠲᠤᠭ᠎ᠠ ᠶᠢ ᠡᠷᠢᠯᠬᠢᠯᠡᠬᠦ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠭᠯᠠᠬᠤ ᠪᠠᠷ ᠴᠢᠷᠮᠠᠶᠢᠪᠠ᠃

ᠠᠷᠠᠳ ᠤᠨ ᠤᠯᠤᠰ ᠲᠥᠷᠥ ᠶᠢᠨ ᠵᠥᠪᠯᠡᠯᠭᠡᠨ ᠨᠢ ᠳᠤᠮᠳᠠᠳᠤ ᠤᠯᠤᠰ ᠤᠨ ᠰᠢᠨ᠎ᠡ ᠮᠠᠶ᠋ᠢᠭ ᠤᠨ ᠲᠥᠷᠥ ᠶᠢᠨ ᠨᠠᠮ ᠤᠨ

ᠪᠠᠶᠢᠭᠤᠯᠤᠯ ᠢ ᠬᠡᠷᠡᠭᠵᠢᠭᠦᠯᠬᠦ ᠴᠢᠬᠤᠯᠠ ᠤᠯᠤᠰ ᠲᠥᠷᠥ ᠶᠢᠨ ᠬᠡᠯᠪᠡᠷᠢ ᠪᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠣᠯᠬᠤ

ᠦᠢᠯᠡᠳᠦᠯ ᠢ ᠪᠠᠳᠠᠷᠠᠭᠤᠯᠵᠤ᠂ ᠬᠤᠯᠪᠣᠭᠳᠠᠯ ᠪᠦᠬᠦᠢ ᠲᠤᠰᠬᠠᠢ ᠵᠥᠪᠯᠡᠯ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠤᠨ

ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠲᠠᠢ ᠬᠠᠮᠲᠤᠷᠠᠨ 5

ᠤᠳᠠᠭ᠎ᠠ ᠶᠢᠨ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠬᠢᠵᠦ᠂ 9 ᠤᠳᠠᠭ᠎ᠠ ᠶᠢᠨ ᠵᠥᠪᠯᠡᠬᠦ ᠠᠵᠢᠯᠯᠠᠭ᠎ᠠ ᠶᠢ ᠬᠠᠮᠲᠤᠷᠠᠨ

ᠡᠷᠬᠢᠯᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ

ᠬᠤᠯᠪᠣᠭᠠᠲᠤ ᠬᠤᠷᠠᠯ ᠪᠠ ᠨᠠᠮ ᠪᠦᠯᠦᠭ ᠤᠨ ᠪᠤᠰᠤ ᠬᠥᠮᠥᠰ 563 ᠬᠤᠪᠢ ᠰᠠᠨᠠᠯ ᠳᠤᠷᠠᠳᠤᠯᠭ᠎ᠠ᠂ 144 ᠬᠤᠪᠢ ᠶᠡᠭᠡ

ᠬᠤᠷᠠᠯ ᠳᠡᠭᠡᠷᠡᠬᠢ ᠶᠠᠷᠢᠶ᠎ᠠ ᠶᠢ ᠳᠡᠪᠰᠢᠭᠦᠯᠪᠡ᠃ ᠭᠡᠰᠢᠭᠦᠳ ᠤᠨ ᠬᠠᠷᠢᠯᠴᠠᠬᠤ ᠪᠠᠶᠢᠭᠤᠯᠤᠮᠵᠢ ᠶᠢ ᠪᠠᠶᠢᠭᠤᠯᠪᠠ᠃ ᠪᠦᠬᠦ

ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠨᠠᠮ ᠤᠨ

ᠭᠠᠳᠠᠨᠠᠬᠢ ᠭᠡᠰᠢᠭᠦᠳ ᠲᠠᠢ ︽ᠨᠢᠭᠡ ᠨᠢᠭᠡ ᠪᠠᠷ ᠶᠠᠷᠢᠯᠴᠠᠬᠤ︾ ᠰᠡᠳᠬᠢᠯ ᠢᠶᠠᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠶᠢ

403 ᠬᠥᠮᠥᠨ ᠤᠳᠠᠭ᠎ᠠ ᠥᠷᠨᠢᠭᠦᠯᠵᠦ᠂ ᠪᠠᠶᠢᠳᠠᠯ ᠢᠶᠠᠨ ᠰᠣᠯᠢᠯᠴᠠᠵᠤ᠂ ᠦᠵᠡᠯ ᠰᠠᠨᠠᠭ᠎ᠠ ᠪᠠᠨ ᠨᠡᠪᠲᠡᠷᠡᠯᠴᠡᠨ᠂ ᠬᠠᠮᠲᠤ ᠶᠢᠨ

ᠲᠠᠨᠢᠯᠲᠠ ᠪᠠᠨ ᠨᠡᠮᠡᠭᠳᠡᠭᠦᠯᠪᠡ᠂ ᠡᠭᠦᠨ ᠤ ᠳᠣᠲᠣᠷᠠᠬᠢ ᠮᠠᠰᠢ ᠤᠯᠠᠨ ᠴᠢᠬᠤᠯᠠ ᠰᠠᠨᠠᠯ ᠢ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠴᠢᠬᠤᠯᠠᠴᠢᠯᠠᠨ ᠬᠦᠯᠢᠶᠡᠨ ᠠᠪᠴᠠᠢ᠃ ᠨᠠᠮ ᠤᠨ ᠭᠠᠳᠠᠨᠠᠬᠢ ᠭᠡᠰᠢᠭᠦᠳ ᠢ ᠵᠣᠬᠢᠶᠠᠨ ᠪᠠᠶᠢᠭᠤᠯᠤᠨ

ᠲᠤᠰᠬᠠᠢ ᠰᠡᠳᠦᠪ ᠢᠶᠠᠷ 11 ᠤᠳᠠᠭ᠎ᠠ ᠪᠠᠶᠢᠴᠠᠭᠠᠨ ᠦᠵᠡᠵᠦ᠂ ᠨᠠᠮ ᠤᠨ ᠭᠡᠰᠢᠭᠦᠨ ᠭᠡᠰᠢᠭᠦᠳ ᠤᠨ ᠨᠠᠮ ᠤᠨ ᠭᠠᠳᠠᠨᠠᠬᠢ

ᠭᠡᠰᠢᠭᠦᠳ ᠲᠠᠢ ᠬᠠᠷᠢᠯᠴᠠᠬᠤ ᠳᠦᠷᠢᠮ ᠲᠣᠭᠲᠡᠴᠡ ᠶᠢ ᠪᠦᠷᠢᠨᠰᠢᠭᠦᠯᠵᠦ᠂ 828 ᠨᠡᠷᠡᠰ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ 1157 ᠨᠡᠷᠡᠰ ᠨᠠᠮ ᠤᠨ ᠭᠠᠳᠠᠨᠠᠬᠢ ᠭᠡᠰᠢᠭᠦᠨ ᠯᠦᠭᠡ ᠬᠠᠷᠢᠯᠴᠠᠭ᠎ᠠ ᠪᠠᠶᠢᠭᠤᠯᠪᠠ᠃ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ

ᠠᠬᠤᠢ ᠶᠢᠨ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠬᠢᠬᠦ᠂

ᠬᠠᠷᠢᠯᠴᠠᠭ᠎ᠠ ᠨᠥᠬᠦᠷᠯᠡᠯ ᠢᠶᠠᠨ ᠴᠢᠩᠭᠠᠳᠬᠠᠬᠤ ᠶᠢ ᠴᠢᠬᠤᠯᠠᠴᠢᠯᠠᠪᠠ᠃ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ

ᠵᠠᠰᠠᠬᠤ ᠠᠷᠭ᠎ᠠ ᠪᠣᠳᠣᠯᠭ᠎ᠠ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠰᠤᠷᠤᠯᠴᠠᠨ

ᠲᠤᠭᠤᠰᠢᠯᠠᠭᠤᠯᠵᠤ᠂ ᠲᠥᠪᠡᠳ ᠤᠯᠠᠮᠵᠢᠯᠠᠯᠲᠤ ᠪᠤᠳ᠋ᠳ᠋ᠾᠠ ᠶᠢᠨ ᠱᠠᠰᠢᠨ ᠤ ᠳᠤᠮᠳᠠᠳᠤ ᠤᠯᠤᠰᠴᠢᠯᠠᠯᠲᠠ ᠶᠢ ᠠᠬᠢᠭᠤᠯᠬᠤ᠂

ᠰᠢᠨᠵᠢᠶᠠᠩ ᠤᠨ ᠢᠰᠯᠠᠮ ᠤᠨ ᠱᠠᠰᠢᠨ ᠤ ᠳᠤᠮᠳᠠᠳᠤ ᠤᠯᠤᠰᠴᠢᠯᠠᠯᠲᠠ ᠶᠢ ᠠᠬᠢᠭᠤᠯᠬᠤ ᠵᠡᠷᠭᠡ ᠲᠤᠬᠠᠢ ᠲᠥᠪᠡᠳ᠂

ᠰᠢᠨᠵᠢᠶᠠᠩ ᠵᠢᠴᠢ ᠲᠥᠪᠡᠳ ᠦᠨᠳᠦᠰᠦᠲᠡᠨ ᠳᠤ ᠬᠤᠯᠪᠣᠭᠳᠠᠬᠤ ᠰᠧᠴᠤᠸᠠᠨ ᠤ ᠵᠧᠦ ᠰᠢᠶᠠᠨ ᠳᠤ ᠬᠦᠷᠴᠦ 10

ᠤᠳᠠᠭᠠᠨ ᠤ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ ᠠᠵᠢᠯ ᠥᠷᠨᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ

ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡᠨ ᠲᠠᠶᠢᠯᠪᠤᠷᠢᠯᠠᠯᠲᠠ ᠪᠠ ᠤᠬᠠᠭᠤᠯᠭ᠎ᠠ ᠬᠥᠮᠦᠵᠢᠯ ᠢ ᠴᠢᠩᠭᠠᠳᠬᠠᠬᠤ᠂ ᠶᠡᠭᠡ

ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ

ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠪᠠ᠃ ᠴᠥᠭᠡᠨ ᠲᠣᠭᠠᠲᠤ ᠦᠨᠳᠦᠰᠦᠲᠡᠨ ᠤ ᠡᠲᠡᠭᠡᠳ᠂

ᠱᠠᠰᠢᠨ ᠰᠤᠷᠲᠠᠬᠤᠨ ᠤ ᠡᠲᠡᠭᠡᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠶᠠᠷᠢᠯᠴᠠᠬᠤ ᠬᠤᠷᠠᠯ ᠢ

ᠬᠤᠷᠠᠯᠳᠤᠭᠤᠯᠵᠤ᠂ ︽ᠭᠡᠰᠢᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠠᠬᠢᠭᠤᠯᠬᠤ︾ ᠰᠢᠷᠢᠰ

ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠰᠢᠶᠠᠩᠭᠠᠩ ᠣᠣᠮᠧᠨ ᠤ ᠵᠠᠯᠠᠭᠤᠴᠤᠳ ᠢ ᠤᠯᠤᠰ ᠤᠨ

ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠠᠭᠤᠰᠤᠯᠴᠠᠭᠤᠯᠬᠤ ᠶᠢ ᠠᠬᠢᠭᠤᠯᠬᠤ ᠵᠡᠷᠭᠡ ᠶᠢᠨ ᠲᠣᠭᠤᠷᠢᠨ ᠳᠤ

ᠪᠠᠶᠢᠴᠠᠭᠠᠨ ᠰᠤᠳᠤᠯᠤᠯᠲᠠ ᠬᠢᠵᠦ᠂ ᠰᠢᠶᠠᠩᠭᠠᠩ ᠣᠣᠮᠧᠨ ᠬᠢᠭᠡᠳ ᠳᠣᠲᠣᠷ᠎ᠠ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ

ᠭᠦᠨᠵᠡᠭᠡᠶᠢᠷᠡᠭᠦᠯᠬᠦ ᠲᠤᠬᠠᠢ ᠲᠤᠰᠬᠠᠢ ᠰᠡᠳᠦᠪ ᠢᠶᠠᠷ ᠪᠠᠶᠢᠴᠠᠭᠠᠨ ᠦᠵᠡᠬᠦ ᠶᠢ ᠵᠣᠬᠢᠶᠠᠨ ᠪᠠᠶᠢᠭᠤᠯᠵᠤ᠂ ᠰᠢᠶᠠᠩᠭᠠᠩ

ᠣᠣᠮᠧᠨ ᠤ ᠭᠡᠰᠢᠭᠦᠳ ᠲᠠᠢ ᠬᠠᠷᠢᠯᠴᠠᠬᠤ ᠠᠵᠢᠯ ᠤᠨ ᠲᠣᠭᠲᠡᠴᠡ ᠶᠢ ᠲᠡᠭᠦᠯᠳᠡᠷᠵᠢᠭᠦᠯᠪᠡ᠃ ᠲᠠᠶᠢᠸᠠᠨ ᠬᠤᠭᠤᠯᠠᠢ ᠶᠢᠨ

ᠬᠤᠶᠠᠷ ᠲᠠᠯ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠲᠠᠶᠢᠸᠠᠨ ᠬᠤᠭᠤᠯᠠᠢ ᠶᠢᠨ ᠬᠤᠶᠠᠷ

ᠲᠠᠯ᠎ᠠ ᠶᠢᠨ ᠬᠠᠮᠲᠤ ᠶᠢᠨ ᠵᠠᠬ᠎ᠠ ᠳᠡᠯᠭᠡᠭᠦᠷ ᠢ ᠪᠠᠶᠢᠭᠤᠯᠬᠤ ᠵᠡᠷᠭᠡ ᠶᠢᠨ ᠲᠣᠭᠤᠷᠢᠨ ᠳᠤ ᠵᠥᠪᠯᠡᠯᠭᠡ ᠬᠢᠵᠦ ᠰᠠᠨᠠᠯ ᠪᠣᠳᠣᠯᠭ᠎ᠠ

ᠳᠡᠪᠰᠢᠭᠦᠯᠦᠨ᠂ ᠵᠢᠷᠭᠤᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠦᠨᠳᠦᠰᠦᠨ ᠱᠠᠲᠤᠨ ᠤ

ᠵᠠᠰᠠᠯᠲᠠ ᠶᠢᠨ ᠶᠠᠷᠢᠯᠴᠠᠭᠠᠨ ᠤ ᠲᠠᠪᠴᠠᠩ ᠢ ᠡᠷᠬᠢᠯᠡᠵᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ

ᠬᠥᠭᠵᠢᠬᠦ ᠶᠢ ᠠᠬᠢᠭᠤᠯᠪᠠ᠃ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠤᠨ ᠪᠦᠯᠬᠦᠮ ᠤᠨ ᠰᠣᠷᠪᠤᠯᠵᠢᠯᠠᠭ᠎ᠠ ᠶᠢ 367

ᠬᠥᠮᠥᠨ ᠤᠳᠠᠭ᠎ᠠ ᠬᠦᠯᠢᠶᠡᠨ ᠠᠪᠴᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠤᠨ ︽ᠨᠢᠭᠡ ᠪᠦᠰᠡ

ᠨᠢᠭᠡ ᠵᠠᠮ︾ ᠢ ᠬᠠᠮᠲᠤ ᠪᠠᠷ ᠪᠠᠶᠢᠭᠤᠯᠬᠤ ᠳᠤ ᠭᠦᠨᠵᠡᠭᠡᠢ ᠣᠷᠣᠯᠴᠠᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ

ᠬᠤᠷᠠᠯ ᠬᠢᠵᠦ᠂ ᠬᠠᠷᠢᠶᠠᠲᠤ ᠨᠠᠷ ᠤᠨ ᠰᠡᠳᠬᠢᠯ ᠢ ᠨᠢᠭᠲᠠᠷᠠᠭᠤᠯᠤᠨ᠂ ᠬᠠᠷᠢᠶᠠᠲᠤ ᠨᠠᠷ ᠤᠨ ᠤᠶᠤᠨ ᠤᠬᠠᠭᠠᠨ ᠢ

ᠲᠥᠪᠯᠡᠷᠡᠭᠦᠯᠵᠦ᠂ ᠬᠠᠷᠢᠶᠠᠲᠤ ᠨᠠᠷ ᠤᠨ ᠬᠦᠴᠦᠨ ᠴᠢᠳᠠᠯ ᠢ ᠪᠠᠳᠠᠷᠠᠭᠤᠯᠪᠠ᠃

︵ᠵᠢᠷᠭᠤᠭ᠎ᠠ︶ ᠭᠠᠳᠠᠭᠠᠳᠤ ᠲᠠᠢ ᠨᠥᠬᠦᠷᠰᠡᠭ ᠢᠶᠠᠷ ᠶᠠᠪᠤᠯᠴᠠᠬᠤ ᠶᠢ ᠢᠳᠡᠪᠬᠢᠲᠡᠢ ᠥᠷᠨᠢᠭᠦᠯᠵᠦ᠂ ᠨᠠᠮ ᠪᠠ ᠤᠯᠤᠰ ᠤᠨ

ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠪᠡ᠃ ᠪᠢᠳᠡ ᠨᠠᠮ ᠪᠠ ᠤᠯᠤᠰ ᠤᠨ ᠭᠠᠳᠠᠭᠠᠳᠤ

ᠬᠠᠷᠢᠯᠴᠠᠭᠠᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠤᠯᠠᠨ ᠨᠡᠶᠢᠲᠡ ᠶᠢᠨ ᠭᠠᠳᠠᠭᠠᠳᠤ ᠬᠠᠷᠢᠯᠴᠠᠭ᠎ᠠ᠂

ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ᠂ ᠤᠶᠤᠨ ᠤ ᠬᠥᠮᠥᠷᠭᠡ ᠶᠢᠨ ᠭᠠᠳᠠᠭᠠᠳᠤ ᠬᠠᠷᠢᠯᠴᠠᠭ᠎ᠠ ᠶᠢ

ᠨᠢᠭᠡᠳᠦᠯᠲᠡᠢ ᠲᠥᠯᠥᠪᠯᠡᠨ ᠥᠷᠨᠢᠭᠦᠯᠵᠦ᠂ ᠠᠰᠢᠭᠲᠠᠢ ᠭᠠᠳᠠᠭᠠᠳᠤ ᠣᠷᠴᠢᠨ ᠨᠥᠬᠦᠴᠡᠯ ᠢ ᠪᠤᠢ ᠪᠣᠯᠭᠠᠬᠤ ᠳᠤ ᠬᠦᠴᠦᠨ

ᠨᠡᠮᠡᠷᠢᠯᠡᠪᠡ᠃ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠵᠢᠴᠢ ᠬᠠᠷᠢᠶ᠎ᠠ ᠪᠠᠶᠢᠭᠤᠯᠤᠮᠵᠢ ᠨᠤᠭᠤᠳ 23 ᠪᠦᠯᠦᠭ

ᠤᠳᠠᠭ᠎ᠠ ᠶᠢᠨ ᠠᠶᠢᠯᠴᠢᠯᠠᠯᠲᠠ ᠶᠢ ᠵᠣᠬᠢᠶᠠᠨ ᠪᠠᠶᠢᠭᠤᠯᠵᠤ᠂ 50 ᠤᠯᠤᠰ ᠤᠨ 200 ᠭᠠᠷᠤᠢ ᠪᠠᠶᠢᠭᠤᠯᠤᠮᠵᠢ ᠲᠠᠢ

ᠰᠣᠯᠢᠯᠴᠠᠨ ᠶᠠᠪᠤᠯᠴᠠᠵᠤ᠂ 41 ᠭᠠᠳᠠᠭᠠᠳᠤ ᠶᠢᠨ ᠣᠶᠤᠨ ᠤ ᠬᠥᠮᠥᠷᠭᠡ ᠪᠠ 12 ᠠᠷᠠᠳ ᠤᠨ ᠵᠣᠬᠢᠶᠠᠨ ᠪᠠᠶᠢᠭᠤᠯᠤᠯᠲᠠ ᠲᠠᠢ

ᠰᠢᠨ᠎ᠡ ᠪᠠᠷ ᠬᠠᠷᠢᠯᠴᠠᠭ᠎ᠠ ᠪᠠᠶᠢᠭᠤᠯᠵᠤ᠂ ᠳᠤᠮᠳᠠᠳᠤ ᠤᠯᠤᠰ ᠲᠤ ᠰᠠᠭᠤᠭ᠎ᠠ ᠣᠯᠠᠨ ᠤᠯᠤᠰ ᠤᠨ ᠵᠣᠬᠢᠶᠠᠨ

ᠪᠠᠶᠢᠭᠤᠯᠤᠯᠲᠠ ᠶᠢᠨ ᠲᠥᠯᠥᠭᠡᠯᠡᠭᠴᠢᠳ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ︽

ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠳᠡᠭᠡᠳᠦ ᠵᠡᠷᠭᠡ ᠶᠢᠨ ᠠᠶᠢᠯᠴᠢᠯᠠᠬᠤ ᠡᠷᠳᠡᠮᠲᠡᠨ ᠵᠡᠷᠭᠡ ᠶᠢ ︽

ᠤᠯᠤᠰ ᠲᠥᠷᠥ ᠶᠢᠨ ᠵᠥᠪᠯᠡᠯᠭᠡᠨ ᠳᠤ ᠠᠶᠢᠯᠴᠢᠯᠠᠭᠤᠯᠬᠤ︾ 3 ᠲᠠᠯᠠᠪᠤᠷ ᠠᠵᠢᠯᠯᠠᠭ᠎ᠠ ᠶᠠᠪᠤᠭᠤᠯᠵᠤ᠂ ᠭᠠᠳᠠᠭᠠᠳᠤ ᠶᠢᠨ ᠡᠯ᠎ᠡ

ᠡᠲᠡᠭᠡᠳ ᠤᠨ ᠬᠥᠮᠥᠰ ᠲᠠᠢ 2100 ᠭᠠᠷᠤᠢ ᠬᠥᠮᠥᠨ ᠤᠳᠠᠭ᠎ᠠ ᠰᠣᠯᠢᠯᠴᠠᠭ᠎ᠠ ᠥᠷᠨᠢᠭᠦᠯᠵᠦ᠂ ᠲᠣᠭᠤᠷᠢᠨ ᠠᠶᠢᠯᠴᠢᠯᠠᠭᠰᠠᠨ

᠂ ᠰᠤᠷᠪᠤᠯᠵᠢᠯᠠᠬᠤ ᠪᠠᠷ ᠢᠷᠡᠭᠰᠡᠨ ᠪᠤᠶᠤ ᠳᠤᠮᠳᠠᠳᠤ ᠤᠯᠤᠰ ᠲᠤ ᠢᠷᠡᠵᠤ ᠤᠯᠠᠨ ᠤᠯᠤᠰ ᠤᠨ ᠬᠤᠷᠠᠯ ᠳᠤ ᠣᠷᠣᠯᠴᠠᠭᠰᠠᠨ

ᠬᠥᠮᠥᠰ ᠨᠢ 84 ᠤᠯᠤᠰ ᠪᠠ 25 ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠵᠤ᠂ ᠭᠠᠳᠠᠭᠠᠳᠤ ᠶᠢᠨ

ᠬᠥᠮᠥᠰ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠮᠠᠨ ᠤ ᠤᠯᠤᠰ ᠤᠨ ᠪᠦᠬᠦ ᠶᠠᠪᠤᠴᠠ ᠶᠢᠨ

ᠠᠷᠠᠳ ᠤᠨ ᠠᠷᠠᠳᠴᠢᠯᠠᠯ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠬᠠᠢ ᠣᠶᠢᠯᠠᠭᠠᠯᠲᠠ ᠲᠠᠨᠢᠯᠲᠠ ᠶᠢ

ᠨᠡᠮᠡᠭᠳᠡᠭᠦᠯᠪᠡ᠃

ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠤᠮᠳᠠᠳᠤ ᠠᠹᠷᠢᠺᠠ ᠶᠢᠨ

ᠨᠥᠬᠦᠷᠰᠡᠭ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠹᠷᠢᠺᠠ ᠯᠤᠭ᠎ᠠ ᠶᠢᠨ ᠨᠥᠬᠦᠷᠰᠡᠭ ᠶᠠᠪᠤᠯᠴᠠᠭ᠎ᠠ ᠶᠢ ᠥᠷᠨᠢᠭᠦᠯᠪᠡ᠃

ᠳᠤᠮᠳᠠᠳᠤ ᠤᠯᠤᠰ ᠤᠨ ᠱᠠᠰᠢᠨ ᠰᠤᠷᠲᠠᠬᠤᠨ ᠤ ᠡᠲᠡᠭᠡᠳ ᠤᠨ ᠨᠠᠶᠢᠷᠠᠮᠳᠠᠯ ᠤᠨ ᠵᠥᠪᠯᠡᠯ ᠤᠨ ᠬᠤᠶᠠᠳᠤᠭᠠᠷ ᠬᠤᠭᠤᠴᠠᠭᠠᠨ ᠤ

︽ᠱᠠᠰᠢᠨ ᠰᠤᠷᠲᠠᠬᠤᠨ ᠠᠯᠤᠰᠯᠠᠭᠰᠠᠨ ᠰᠣᠯᠢᠯᠴᠠᠭ᠎ᠠ ᠪᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠪᠠᠶᠢᠭᠤᠯᠬᠤ︾ ᠤᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ ᠶᠢ ᠲᠡᠮᠵᠢᠪᠡ᠃ ᠳᠤᠮᠳᠠᠳᠤ

ᠤᠯᠤᠰ ᠤᠨ ᠠᠵᠤ ᠠᠬᠤᠢ ᠨᠡᠶᠢᠭᠡᠮ ᠤᠨ ᠬᠡᠷᠡᠭ ᠡᠷᠬᠢᠯᠡᠭᠴᠢᠳ ᠤᠨ ᠬᠤᠷᠠᠯ ᠤᠨ ︽ᠨᠡᠭᠡᠭᠡᠯᠲᠡ᠂ ᠬᠥᠭᠵᠢᠯᠲᠡ᠂ ᠪᠣᠯᠪᠠᠰᠤᠨ

— ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ︾ ᠪᠠᠷ ᠭᠤᠣᠯ ᠰᠡᠳᠦᠪ

ᠪᠣᠯᠭᠠᠭᠰᠠᠨ 2023 ᠣᠨ ᠤ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠶᠠᠷᠢᠯᠴᠠᠭᠠᠨ ᠤ ᠲᠠᠪᠴᠠᠩ ᠵᠡᠷᠭᠡ

ᠠᠵᠢᠯᠯᠠᠭ᠎ᠠ ᠶᠢ ᠰᠠᠶᠢᠲᠤᠷ ᠡᠷᠬᠢᠯᠡᠬᠦ ᠶᠢ ᠳᠡᠮᠵᠢᠨ ᠵᠢᠯᠤᠭᠤᠳᠴᠤ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ

ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠤᠨ ᠦᠷ᠎ᠡ

ᠪᠦᠲᠦᠭᠡᠯ ᠢ ᠤᠬᠠᠭᠤᠯᠤᠨ ᠲᠠᠨᠢᠯᠴᠠᠭᠤᠯᠪᠠ᠃ ᠭᠡᠰᠢᠭᠦᠳ ᠢ ᠬᠥᠲᠥᠯᠥᠨ ᠵᠢᠯᠤᠭᠤᠳᠴᠤ ᠭᠠᠳᠠᠭᠠᠳᠤ ᠳᠤ ᠢᠳᠡᠪᠬᠢᠲᠡᠢ ᠪᠠᠷ

ᠦᠵᠡᠯᠲᠡ ᠶᠢ ᠨᠢ ᠶᠠᠷᠢᠭᠤᠯᠵᠤ᠂ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠳᠦᠷᠢ

ᠲᠥᠷᠬᠦ ᠶᠢ ᠢᠯᠡᠷᠡᠭᠦᠯᠪᠡ᠃

ᠭᠡᠰᠢᠭᠦᠳ ᠠ᠋᠂ ᠨᠢᠭᠡ ᠵᠢᠯ ᠤᠨ ᠲᠤᠷᠰᠢ ᠣᠯᠣᠭᠰᠠᠨ ᠠᠵᠢᠯ ᠤᠨ ᠠᠮᠵᠢᠯᠲᠠ ᠪᠦᠲᠦᠮᠵᠢ ᠶᠢᠨ ᠦᠨᠳᠦᠰᠦ ᠨᠢ ᠰᠢ ᠶᠢᠨ ᠫᠢᠩ

ᠨᠥᠬᠦᠷ ᠢᠶᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ

ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠡᠯ᠎ᠡ ᠲᠠᠯ᠎ᠠ ᠶᠢᠨ ᠬᠢᠨ ᠤ

ᠬᠦᠴᠦᠲᠡᠢ ᠳᠡᠮᠵᠢᠯᠭᠡ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠢ᠂ ᠥᠷᠭᠡᠨ ᠤᠯᠠᠨ

ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠃ ᠡᠭᠦᠨ ᠳᠤ ᠪᠢ

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠴᠢᠩ ᠰᠡᠳᠬᠢᠯ ᠤᠨ

ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕

ᠡᠭᠦᠨ ᠤ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂

ᠭᠤᠣᠯᠳᠠᠭᠤ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠨᠤᠲᠠᠯᠠᠵᠤ᠂ ᠭᠦᠨᠵᠡᠭᠡᠢ ᠵᠥᠪᠯᠡᠯᠭᠡ

ᠬᠢᠵᠦ ᠲᠦᠷᠤ ᠶᠢᠨ ᠬᠡᠷᠡᠭ ᠢ ᠵᠥᠪᠯᠡᠬᠦ ᠰᠢᠰᠲ᠋ᠧᠮᠲᠦ ᠴᠢᠨᠠᠷ ᠢᠶᠠᠷ ᠳᠤᠲᠠᠮᠠᠭ᠂ ᠵᠥᠪᠯᠡᠬᠦ ᠮᠠᠶ᠋ᠢᠭ ᠤᠨ ᠬᠢᠨᠠᠯᠲᠠ ᠶᠢᠨ ᠰᠢᠨ᠎ᠡ ᠶᠢ

ᠡᠭᠦᠳᠬᠦ ᠠᠷᠭ᠎ᠠ ᠬᠡᠮᠵᠢᠶ᠎ᠡ ᠭᠦᠢᠴᠡᠳ ᠪᠤᠰᠤ᠂ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ

ᠠᠵᠢᠯᠯᠠᠭ᠎ᠠ ᠪᠠ ᠠᠴᠢᠶᠠᠯᠠᠪᠤᠷᠢ ᠨᠢ ᠪᠠᠶᠠᠯᠢᠭ ᠪᠢᠰᠢ᠂ ᠳᠦᠷᠢᠮ ᠤᠨ ᠨᠠᠶᠢᠳᠠᠪᠤᠷᠢᠵᠢᠭᠤᠯᠤᠯᠲᠠ ᠳᠤ ᠪᠠᠭᠤᠷᠠᠢ ᠭᠤᠭᠴᠤᠭ᠎ᠠ

ᠣᠷᠣᠰᠢᠵᠤ ᠪᠠᠶᠢᠬᠤ ᠵᠡᠷᠭᠡ ᠪᠣᠯᠣᠨ᠎ᠠ᠃ ᠡᠳᠡᠭᠡᠷ ᠢ ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠮᠠᠭᠠᠢ ᠰᠤᠳᠤᠯᠤᠨ

ᠰᠠᠶᠢᠵᠢᠷᠠᠭᠤᠯᠤᠨ᠎ᠠ᠃

ᠬᠤᠶᠠᠷ᠂ 2024 ᠣᠨ ᠤ ᠭᠤᠣᠯ ᠡᠭᠦᠷᠭᠡ

2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ

ᠵᠢᠯ ᠮᠥᠨ᠂ ᠪᠠᠰᠠ ᠴᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ᠃

ᠠᠷᠠᠳ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ

ᠲᠣᠭᠲᠠᠭᠠᠭᠰᠠᠨ︾ ᠤ ᠰᠶᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠳᠥᠷᠪᠡᠨ ᠤᠬᠠᠮᠰᠠᠷ︾

 ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ

ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠶᠢ ᠠᠬᠢᠭᠤᠯᠵᠤ᠂

ᠢᠳᠡᠪᠬᠢᠲᠡᠢ ᠪᠠᠷ ᠰᠠᠨᠠᠯ ᠪᠣᠳᠣᠯᠭ᠎ᠠ ᠳᠡᠪᠰᠢᠭᠦᠯᠦᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ

ᠨᠢᠭᠲᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃

— ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ

ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ

ᠪᠠᠷᠢᠮᠲᠠᠯᠠᠬᠤ ᠪᠣᠯ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠬᠤ ᠦᠶ᠎ᠡ ᠶᠢᠨ ᠲᠤᠯᠭᠤᠷ ᠵᠣᠷᠢᠯᠲᠠ ᠮᠥᠨ᠂

75 ᠵᠢᠯ ᠤᠨ ᠲᠤᠷᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠮᠠᠭᠲᠠ ᠬᠢᠴᠢᠶᠡᠩᠭᠦ᠋ᠯᠡᠨ ᠵᠢᠷᠤᠮᠯᠠᠭᠰᠠᠨ

ᠦᠨᠳᠦᠰᠦᠨ ᠤᠯᠤᠰ ᠲᠦᠷᠦ ᠶᠢᠨ ᠵᠠᠷᠴᠢᠮ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ

ᠬᠥᠭᠵᠢᠯᠲᠡ ᠲᠠᠪᠰᠢᠯᠳᠠ ᠶᠢᠨ ᠦᠨᠳᠦᠰᠦᠨ ᠪᠠᠲᠤᠯᠠᠭ᠎ᠠ ᠮᠥᠨ᠃ ᠪᠢᠳᠡ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂

ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ

ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠥᠷᠥ ᠶᠢᠨ

ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠥᠷᠥ ᠶᠢᠨ ᠰᠢᠨᠵᠢ ᠴᠢᠨᠠᠷ ᠢ ᠭᠦᠨᠵᠡᠭᠡᠢ ᠡᠵᠡᠮᠰᠢᠨ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠬᠦ᠂

ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠪᠠᠶᠢᠴᠠᠭᠠᠨ ᠰᠤᠳᠤᠯᠬᠤ᠂

ᠪᠦᠯᠬᠦᠮᠳᠡᠨ ᠨᠥᠬᠦᠷᠯᠡᠬᠦ᠂ ᠲᠤᠰ ᠪᠡᠶ᠎ᠡ ᠶᠢᠨ ᠪᠠᠶᠢᠭᠤᠯᠤᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠤᠨ ᠳᠤᠮᠳᠠ

ᠲᠤᠭᠤᠰᠢᠯᠠᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ

ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ

ᠡᠪ ᠬᠠᠮᠲᠤ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠷᠠᠳ ᠤᠨ ᠤᠯᠤᠰ

ᠲᠦᠷᠦ ᠶᠢᠨ ᠵᠥᠪᠯᠡᠯᠭᠡᠨ ᠳᠤ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠦᠨᠡᠨ ᠬᠦ ᠪᠠᠲᠤᠯᠠᠨ᠎ᠠ᠃

— ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠨ᠎ᠠ᠃ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ

ᠨᠠᠮ ᠪᠠ ᠤᠯᠤᠰ ᠤᠨ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠵᠢᠯᠤᠭᠤᠳᠬᠤ ᠦᠵᠡᠯ ᠰᠠᠨᠠᠭ᠎ᠠ ᠮᠥᠨ᠂

ᠡᠨᠡ ᠬᠦ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠪᠠᠶᠢᠩᠭᠤ ᠠᠳᠬᠤᠵᠤ ᠪᠠᠶᠢᠩᠭᠤ ᠳᠠᠪᠰᠢᠵᠤ᠂ ᠦᠨᠡᠨ ᠬᠦ

ᠢᠲᠡᠭᠡᠵᠦ ᠦᠨᠡᠨ ᠬᠦ ᠬᠡᠷᠡᠭᠯᠡᠬᠦ ᠬᠡᠷᠡᠭᠲᠡᠢ᠃ ᠪᠢᠳᠡ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠵᠦ᠂ ᠭᠦᠨᠵᠡᠭᠡᠶᠢᠷᠡᠭᠦᠯᠬᠦ᠂ ᠬᠠᠳᠠᠩᠰᠢᠭᠤᠯᠬᠤ᠂ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠭᠡᠰᠢᠭᠦᠳ ᠨᠣᠮ

ᠤᠩᠰᠢᠬᠤ ᠪᠠ ᠤᠨᠤᠯ ᠰᠤᠷᠤᠯᠴᠠᠬᠤ ᠵᠢᠴᠢ ᠤᠯᠤᠰ ᠲᠦᠷᠦ ᠶᠢᠨ ᠪᠣᠯᠪᠠᠰᠤᠷᠠᠭᠤᠯᠤᠯ ᠬᠢᠬᠦ ᠶᠢ ᠪᠠᠶᠢᠩᠭᠤᠵᠢᠭᠤᠯᠤᠨ

ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠡᠩ ᠰᠠᠶᠢᠨ ᠢᠶᠠᠷ ᠤᠯᠤᠰ ᠲᠦᠷᠦ ᠶᠢᠨ ᠵᠥᠪᠯᠡᠯᠭᠡ ᠬᠢᠬᠦ᠂

ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ

ᠪᠣᠯᠭᠠᠨ ᠬᠤᠪᠢᠷᠠᠭᠤᠯᠵᠤ᠂ ᠥᠨᠳᠥᠷ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠴᠢᠨᠠᠷ ᠰᠠᠶᠢᠲᠠᠢ

ᠬᠥᠭᠵᠢᠯᠲᠡ ᠳᠤ ᠦᠢᠯᠡᠴᠢᠯᠡᠬᠦ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠣᠨᠣᠯ ᠤᠨ ᠰᠤᠳᠤᠯᠭᠠᠨ ᠢ

ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠡᠯᠪᠡᠭ ᠪᠠᠶᠠᠯᠢᠭ ᠠᠭᠤᠯᠤᠭᠳᠠᠬᠤᠨ᠂

ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠦᠨ᠂ ᠤᠨᠤᠯ ᠤᠨ

ᠰᠤᠷᠤᠯᠴᠠᠯᠭ᠎ᠠ ᠪᠠᠷ ᠤᠯᠤᠰ ᠲᠦᠷᠦ ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠬᠡᠮᠵᠢᠶ᠎ᠡ ᠶᠢ

ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75

ᠵᠢᠯ ᠤᠨ ᠤᠢ ᠶᠢ ᠪᠡᠯᠭᠡᠯᠡᠬᠦ ᠬᠠᠮᠢᠶ᠎ᠠ ᠪᠦᠬᠦᠢ ᠠᠵᠢᠯᠯᠠᠭ᠎ᠠ ᠶᠢ ᠰᠠᠶᠢᠲᠤᠷ ᠪᠡᠯᠡᠳᠬᠡᠵᠦ᠂ ᠠᠷᠠᠳ ᠤᠨ ᠤᠯᠤᠰ ᠲᠦᠷᠦ ᠶᠢᠨ

ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ

ᠬᠥᠲᠥᠯᠥᠨ ᠵᠢᠯᠤᠭᠤᠳᠴᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ

ᠪᠠᠶᠢᠭᠤᠯᠤᠯ ᠤᠨ ᠳᠠᠪᠠᠭᠤᠯᠢᠭ ᠢ ᠭᠦᠨᠵᠡᠭᠡᠢ ᠲᠠᠨᠢᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ

ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ᠃

— ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ

ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠨ᠎ᠡ᠃ ᠪᠢᠳᠡ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠲᠥᠪ ᠬᠤᠷᠢᠶᠠᠨ ᠤ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠤᠯᠤᠰ ᠤᠨ ᠴᠢᠬᠤᠯᠠ ᠶᠡᠭᠡ

ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠪᠣᠳᠠᠲᠤ ᠠᠰᠠᠭᠤᠳᠠᠯ ᠲᠠᠢ ᠨᠢᠭᠲᠠ

ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠰᠠᠨᠠᠯ ᠪᠣᠳᠣᠯᠭ᠎ᠠ ᠳᠡᠪᠰᠢᠭᠦᠯᠬᠦ ᠬᠡᠷᠡᠭᠲᠡᠢ᠃ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠵᠥᠪᠰᠢᠶᠡᠷᠡᠭᠰᠡᠨ ᠪᠦᠬᠦ ᠤᠯᠤᠰ ᠤᠨ ᠤᠯᠤᠰ ᠲᠥᠷᠥ ᠶᠢᠨ

ᠵᠥᠪᠯᠡᠯᠭᠡᠨ ᠤ 2024 ᠣᠨ ᠤ ᠵᠥᠪᠯᠡᠬᠦ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠲᠤᠰᠬᠠᠢ ᠵᠥᠪᠯᠡᠯ ᠤᠨ

ᠰᠠᠭᠤᠷᠢᠯᠠᠬᠤ ᠴᠢᠨᠠᠷᠲᠠᠢ ᠦᠢᠯᠡᠳᠦᠯ ᠪᠠ ᠭᠡᠰᠢᠭᠦᠨ ᠤ ᠪᠡᠶᠡᠴᠢ ᠴᠣᠭᠴᠠ ᠶᠢᠨ ᠦᠢᠯᠡᠳᠦᠯ ᠢ ᠴᠢᠩᠭᠠᠳᠬᠠᠵᠤ᠂ ᠡᠲᠡᠭᠡᠳ ᠤᠨ

ᠢᠯᠭᠠᠯ ᠤᠨ ᠳᠠᠪᠠᠭᠤᠯᠢᠭ ᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠳᠡᠯᠭᠡᠷᠡᠭᠦᠯᠵᠦ᠂ ᠨᠢᠭᠡᠳᠦᠭᠡᠷ

ᠹᠷᠣᠨᠲ ᠲᠤ ᠭᠦᠨᠵᠡᠭᠡᠶᠢᠷᠡᠨ ᠦᠢᠯᠡᠳᠦᠯᠭᠡ ᠪᠠᠷ ᠡᠭᠦᠳᠦᠭᠰᠡᠨ ᠰᠢᠨ᠎ᠡ ᠰᠣᠷᠭᠤᠭ ᠲᠤᠷᠰᠢᠯᠭ᠎ᠠ᠂ ᠠᠷᠠᠳ ᠣᠯᠠᠨ ᠤ ᠬᠦᠰᠡᠯ

ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠬᠦᠴᠢᠷ ᠪᠡᠷᠬᠡ ᠠᠰᠠᠭᠤᠳᠠᠯ ᠢ ᠣᠶᠢᠯᠠᠭᠠᠨ᠂

ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠶᠢᠨ ᠪᠠᠷᠠᠯᠠᠬᠢᠯᠠᠯᠲᠤ ᠴᠢᠨᠠᠷ ᠪᠠ ᠨᠠᠷᠢᠯᠢᠭ ᠣᠨᠣᠴᠠᠲᠤ ᠬᠡᠮᠵᠢᠶ᠎ᠡ ᠶᠢ ᠨᠡᠮᠡᠭᠳᠡᠭᠦᠯᠵᠦ᠂

ᠲᠦᠷᠦ ᠶᠢᠨ ᠬᠡᠷᠡᠭ ᠢ ᠵᠥᠪᠯᠡᠨ ᠰᠠᠨᠠᠯ ᠪᠣᠳᠣᠯᠭ᠎ᠠ ᠳᠡᠪᠰᠢᠭᠦᠯᠬᠦ ᠭᠦᠨᠴᠡ ᠶᠢ ᠥᠷᠭᠡᠳᠬᠡᠵᠦ᠂ ᠠᠷᠠᠳᠴᠢᠯᠠᠯ ᠢᠶᠠᠷ ᠬᠢᠨᠠᠯᠲᠠ

ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ

ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠪᠣᠳᠣᠯᠭ᠎ᠠ ᠲᠣᠭᠲᠠᠭᠠᠬᠤ ᠳᠤ

ᠨᠡᠩ ᠰᠠᠶᠢᠨ ᠦᠢᠯᠡᠴᠢᠯᠡᠵᠦ᠂ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃

— ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠪᠠᠷ ᠴᠢᠷᠮᠠᠶᠢᠨ᠎ᠠ᠃ ᠪᠢᠳᠡ ᠠᠷᠠᠳ ᠤᠨ

ᠤᠯᠤᠰ ᠲᠥᠷᠥ ᠶᠢᠨ ᠵᠥᠪᠯᠡᠯᠭᠡᠨ ᠤ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ

ᠪᠠᠶᠢᠭᠤᠯᠤᠯᠲᠠ ᠪᠣᠯᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠪᠠᠶᠢᠳᠠᠯ ᠳᠣᠣᠷᠠᠬᠢ ᠣᠯᠠᠨ ᠲᠦᠮᠡᠨ ᠤ ᠠᠵᠢᠯ ᠤᠨ ᠣᠨᠴᠠᠯᠢᠭ

ᠪᠣᠯᠣᠨ ᠵᠢᠮ᠎ᠡ ᠶᠣᠰᠣ ᠶᠢ ᠡᠵᠡᠮᠰᠢᠨ᠂ ᠪᠦᠯᠬᠦᠮᠳᠡᠵᠦ ᠨᠥᠬᠦᠷᠯᠡᠬᠦ᠂ ᠰᠡᠳᠬᠢᠯ ᠤᠨ ᠦᠭᠡ ᠪᠠᠨ ᠶᠠᠷᠢᠯᠴᠠᠨ ᠰᠣᠯᠢᠯᠴᠠᠬᠤ ᠵᠡᠷᠭᠡ

ᠠᠵᠢᠯ ᠤᠨ ᠪᠣᠳᠠᠲᠤ ᠪᠦᠲᠦᠮᠵᠢ ᠶᠢ ᠴᠢᠩᠭᠠᠳᠬᠠᠵᠤ᠂ ᠭᠡᠰᠢᠭᠦᠳ ᠤᠨ ᠡᠲᠡᠭᠡᠳ ᠤᠨ ᠢᠯᠭᠠᠯ ᠤᠨ ᠣᠯᠠᠨ ᠲᠦᠮᠡᠨ ᠲᠠᠢ

ᠬᠠᠷᠢᠯᠴᠠᠬᠤ ᠠᠵᠢᠯ ᠪᠠ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ︽ᠠᠷᠠᠳ ᠤᠨ ᠲᠥᠯᠥᠭᠡ

ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠢ ᠬᠠᠮᠵᠢᠨ ᠲᠥᠷᠥ ᠶᠢᠨ

ᠪᠣᠳᠣᠯᠭ᠎ᠠ ᠶᠢ ᠤᠬᠠᠭᠤᠯᠬᠤ᠂ ᠡᠷᠡᠭᠡᠯᠵᠡᠭᠡ ᠶᠢ ᠠᠯᠳᠠᠷᠠᠭᠠᠨ ᠲᠥᠭᠡᠷᠢᠭᠳᠡᠯ ᠢ ᠲᠠᠶᠢᠯᠬᠤ᠂ ᠰᠡᠳᠬᠢᠯ ᠢ ᠨᠢᠭᠲᠠᠷᠠᠭᠤᠯᠤᠨ

ᠬᠦᠴᠦᠨ ᠢ ᠲᠥᠪᠯᠡᠷᠡᠭᠦᠯᠬᠦ᠂ ᠪᠦᠯᠬᠦᠮᠳᠡᠯ ᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠤᠯᠤᠰ

ᠲᠥᠷᠥ ᠶᠢᠨ ᠬᠥᠲᠥᠯᠥᠨ ᠳᠠᠭᠠᠭᠤᠯᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ

ᠠᠤᠭ᠎ᠠ ᠲᠥᠰᠥᠪ ᠪᠠ ᠠᠮᠢᠳᠤᠯᠢᠭ ᠦᠢᠯᠡᠳᠦᠯᠭᠡ ᠪᠠᠷ ᠬᠥᠮᠥᠰ ᠢ ᠵᠣᠷᠢᠭᠵᠢᠭᠤᠯᠵᠤ ᠤᠷᠮᠠᠰᠢᠭᠤᠯᠵᠤ ᠤᠷᠢᠶᠠᠯᠠᠵᠤ᠂

ᠬᠠᠮᠲᠤ ᠶᠢᠨ ᠲᠠᠨᠢᠯᠲᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠯᠬᠦᠮᠳᠡᠬᠦ ᠬᠡᠪᠴᠢᠶ᠎ᠡ ᠶᠢ ᠲᠠᠰᠤᠷᠠᠯᠲᠠ

ᠦᠭᠡᠢ ᠥᠷᠭᠡᠳᠬᠡᠵᠦ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃

ᠭᠠᠳᠠᠭᠠᠳᠤ ᠬᠠᠷᠢᠯᠴᠠᠭᠠᠨ ᠤ ᠠᠵᠢᠯ ᠤᠨ ᠳᠤᠮᠳᠠᠬᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠳᠦᠯ ᠢ

ᠪᠠᠳᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ

ᠣᠶᠢᠯᠠᠭᠠᠭᠳᠠᠬᠤᠨ ᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ

ᠤᠯᠤᠰ ᠤᠨ ᠳᠠᠭᠤᠨ ᠢ ᠰᠠᠶᠢᠲᠤᠷ ᠤᠯᠠᠮᠵᠢᠯᠠᠬᠤ ᠬᠡᠷᠡᠭᠲᠡᠢ᠃

ᠭᠡᠰᠢᠭᠦᠳ ᠠ᠋︕ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ

ᠰᠠᠶᠢᠲᠤᠷ ᠬᠢᠬᠦ ᠨᠢ ᠮᠠᠨ ᠤ ᠤᠯᠤᠰ ᠲᠦᠷᠦ ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ

ᠬᠡᠮᠵᠢᠶ᠎ᠡ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ

︽ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ ᠶᠢᠨ ᠬᠡᠷᠡᠭ ᠢ ᠴᠢᠳᠠᠮᠠᠭᠠᠢ ᠪᠠᠷ

ᠵᠥᠪᠯᠡᠬᠦ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ ᠴᠢᠬᠤᠯᠠ

ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ

ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ

ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠤ ᠪᠠᠶᠢᠳᠠᠯ ᠢ ᠴᠢᠬᠤᠯᠠᠴᠢᠯᠠᠨ᠂ ᠪᠣᠳᠠᠲᠤ ᠠᠵᠢᠯ ᠬᠢᠵᠦ᠂ ᠪᠣᠳᠠᠲᠤ ᠦᠷ᠎ᠡ

ᠪᠦᠲᠦᠮᠵᠢ ᠶᠢ ᠡᠷᠬᠢᠮᠯᠡᠬᠦ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ

ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠢᠯᠠᠨ

ᠳᠠᠪᠠᠭᠤ ᠪᠠ ᠵᠠᠯᠠᠷᠠᠭᠤᠯᠤᠨ ᠵᠠᠰᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠮᠵᠢᠯᠲᠠ ᠭᠠᠷᠭᠠᠬᠤ ᠪᠠᠷ

ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠤᠯᠤᠰ ᠲᠥᠷᠥ ᠶᠢᠨ

ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠢᠭᠲᠠᠯᠠᠭᠰᠠᠨ ᠳᠡᠭᠡᠷ᠎ᠡ ᠨᠢᠭᠲᠠᠯᠠᠬᠤ᠂ ᠲᠦᠢᠯ ᠤᠨ ᠰᠠᠶᠢᠨ

ᠬᠡᠮᠵᠢᠶᠡᠨ ᠳᠤ ᠬᠦᠷᠭᠡᠬᠦ ᠶᠢ ᠬᠥᠭᠡᠭᠡᠴᠡᠯᠳᠦᠬᠦ ᠠᠵᠢᠯ ᠤᠨ ᠣᠪᠣᠷ ᠢ ᠰᠠᠨᠠᠭᠠᠴᠢᠯᠠᠵᠤ᠂ ᠳᠦᠷᠢᠮ ᠲᠣᠭᠲᠠᠭᠠᠯ ᠢ

ᠲᠡᠭᠦᠯᠳᠡᠷᠵᠢᠭᠦᠯᠦᠨ᠂ ᠠᠵᠢᠯ ᠤᠨ ᠲᠥᠯᠥᠪᠯᠡᠭᠡᠲᠦ ᠴᠢᠨᠠᠷ᠂ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠪᠣᠳᠠᠲᠤ

ᠪᠦᠲᠦᠮᠵᠢᠲᠦ ᠴᠢᠨᠠᠷ ᠢ ᠴᠢᠩᠭᠠᠳᠬᠠᠵᠤ᠂ ᠪᠠᠶᠢᠭᠤᠯᠭ᠎ᠠ ᠶᠢᠨ ᠺᠠᠳ᠋ᠷ ᠤᠨ ᠶᠡᠷᠦᠩᠬᠡᠢ ᠬᠡᠪ ᠴᠢᠨᠠᠷ ᠪᠠ ᠦᠢᠯᠡᠴᠢᠯᠡᠬᠦ ᠬᠢᠷᠢ

ᠬᠡᠮᠵᠢᠶ᠎ᠡ ᠶᠢ ᠳᠡᠭᠡᠭᠰᠢᠯᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ

ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ᠂

ᠱᠠᠯᠠᠮᠠᠭᠠᠢ ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ

ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠣᠷᠢᠭᠲᠠᠢ ᠬᠢᠵᠦ ᠴᠢᠳᠠᠮᠠᠭᠠᠢ ᠠᠵᠢᠯᠯᠠᠨ ᠨᠠᠶᠢᠳᠠᠪᠤᠷᠢᠵᠢᠭᠤᠯᠤᠯᠲᠠ ᠶᠢ

ᠠᠳᠬᠤᠬᠤ ᠶᠢ ᠪᠡᠶᠡᠯᠡᠭᠦᠯᠦᠨ᠂ ᠨᠠᠮ ᠳᠠᠭᠠᠨ ᠨᠠᠶᠢᠳᠠᠪᠤᠷᠢᠲᠠᠢ᠂ ᠠᠷᠠᠳ ᠲᠦᠮᠡᠨ ᠳᠤ ᠲᠠᠭᠠᠰᠢᠶᠠᠭᠳᠠᠬᠤ ᠵᠢᠱᠢᠶᠡᠴᠢ

ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃

ᠭᠡᠰᠢᠭᠦᠳ ᠠ᠋︕ ᠪᠦᠯᠬᠦᠮᠳᠡᠯ ᠬᠦᠴᠦᠨ ᠴᠢᠳᠠᠯ ᠢ ᠨᠢᠭᠲᠠᠷᠠᠭᠤᠯᠵᠤ᠂ ᠲᠡᠮᠡᠴᠡᠯ ᠠᠭᠤᠤ ᠦᠢᠯᠡᠰ ᠢ ᠴᠣᠭᠴᠠᠯᠠᠨ᠎ᠠ᠃ ᠪᠢᠳᠡ

ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ

ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ᠂ ᠣᠯᠠᠨ ᠤ

ᠪᠣᠳᠣᠯᠭ᠎ᠠ ᠬᠠᠮᠲᠤ ᠶᠢᠨ ᠬᠦᠴᠦᠨ ᠢᠶᠠᠷ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ

ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ

ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕

︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶

︵ᠲᠤᠮᠳᠠᠳᠤ ᠤᠯᠤᠰ ᠤᠨ ᠦᠨᠳᠦᠰᠳᠦᠲᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠤᠷᠴᠢᠭᠤᠯᠪᠠ︶

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号