ᠤᠢᠢᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭᠠᠨ ᠤ ᠲᠥᠰᠦᠯ︾ ︵ | ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠠᠵᠢᠯᠯᠠᠭᠠᠨ ᠤ | ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠲᠥᠪ ᠤᠨ ᠡᠳ᠋ ᠤᠨ ᠵᠠᠰᠠᠭ ᠠᠵᠤ | ᠠᠬᠤᠶ ᠶᠢᠨ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠣᠲᠣᠭᠠᠳᠤ ᠬᠡᠷᠡᠭᠴᠡᠭᠡ ᠶᠢ ᠨᠢᠭᠡᠳᠦᠯᠲᠡᠶ ᠲᠥᠯᠥᠪᠵᠢᠬᠦᠯᠤᠨ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ᠂ ᠵᠠᠰᠠᠭ ᠤᠨ ᠣᠷᠳᠣᠨ | ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠵᠦ | ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠵᠤ᠂ ᠡᠮᠬᠢ ᠵᠢᠷᠤᠮ ᠲᠠᠢ ᠪᠠᠷ ᠳᠡᠭᠡᠭᠰᠢᠯᠡᠭᠦᠯᠵᠦ᠂ ᠲᠥᠬᠦᠭᠡᠷᠦᠮᠵᠢ ᠶᠢ ᠰᠢᠨᠡᠳᠭᠡᠬᠦ᠂ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠪᠤᠴᠠᠭᠠᠨ ᠬᠤᠷᠢᠶᠠᠵᠤ ᠡᠷᠬᠢᠯᠳᠦᠬᠦᠯᠦᠨ ᠠᠰᠢᠭᠯᠠᠬᠤ᠂ | ᠪᠠᠷᠢᠮᠵᠢᠶ᠎ᠠ ᠶᠢ ᠳᠡᠭᠡᠭᠰᠢᠯᠡᠭᠦᠯᠬᠦ ᠲᠦᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠤ ᠲᠥᠬᠦᠭᠡᠷᠦᠮᠵᠢ ᠶᠢ | ᠦᠢᠯᠡᠳᠪᠦᠷᠢᠯᠡᠵᠦ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ | ᠵᠢᠩ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠪᠥᠬᠡᠯᠢᠭ ᠬᠡᠷᠡᠭᠯᠡᠭᠡ ᠶᠢᠨ ᠵᠦᠢᠯ ᠢ ᠰᠠᠭᠤᠭᠠᠯᠢ | ᠠᠷᠠᠳ ᠤᠨ ᠠᠮᠢᠳᠤᠷᠠᠯ ᠳᠤ ᠨᠡᠩ ᠤᠯᠠᠨ ᠣᠷᠣᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ | ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠵᠦ᠂ ᠤᠯᠤᠰ ᠠᠷᠠᠳ ᠤᠨ ᠠᠵᠤ ᠠᠬᠤᠶ ᠶᠢᠨ ᠡᠷᠬᠢᠯᠳᠡ ᠶᠢᠨ ᠶᠠᠰᠤ ᠴᠢᠨᠠᠷ ᠪᠠ | ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ︽ᠠᠵᠢᠯᠯᠠᠭᠠᠨ ᠤ ᠲᠥᠰᠦᠯ︾ ᠳᠤ᠂ 2027 ᠣᠨ ᠪᠣᠯᠬᠤ ᠳᠤ ᠠᠵᠤ ᠦᠢᠯᠡᠳᠪᠦᠷᠢ᠂ ᠬᠥᠳᠡᠭᠡ ᠠᠵᠤ ᠠᠬᠤᠢ᠂ | ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮ ᠡᠮᠨᠡᠯᠭᠡ ᠵᠡᠷᠭᠡ ᠬᠦᠷᠢᠶᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 25% ᠠᠴᠠ ᠳᠡᠭᠡᠭᠰᠢ | ᠨᠡᠮᠡᠭᠳᠡᠭᠦᠯᠦᠨ᠎ᠡ︔ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯ ᠪᠣᠯᠬᠤ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠲᠦᠪᠰᠢᠨ ᠳᠤ ᠬᠦᠷᠭᠡᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠷ᠎ᠡ ᠪᠦᠲᠦᠮᠵᠢ ᠨᠢ A ᠲᠠᠰ ᠤᠨ ᠲᠦᠪᠰᠢᠨ ᠳᠤ ᠬᠦᠷᠦᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ | ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠣᠭᠠᠴᠢᠯᠠᠭᠰᠠᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠪᠠᠭᠠᠵᠢ ᠶᠢᠨ ᠲᠦᠭᠡᠮᠡᠯᠵᠢᠭᠰᠡᠨ ᠨᠣᠷᠮ᠎ᠠ᠂ ᠵᠠᠩᠭᠢᠯᠠᠭ᠎ᠠ ᠶᠢᠨ | ᠠᠵᠢᠯ ᠤᠨ ᠳᠠᠷᠠᠭᠠᠯᠠᠯ ᠤᠨ ᠲᠣᠭᠠᠴᠢᠯᠠᠬᠰᠠᠨ ᠡᠵᠡᠮᠳᠡᠯ ᠤᠨ ᠨᠣᠷᠮ᠎ᠠ ᠶᠢ ᠲᠣᠰ ᠲᠣᠰ 90%᠂ 75% ᠶᠢ ᠳᠠᠪᠠᠭᠤᠯᠤᠨ᠎ᠠ︔ | ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠭᠰᠠᠨ ᠬᠡᠮᠵᠢᠶ᠎ᠡ ᠶᠢ 2023 ᠣᠨ ᠤ ᠬᠢ ᠠᠴᠠ ᠪᠠᠷᠤᠭ ᠨᠢᠭᠡ ᠳᠠᠬᠢᠨ | ᠨᠡᠮᠡᠭᠳᠡᠬᠦᠯᠵᠦ᠂ ᠭᠠᠷ ᠳᠠᠮᠵᠢᠭᠰᠠᠨ ᠮᠠᠰᠢᠨ ᠲᠡᠷᠭᠡ ᠶᠢᠨ ᠠᠷᠠᠯᠵᠢᠶᠠᠨ ᠤ ᠬᠡᠮᠵᠢᠶ᠎ᠡ ᠶᠢ 2023 ᠣᠨ ᠤ ᠬᠢ ᠠᠴᠠ | 45% ᠪᠠᠷ ᠨᠡᠮᠡᠭᠳᠡᠬᠦᠯᠵᠦ᠂ ᠬᠠᠭᠤᠴᠢᠨ ᠬᠠᠶᠠᠭᠳᠠᠮᠠᠯ ᠬᠡᠷ ᠤᠨ ᠴᠠᠬᠢᠯᠭᠠᠨ ᠬᠡᠷᠡᠭᠰᠡᠯ ᠢ ᠪᠤᠴᠠᠭᠠᠨ ᠬᠤᠷᠢᠶᠠᠭᠰᠠᠨ | ᠬᠡᠮᠵᠢᠶ᠎ᠡ ᠶᠢ 2023 ᠣᠨ ᠤ ᠬᠢ ᠠᠴᠠ 30% ᠪᠠᠷ ᠨᠡᠮᠡᠭᠳᠡᠬᠦᠯᠵᠦ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠬᠢᠨ | ᠠᠰᠢᠬᠯᠠᠵᠤ ᠪᠤᠯᠬᠤ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠴᠢᠨᠠᠬᠰᠢᠳᠠ ᠳᠡᠭᠡᠭᠰᠢᠯᠡᠬᠦᠯᠤᠨ᠎ᠠ ᠭᠡᠵᠤ ᠲᠤᠷᠠᠳᠪᠠ᠃ | ︽ᠠᠵᠢᠯᠯᠠᠭᠠᠨ ᠤ ᠲᠥᠰᠦᠯ︾ ᠳᠤ 5 ᠲᠠᠯ᠎ᠠ ᠶᠢᠨ 20 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ | ᠲᠣᠭᠲᠠᠭᠠᠪᠠ᠃ ᠨᠢᠭᠡ ᠳᠤ᠂ ᠲᠥᠬᠦᠭᠡᠷᠦᠮᠵᠢ ᠶᠢ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ | ᠲᠦᠷᠦᠯ ᠤᠨ ᠲᠥᠬᠦᠭᠡᠷᠦᠮᠵᠢ ᠶᠢ ᠰᠢᠨᠡᠳᠭᠡᠨ ᠥᠭᠡᠷᠡᠴᠢᠯᠡᠬᠦ ᠶᠢ ᠠᠬᠢᠭᠤᠯᠵᠤ᠂ ᠪᠠᠷᠢᠯᠭ᠎ᠠ ᠪᠠ ᠬᠤᠳᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠭᠡᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠷᠬᠠᠰᠠᠨ ᠲᠠᠷᠢᠶᠠᠯᠠᠩ ᠤᠨ ᠮᠠᠰᠢᠨ ᠮᠧᠬᠠᠨᠢᠭ ᠤᠨ ᠰᠢᠨᠡᠴᠢᠯᠡᠯᠲᠡ ᠶᠢ ᠲᠡᠮᠵᠢᠵᠤ | ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮ ᠡᠮᠨᠡᠯᠭᠡ ᠶᠢᠨ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ ᠲᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠥᠷᠨᠢᠭᠦᠯᠵᠦ᠂ | ᠭᠡᠷ ᠤᠨ ᠡᠳ᠋ᠯᠡᠯ ᠬᠡᠷᠡᠭᠰᠡᠯ ᠤᠨ ᠰᠢᠨ᠎ᠡ ᠶᠢ ᠰᠣᠯᠢᠬᠤ ᠶᠢ ᠠᠬᠢᠭᠤᠯᠤᠨ᠎ᠠ᠃ ᠭᠤᠷᠪᠠ ᠳᠤ᠂ ᠪᠤᠴᠠᠭᠠᠨ ᠬᠤᠷᠢᠶᠠᠵᠤ | ᠡᠷᠬᠢᠯᠳᠦᠬᠦᠯᠦᠨ ᠠᠰᠢᠭᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠶᠠᠭᠳᠠᠮᠠᠯ ᠬᠠᠭᠤᠴᠢᠨ ᠦᠢᠯᠡᠳᠬᠦᠨ ᠤ | ᠲᠥᠬᠦᠭᠡᠷᠦᠮᠵᠢ ᠶᠢ ᠪᠤᠴᠠᠭᠠᠨ ᠬᠤᠷᠢᠶᠠᠬᠤ ᠲᠣᠣᠷ ᠢ ᠲᠡᠭᠦᠯᠳᠡᠷᠵᠢᠭᠦᠯᠵᠦ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ | ᠠᠷᠠᠯᠵᠢᠶ᠎ᠠ ᠶᠢ ᠲᠡᠮᠵᠢᠵᠤ᠂ ᠲᠠᠬᠢᠨ ᠦᠢᠯᠡᠳᠬᠦ ᠪᠠ ᠱᠠᠲᠤᠯᠠᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠡᠬᠢ | ᠪᠠᠶᠠᠯᠢᠭ ᠢ ᠥᠨᠳᠥᠷ ᠲᠦᠪᠰᠢᠨ ᠢᠶᠠᠷ ᠲᠠᠬᠢᠨ ᠠᠰᠢᠭᠯᠠᠬᠤ ᠶᠢ ᠠᠬᠢᠭᠤᠯᠤᠨ᠎ᠠ᠃ ᠲᠦᠷᠪᠡ ᠳᠤ᠂ ᠪᠠᠷᠢᠮᠵᠢᠶ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠢᠢ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ᠂ ᠭᠠᠳᠠᠭᠰᠢᠯᠠᠭᠤᠯᠤᠯᠲᠠ᠂ | ᠮᠡᠷᠭᠡᠵᠢᠯ ᠤᠨ ᠪᠠᠷᠢᠮᠵᠢᠶ᠎ᠠ ᠶᠢ ᠲᠦᠷᠭᠡᠳᠭᠡᠨ ᠲᠡᠭᠦᠯᠳᠡᠷᠵᠢᠭᠦᠯᠵᠦ᠂ ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ | ᠳᠡᠭᠡᠭᠰᠢᠯᠡᠭᠦᠯᠬᠦ ᠶᠢ ᠴᠢᠩᠭᠠᠳᠬᠠᠵᠤ᠂ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ ᠪᠠᠷᠢᠮᠵᠢᠶ᠎ᠠ ᠶᠢᠨ ᠬᠠᠩᠭᠠᠯᠭ᠎ᠠ ᠶᠢ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ | ᠵᠤᠯᠭᠠᠭᠤᠯᠬᠤ ᠶᠢ ᠴᠢᠩᠭᠠᠳᠬᠠᠨ᠎ᠠ᠃ ᠲᠠᠪᠤ ᠳᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠢᠢ ᠴᠢᠩᠭᠠᠳᠬᠠᠨ᠎ᠠ᠃ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠠᠶᠢᠯᠢ ᠶᠢᠨ | ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠳᠡᠮᠵᠢᠯᠭᠡ ᠶᠢ | ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠠ ᠶᠢ ᠡᠬᠦᠳᠬᠦ ᠲᠤᠯᠭᠠᠭᠤᠷᠢᠯᠠᠯ ᠢ | ᠴᠢᠩᠭᠠᠳᠬᠠᠨ᠎ᠠ᠃ | ︽ᠠᠵᠢᠯᠯᠠᠭᠠᠨ ᠤ ᠲᠥᠰᠦᠯ︾ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ | ᠰᠠᠶᠢᠲᠤᠷ ᠬᠢᠵᠦ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠶ ᠭᠡᠵᠦ ᠱᠠᠭᠠᠷᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ︶ |