ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ | ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠳᠦᠬᠦᠮᠴᠢᠯᠡᠨ᠎ᠡ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠨᠠᠮ ᠤᠨ ᠲᠥᠪ | ᠬᠤᠷᠢᠶ᠎ᠠ ᠠᠴᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ | ᠲᠠᠰᠢᠷᠠᠮ ᠳᠤ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠤᠨ | ᠣᠯᠭᠤᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ | ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠭᠠᠪᠢᠶᠠᠲᠤ ᠵᠢᠱᠢᠶᠡᠴᠢ ᠬᠥᠮᠦᠰ ᠢ ᠦᠪᠡᠳᠡᠭᠰᠢ ᠶᠡᠭᠡ ᠪᠠᠷ | ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠬᠡᠵᠥ ᠵᠢᠭᠠᠵᠥ ᠭᠠᠷᠭᠠᠪᠠ᠃ | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠥ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠵᠥ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ | ᠵᠢᠱᠢᠶᠡᠴᠢ ᠬᠥᠮᠦᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ ᠬᠥᠬᠢᠭᠦᠯᠦᠨ ᠰᠠᠶᠢᠰᠢᠶᠠᠵᠥ᠂ ᠦᠨᠳᠦᠰᠦᠲᠡᠨ ᠤ ᠵᠣᠷᠢᠭ | ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠥ᠂ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠶᠢᠬᠠᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠥ᠂ ᠪᠦᠬᠦ | ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠰᠤᠷᠤᠯᠴᠠᠬᠤ᠂ ᠪᠠᠭᠠᠲᠤᠷᠴᠤᠳ ᠢ ᠬᠦᠨᠳᠦᠳᠭᠡᠬᠦ᠂ ᠬᠤᠰᠢᠭᠤᠴᠢ ᠪᠣᠯᠬᠤ ᠪᠠᠷ | ᠴᠢᠷᠮᠠᠶᠢᠬᠤ ᠶᠢ ᠠᠬᠢᠭᠤᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠳᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ᠃ | ︽ᠮᠡᠳᠡᠭᠳᠡᠯ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠶ ᠬᠤᠪᠢ ᠨᠡᠮᠡᠷᠢ | ᠦᠵᠡᠭᠦᠯᠦᠭᠰᠡᠨ ᠬᠤᠪᠢ ᠬᠥᠮᠦᠨ ᠢ ᠴᠥᠮ ᠨᠡᠷ᠎ᠡ ᠳᠤᠷᠠᠳᠴᠤ ᠪᠣᠯᠤᠨ᠎ᠠ᠂ ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ | ᠬᠥᠮᠦᠨ ᠳᠤ ᠨᠡᠬᠡᠮᠵᠢᠯᠡᠨ ᠣᠯᠭᠤᠵᠤ ᠪᠣᠯᠤᠨ᠎ᠠ᠃ ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠲᠤ ᠨᠡᠷ᠎ᠡ | ᠳᠤᠷᠠᠳᠬᠤ ᠵᠢᠱᠢᠭᠳᠡᠭᠴᠢ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ | ᠬᠥᠭᠵᠢᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠯᠤᠲᠤ ᠶᠡᠭᠡ ᠬᠤᠪᠢ ᠨᠡᠮᠡᠷᠢ | ᠦᠵᠡᠭᠦᠯᠵᠥ᠂ ᠭᠠᠷᠮᠠᠭᠠᠶ ᠭᠠᠪᠢᠶ᠎ᠠ ᠪᠠᠶᠢᠭᠤᠯᠤᠬᠰᠠᠨ᠂ ᠡᠷᠬᠢᠮ ᠳᠡᠬᠡᠳᠤ ᠶᠣᠰᠣ ᠮᠤᠷᠠᠯ ᠵᠠᠩ ᠴᠢᠨᠠᠷ ᠳ᠋ᠠᠢ᠂ ᠣᠯᠠᠨ | ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠶ ᠬᠥᠮᠦᠰ ᠪᠠᠶᠢᠬᠤ ᠬᠡᠷᠡᠭᠲᠡᠶ᠃ ︽ᠨᠥᠬᠦᠷᠯᠡᠯ ᠤᠨ ᠭᠠᠪᠢᠶᠠᠨ ᠲᠡᠮᠳᠡᠭ︾ | ᠲᠤ ᠨᠡᠷ᠎ᠡ ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ ᠵᠢᠷᠤᠮᠳᠤ ᠣᠳᠣᠬᠢᠴᠢᠯᠠᠯᠳᠠ ᠶᠢᠨ ᠪᠥᠲᠥᠭᠡᠨ | ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠥ᠂ ᠳᠡᠯᠡᠬᠡᠶ ᠶᠢᠨ ᠡᠩᠬᠡ | ᠲᠠᠶᠢᠪᠤᠩ ᠢ ᠬᠠᠮᠠᠭᠠᠯᠠᠬᠤ ᠳᠤᠮᠳᠠ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠳᠤᠮᠳᠠᠳᠤ ᠤᠯᠤᠰ ᠲᠤ ᠣᠷᠳᠣ | ᠬᠤᠭᠤᠴᠠᠭ᠎ᠠ ᠪᠠᠷ ᠨᠥᠬᠦᠷᠰᠡᠭ᠂ ᠰᠠᠶᠢᠨ ᠰᠠᠶᠢᠬᠠᠨ ᠨᠡᠷ᠎ᠡ ᠠᠯᠳᠠᠷ ᠲᠠᠢ ᠭᠠᠳᠠᠭᠠᠳᠤ ᠶᠢᠨ ᠬᠥᠮᠦᠨ ᠪᠠᠶᠢᠬᠤ ᠬᠡᠷᠡᠭᠲᠡᠶ᠃ | ᠤᠯᠤᠰ ᠤᠨ ᠢᠷᠠᠭᠤ ᠠᠯᠳᠠᠷ ᠤᠨ ᠴᠣᠯᠠ ᠳᠤ ᠨᠡᠷ᠎ᠡ ᠳᠤᠷᠠᠳᠬᠤ ᠵᠢᠱᠢᠭᠳᠡᠭᠴᠢ ᠨᠢ ᠠᠵᠤ ᠠᠬᠤᠶ᠂ ᠨᠡᠶᠢᠭᠡᠮ᠂ ᠤᠯᠤᠰ ᠤᠨ | ᠪᠠᠲᠤᠯᠠᠨ ᠬᠠᠮᠠᠭᠠᠯᠠᠯᠲᠠ᠂ ᠭᠠᠳᠠᠭᠠᠳᠤ ᠬᠠᠷᠢᠯᠴᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠡᠯ᠎ᠡ ᠠᠵᠢᠯ ᠲᠥᠷᠥᠯ᠂ ᠢᠯᠠᠩᠭᠤᠶ᠎ᠠ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠡᠷᠬᠢᠮ ᠳᠡᠭᠡᠳᠦ ᠨᠡᠷ᠎ᠡ | ᠬᠦᠨᠳᠦ ᠲᠠᠢ᠂ ᠡᠷᠬᠢᠮ ᠳᠡᠭᠡᠳᠦ ᠶᠣᠰᠣ ᠮᠤᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠶ | ᠬᠥᠮᠦᠰ ᠪᠠᠶᠢᠬᠤ ᠬᠡᠷᠡᠭᠲᠡᠶ᠃ | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ | ᠲᠣᠬᠢᠷᠠᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠭᠢᠯᠭᠡ ᠪᠠᠷ ᠬᠠᠮᠢᠶ᠎ᠠ ᠪᠥᠬᠦᠶ ᠠᠵᠢᠯ ᠢ | ᠰᠠᠶᠢᠲᠤᠷ ᠬᠢᠬᠦ ᠬᠡᠷᠡᠭᠲᠡᠶ᠃ ᠵᠥᠪ ᠴᠢᠭᠯᠡᠯ ᠢ ᠡᠵᠡᠮᠳᠡᠵᠦ᠂ ᠨᠡᠷ᠎ᠡ ᠳᠤᠷᠠᠳᠤᠭᠳᠠᠭᠰᠠᠨ ᠬᠥᠮᠦᠰ ᠤᠨ ᠲᠡᠷᠢᠭᠦᠨ ᠤ ᠴᠢᠨᠠᠷ᠂ | ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠷ᠎ᠡ ᠳᠤᠷᠠᠳᠤᠭᠳᠠᠭᠰᠠᠨ | ᠵᠢᠱᠢᠭᠳᠡᠭᠴᠢ ᠶᠢᠨ ᠪᠠᠶᠢᠩᠭᠤ ᠶᠢᠨ ᠢᠯᠡᠷᠡᠯ ᠢ ᠪᠥᠬᠦ ᠲᠠᠯ᠎ᠠ ᠪᠠᠷ ᠬᠢᠨᠠᠨ ᠰᠢᠯᠭᠠᠵᠤ᠂ ᠤᠯᠤᠰ ᠲᠥᠷᠥ ᠶᠢᠨ ᠪᠣᠭᠤᠮᠲᠠ᠂ | ᠠᠷᠢᠭᠤᠨ ᠴᠢᠬᠡᠴᠢ ᠶᠢᠨ ᠪᠣᠭᠤᠮᠲᠠ ᠶᠢ ᠰᠠᠶᠢᠲᠤᠷ ᠰᠠᠬᠢᠬᠤ ᠶᠢ ᠳᠣᠪᠤᠶᠢᠯᠭᠠᠵᠤ᠂ ᠪᠣᠳᠠᠲᠠᠶ ᠬᠤᠪᠢ ᠨᠡᠮᠡᠷᠢ ᠪᠠᠷ ᠴᠢᠬᠤᠯᠠ | ᠦᠨᠡᠯᠡᠬᠦ ᠪᠠᠷᠢᠮᠵᠢᠶ᠎ᠠ ᠪᠣᠯᠭᠠᠵᠤ᠂ ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠣᠯᠠᠨ | ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ | ᠰᠣᠨᠣᠰᠴᠤ᠂ ᠰᠠᠶᠢᠨ ᠤ ᠳᠤᠮᠳᠠ ᠠᠴᠠ ᠰᠢᠯᠢᠳᠡᠭ ᠢ ᠨᠢ ᠰᠣᠩᠭᠤᠬᠤ ᠬᠡᠷᠡᠭᠲᠡᠶ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ︶ |