— 2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | | | | ᠲᠥᠯᠥᠭᠡᠯᠡᠭᠴᠢᠳ ᠠ᠋᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ ᠲᠦᠢᠯ ᠤᠨ ᠲᠦᠪᠡᠭ ᠪᠤᠳᠤᠯᠢᠶᠠᠨᠲᠠᠢ ᠣᠯᠠᠨ | ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ | ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ | ᠢᠯᠠᠯᠲᠠ ᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | — ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠪᠦᠭᠦ ᠦᠷᠳᠡᠭ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ | ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ | ᠦᠨ᠎ᠡ 0.2% ᠢᠶᠠᠷ ᠥᠰᠪᠡ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ | ᠪᠠᠶᠢᠨ᠎ᠠ᠃ | — ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ ᠬᠥᠭᠵᠢᠭᠦᠯᠵᠦ᠂ ᠢᠷᠡᠭᠡᠳᠦᠢ ᠶᠢᠨ ᠠᠵᠤ | ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ | ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ ᠣᠷᠣᠭᠤᠯᠵᠤ᠂ ᠤᠯᠤᠰ ᠲᠠᠭᠠᠨ | ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ | ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ 60% ᠶᠢ ᠳᠠᠪᠠᠵᠠᠢ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ | ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ ᠣᠯᠵᠤ᠂ | ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ ᠴᠥᠮ᠎ᠡ ᠶᠢᠨ | ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ | ᠬᠥᠭᠵᠢᠵᠦ᠂ ᠵᠣᠬᠢᠶᠠᠮᠠᠯ ᠤᠶᠤᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ | ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ | 28.6% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ ᠦᠷᠭᠦᠯᠵᠢᠯᠡᠨ | ᠳᠡᠭᠡᠭᠰᠢᠯᠡᠪᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ | ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠶᠠᠪᠤᠭᠳᠠᠭᠤᠯᠪᠠ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ | ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ | ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ | ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ | ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ ᠢᠯᠡᠷᠡᠭᠦᠯᠪᠡ᠃ | — ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ ᠤᠨᠠᠯᠳᠠ 1. | 39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠡᠨᠧᠷᠭᠢ ᠶᠢᠨ | ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ ᠴᠢᠬᠤᠯᠠ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ ᠠᠬᠤᠢ | ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ | ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠪᠤᠯᠬᠤ | ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ | ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ ᠦᠷᠭᠦᠯᠵᠢᠯᠡᠨ | ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ | ᠲᠠᠯ᠎ᠠ ᠪᠠᠷ ᠡᠬᠢᠯᠡᠭᠦᠯᠪᠡ᠃ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠭᠦ ᠵᠢᠯ ᠳᠤ | ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ | ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ | ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 | ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ | ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ | ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ | ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ | ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ | ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ | ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ | ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ | ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ | ᠳᠠᠪᠬᠤᠷᠭ᠎ᠠ ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ | ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ | ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ | ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ | ᠲᠣᠪᠤᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ | ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ ᠲᠦᠷᠦ ᠶᠢᠨ | ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ | ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ | ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ | ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ | ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ | ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ | ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ | ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ | ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ | ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ | ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ | ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ | ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ | ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ | ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ | ᠨᠡᠯᠦ᠋ᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ | ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ | ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ | ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ | ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ | ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ | ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ | ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ | ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ | ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ | ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ | ᠭᠡᠷ ᠦᠷᠤᠭᠡ᠂ ᠡᠯᠧᠺᠳ᠋ᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ | ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ | ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ | ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ ᠥᠭᠴᠡᠭᠡ ᠶᠢ | ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ | ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ | ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ | ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ | ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ | ᠲᠦᠭᠡᠮᠡᠯᠵᠢᠭᠰᠡᠨ ᠨᠣᠷᠮ᠎ᠠ 50% ᠶᠢ ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ | ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ | ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ | ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ | ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ | ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ | ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ | ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ | ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ | ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ | ᠵᠠᠰᠠᠭ ᠭᠠᠶᠢᠯᠢ ᠮᠥᠩᠭᠦᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ | ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ | ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ | ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ | ᠢᠳᠡᠭᠳᠡᠯ᠂ ᠴᠥᠯᠵᠢᠯᠲᠡ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ | ᠪᠦᠯᠦᠭ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ | ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ | ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ | ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ | ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ | ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ | 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ | ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ | ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ | ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ ᠭᠠᠵᠠᠷ ᠤᠨ ᠣᠨᠴᠠ ᠶᠡᠭᠡ ᠦᠶᠡᠷ | ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ | ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ | ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ | ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ | ᠮᠠᠨ ᠤ ᠤᠯᠤᠰ ᠤᠨ ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ | ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ | ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 | ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ | ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ | ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ | ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ | ᠲᠣᠭᠲᠠᠴᠠ ᠶᠢ ᠰᠢᠯᠢᠳᠡᠭᠵᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ | ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ | ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ | ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ | ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ | ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ | ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ | ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ | ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ | ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ | ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ | ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ | ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ | ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ | ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ | ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ ᠥᠢᠢᠯᠡᠳᠪᠦᠷᠢᠯᠡᠭᠦ ᠴᠢᠳᠠᠪᠤᠷᠢ ᠦᠯᠡᠭᠦᠳᠡᠵᠦ᠂ | ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ | ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ | ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ | ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ | ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ | ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ | ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠣᠮᠲᠣᠭᠠᠶᠢᠯᠠᠵᠤ ᠪᠣᠯᠣᠰᠢ | ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ | ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ | ᠵᠠᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ | ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ | ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ | ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ | ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ | ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ | ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ | ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 | ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ | ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ | ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ | ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ | ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ | ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ | ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ | ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ | ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ | ᠳᠠᠪᠬᠤᠷᠭ᠎ᠠ ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ | ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ | ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ | ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ | ᠲᠣᠪᠤᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ | ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ ᠲᠦᠷᠦ ᠶᠢᠨ | ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ | ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ | ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ | ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ | ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ | ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ | ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ | ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ | ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ | ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ | ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ | ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ | ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ | ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ | ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ | ᠨᠡᠯᠦ᠋ᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ | ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ | ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ | ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ | ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ | ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ | ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ | ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ | ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ | ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ | ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ | ᠭᠡᠷ ᠦᠷᠤᠭᠡ᠂ ᠡᠯᠧᠺᠳ᠋ᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ | ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ | ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ | ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ ᠥᠭᠴᠡᠭᠡ ᠶᠢ | ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ | ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ | ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ | ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ | ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ | ᠲᠦᠭᠡᠮᠡᠯᠵᠢᠭᠰᠡᠨ ᠨᠣᠷᠮ᠎ᠠ 50% ᠶᠢ ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ | ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ | ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ | ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ | ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ | ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ | ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ | ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ | ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ | ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ | ᠵᠠᠰᠠᠭ ᠭᠠᠶᠢᠯᠢ ᠮᠥᠩᠭᠦᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ | ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ | ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ | ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ | ᠢᠳᠡᠭᠳᠡᠯ᠂ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ | ᠪᠦᠯᠦᠭ ᠤᠨ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ | ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ | ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ | ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ | ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ | ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ | 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ | ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ | ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ | ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ ᠭᠠᠵᠠᠷ ᠤᠨ ᠣᠨᠴᠠ ᠶᠡᠭᠡ ᠦᠶᠡᠷ | ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ | ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ | ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ | ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ | ᠮᠠᠨ ᠤ ᠤᠯᠤᠰ ᠤᠨ ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ | ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ | ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 | ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ | ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ | ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ | ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ | ᠲᠣᠭᠲᠠᠴᠠ ᠶᠢ ᠰᠢᠯᠢᠳᠡᠭᠵᠢᠭᠦᠯᠪᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ | ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ | ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ | ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ | ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ | ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ | ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ | ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ | ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ | ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ | ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ | ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ | ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ | ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ | ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ | ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ | ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ | ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ | ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ | ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ | ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ | ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ | ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠣᠮᠲᠣᠭᠠᠶᠢᠯᠠᠵᠤ ᠪᠣᠯᠣᠰᠢ | ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ | ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ | ᠵᠠᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ | ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ | ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ | ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ | ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ | ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ | ᠪᠣᠳᠣᠯᠭ᠎ᠠ ᠶᠢᠨ ᠬᠠᠨᠳᠤᠰᠢ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ | ᠬᠦᠴᠦᠷᠬᠡᠭᠵᠢᠭᠦᠯᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ | ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠦᠨᠡᠨ ᠬᠦ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ | ᠵᠢᠱᠢᠯᠲᠡ ᠶᠢ ᠦᠨᠡᠨ ᠬᠦ ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ | ᠴᠢᠩᠭᠠᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠬᠡᠷᠡᠭᠲᠡᠢ᠃ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠣᠷᠴᠢᠨ ᠨᠥᠬᠦᠴᠡᠯ ᠮᠥᠨ ᠬᠦ ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ ᠰᠢᠯᠭᠠᠯᠲᠠ ᠵᠡᠷᠭᠡ ᠪᠠᠷ | ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠢᠯᠡᠭᠦᠦ ᠪᠠᠶᠢᠨ᠎ᠠ᠃ ᠮᠠᠨ ᠤ ᠤᠯᠤᠰ ᠲᠤ | ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ᠂ ᠠᠵᠤ | ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ | ᠣᠯᠠᠨ ᠪᠠᠶᠢᠳᠠᠭ ᠴᠢᠳᠠᠪᠤᠷᠢᠲᠠᠨ ᠤ ᠳᠠᠪᠠᠭᠤᠯᠢᠭ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ | ᠲᠦᠷᠭᠡᠰᠦᠨ ᠪᠤᠵᠠᠭᠠᠶᠢᠷᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ | ᠠᠵᠤ ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ | ᠪᠥᠭᠡᠳ ᠬᠤᠪᠢᠷᠠᠬᠤ ᠴᠤ ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ | ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠯ᠎ᠡ ᠵᠦᠢᠯ ᠤᠨ | ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠪᠢᠳᠡ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠰᠢᠭᠲᠠᠢ ᠲᠣᠭᠢᠶᠠᠯ ᠢ ᠠᠯᠳᠠᠯ ᠦᠭᠡᠢ ᠠᠮᠵᠢᠵᠤ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ᠂ ᠡᠯ᠎ᠡ | ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ ᠳᠠᠶᠢᠴᠢᠯᠠᠳᠠᠭ ᠯᠠ ᠶᠤᠮ ᠪᠣᠯ ᠯᠠᠪᠲᠠᠶᠢᠶ᠎ᠠ | ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ | ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ | ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ | ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ | ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠳᠠ ᠶᠢ 1.3 ᠲᠦᠮᠡᠨ ᠳ᠋ᠦᠩᠰᠢᠭᠤᠷ | ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ | ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠ ᠪᠣᠯᠣᠯᠴᠠᠭ᠎ᠠ ᠶᠢ | ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ | ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ | ᠪᠣᠯᠣᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ | ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ ᠨᠥᠬᠦᠴᠡᠯ ᠢ ᠴᠤ ᠪᠣᠳᠣᠯᠬᠢᠯᠠᠭᠰᠠᠨ ᠶᠤᠮ᠂ ᠡᠨᠡ ᠨᠢ | ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠱᠠᠭᠠᠷᠳᠠᠯᠭ᠎ᠠ ᠶᠢ | ᠢᠯᠡᠷᠡᠭᠦᠯᠪᠡ᠃ ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ | ᠪᠣᠳᠣᠯᠭ᠎ᠠ ᠶᠢᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ ᠡᠯ᠎ᠡ | ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠢᠬᠤᠯᠠᠲᠠᠢ᠃ | ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠪᠠᠷ ᠲᠣᠭᠲᠠᠭᠤᠨ | ᠪᠠᠶᠢᠯᠭᠠᠬᠤ ᠶᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ᠃ ᠲᠣᠭᠲᠠᠭᠤᠨ | ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠢᠱᠢᠯᠲᠡ ᠶᠢ | ᠲᠣᠭᠲᠠᠭᠤᠨ ᠪᠠᠶᠢᠯᠭᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ᠂ ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ | ᠬᠡᠮᠵᠢᠶ᠎ᠡ ᠶᠢ ᠬᠢᠨᠠᠭᠤᠷ ᠪᠣᠯᠭᠤᠮᠵᠢᠲᠠᠢ ᠨᠡᠶᠢᠲᠡᠯᠡᠵᠦ᠂ ᠴᠢᠨᠠᠷ ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ ᠪᠠ ᠬᠦᠴᠦᠨ ᠦᠭᠡᠢ ᠪᠤᠯᠭᠠᠬᠤ ᠬᠡᠷᠡᠭᠲᠡᠢ᠃ ᠤᠷᠤᠭᠰᠢᠯᠠᠭᠤᠯᠬᠤ | ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ | ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ | ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ | ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ | ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠨ᠎ᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠪᠣᠯᠣᠨ ᠡᠳ᠋ ᠤᠨ | ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠡᠶᠢᠯᠡᠯ ᠢ | ᠰᠢᠯᠢᠳᠡᠭᠵᠢᠭᠦᠯᠦᠨ᠎ᠡ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ᠂ ᠤᠯᠠᠭᠠᠨ ᠲᠤᠭ᠎ᠠ ᠶᠢᠨ | ᠬᠡᠪᠴᠢᠶ᠎ᠡ ᠶᠢ 4.06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠥ ᠵᠢᠯ ᠤᠨ ᠵᠢᠯ ᠤᠨ ᠡᠬᠢᠨ ᠤ | ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠢᠱᠢᠯᠲᠡ ᠪᠠᠷ ᠡᠨᠡ | ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ ᠰᠢᠯᠵᠢᠭᠦᠯᠦᠨ ᠣᠷᠣᠭᠤᠯᠬᠤ | ᠪᠡᠯᠡ ᠮᠥᠩᠭᠦ ᠵᠡᠷᠭᠡ ᠶᠢ ᠨᠡᠮᠡᠪᠡᠯ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ 28.5 | ᠲᠦᠮᠡᠨ ᠳ᠋ᠦᠩᠰᠢᠭᠤᠷ ᠲᠥᠭᠦᠷᠢᠭ ᠪᠣᠯᠵᠤ᠂ ᠲᠦᠷᠦᠭᠦᠦ ᠵᠢᠯ ᠤᠨ ᠬᠢ ᠠᠴᠠ 1.1 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 | ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ | ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠠᠴᠠ ᠡᠬᠢᠯᠡᠨ ᠵᠠᠯᠭᠠᠭ᠎ᠠ ᠪᠠᠷ | ᠬᠡᠳᠦᠨ ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ | ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ᠂ ᠡᠨᠡ ᠵᠢᠯ ᠤᠷᠢᠳ ᠢᠶᠠᠷ ᠲᠦᠮᠡᠨ ᠳ᠋ᠦᠩᠰᠢᠭᠤᠷ ᠲᠥᠭᠦᠷᠢᠭ ᠲᠠᠷᠬᠠᠭᠠᠬᠤ ᠪᠠᠷ | ᠲᠥᠯᠥᠪᠯᠡᠵᠦ ᠪᠠᠶᠢᠨ᠎ᠠ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ | ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ | ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ | ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ | ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠠᠶᠢᠯᠭᠡᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ | ᠡᠳ᠋ ᠤᠨ ᠬᠦᠴᠦᠨ ᠤ ᠬᠤᠪᠢᠶᠠᠷᠢᠯᠠᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ | ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ | ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ᠃ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ | ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠡᠭᠭᠡᠨ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ | ᠴᠢᠩᠭ᠎ᠠ ᠴᠠᠭᠠᠵᠠᠯᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠭᠠᠮᠨᠠᠨ ᠠᠮᠢᠳᠤᠷᠠᠬᠤ ᠳᠠᠳᠬᠠᠯ ᠲᠠᠢ ᠪᠣᠯᠵᠤ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ᠂ ᠡᠳ᠋ ᠤᠨ | ᠵᠠᠰᠠᠭ ᠤᠨ ᠪᠡᠯᠡ ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ | ᠬᠡᠷᠡᠭᠲᠡᠢ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ ᠣᠨᠣᠴᠠᠲᠠᠢ | ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ | ᠪᠠᠶᠢᠯᠭᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ | ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ | ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ ᠴᠢᠩᠭᠠᠳᠬᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠤᠨ᠂ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ | ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ | ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ | ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠪᠡᠯᠡ | ᠮᠥᠩᠭᠦ ᠶᠢᠨ ᠰᠤᠯᠠ ᠳᠠᠷᠤᠭᠳᠠᠬᠤ ᠪᠠ ᠬᠤᠭᠤᠰᠤᠨ ᠡᠷᠭᠢᠯᠳᠦᠬᠦ ᠠᠴᠠ ᠵᠠᠶᠢᠯᠠᠰᠬᠢᠨ᠎ᠡ᠃ ᠬᠥᠷᠥᠩᠭᠡ ᠶᠢᠨ ᠵᠠᠬ᠎ᠠ | ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ᠃ ᠠᠷᠠᠳ ᠤᠨ ᠵᠣᠭᠤᠰ ᠤᠨ ᠭᠤᠪᠢᠭᠤᠯᠭ᠎ᠠ ᠶᠢᠨ | ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ | ᠪᠠᠲᠤᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ | ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ᠂ ᠲᠦᠭᠰᠢᠭᠦᠷᠢ ᠶᠢ | ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ | ᠬᠠᠩᠭᠠᠨ᠎ᠠ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ᠃ ᠬᠥᠭᠵᠢᠯᠲᠡ ᠶᠢᠨ | ᠶᠡᠭᠡ ᠲᠠᠯ᠎ᠠ ᠲᠠᠢ ᠤᠶᠠᠯᠳᠤᠭᠤᠯᠵᠤ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ | ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ | ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠵᠤ᠂ ᠲᠥᠷᠥ ᠶᠢᠨ | ᠪᠣᠳᠣᠯᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠢᠵᠢᠯ ᠴᠢᠭᠯᠡᠯ ᠢᠶᠠᠷ ᠬᠦᠴᠦᠯᠡᠵᠦ᠂ ᠨᠡᠶᠢᠯᠡᠯ ᠬᠦᠴᠦᠨ ᠢ | ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ | ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ ᠠᠪᠴᠤ᠂ ᠠᠵᠤ | ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ | ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠳᠡᠭᠡᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠮᠡᠯ ᠦᠢᠯᠡᠳᠦᠯ ᠢ ᠶᠡᠬᠡᠰᠬᠡᠵᠦ᠂ | ᠨᠢᠭᠡ ᠶᠢ ᠨᠢ ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃ | ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ᠂ ᠪᠠᠭᠠᠵᠢ ᠶᠢᠨ | ᠬᠠᠶᠢᠷᠴᠠᠭ ᠢ ᠨᠢ ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ ᠦᠶ᠎ᠡ ᠳᠤ ᠴᠠᠭ | ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ ᠵᠢᠱᠢᠬᠦ ᠶᠢ ᠴᠢᠩᠭᠠᠳᠬᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ ᠪᠠᠷᠢᠮᠵᠢᠶ᠎ᠠ ᠪᠤᠯᠭᠠᠵᠤ᠂ ᠴᠠᠭ ᠲᠤᠬᠠᠢ ᠳᠤᠨᠢ | ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ | ᠣᠨᠣᠴᠠᠲᠠᠢ ᠰᠠᠶᠢᠲᠤᠷ ᠬᠢᠵᠦ᠂ ᠲᠣᠭᠲᠠᠭᠤᠨ ᠪᠥᠭᠡᠳ ᠢᠯᠡ ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ | ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ | ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠴᠢᠬᠤᠯᠠ ᠶᠡᠭᠡ ᠬᠠᠷᠢᠴᠠᠭ᠎ᠠ ᠶᠢ | ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ ᠨᠢ ᠭᠦᠨᠵᠡᠭᠡᠢ ᠤᠬᠠᠭᠠᠯᠠᠨ | ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠵᠤ᠂ ᠦᠨᠳᠦᠰᠦ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ ᠠᠵᠤ ᠠᠬᠤᠶᠢᠯᠠᠯ ᠪᠣᠯᠣᠨ ᠤᠯᠠᠨ | ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ | ᠬᠦᠴᠦᠯᠡᠬᠦ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠰᠠᠶᠢᠨ ᠦᠢᠯᠡᠳᠦᠯᠴᠡᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠭᠰᠠᠨ ᠤᠷᠢᠲᠠᠯ | ᠳᠣᠣᠷ᠎ᠠ᠂ ᠬᠥᠭᠵᠢᠯᠲᠡ ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ | ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ | ᠬᠠᠨᠳᠤᠬᠤ ᠶᠢ ᠴᠢᠬᠤᠯᠠᠴᠢᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠢ | ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ᠃ | ᠦᠨᠳᠦᠰᠦᠨ ᠠᠴᠠ ᠨᠢ ᠠᠪᠴᠤ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ | ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ | ᠤᠶᠠᠯᠳᠤᠭᠤᠯᠬᠤ ᠶᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠢᠵᠠᠭᠠᠷᠯᠠᠯ ᠢ ᠬᠦᠴᠦᠯᠡᠨ | ᠰᠢᠪᠲᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ ᠭᠤᠣᠯ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ | ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠯᠡᠨ | ᠠᠬᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠤᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ | ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ᠃ ᠦᠢᠯᠡᠳᠬᠦ ᠦᠢᠯᠡᠰ ᠤᠨ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ | ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ | ᠬᠦᠴᠦᠨ ᠢ ᠴᠢᠩᠭᠠᠳᠬᠨ᠎ᠠ᠃ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠭᠦ᠂ ᠣᠶᠤᠨᠴᠢᠯᠠᠬᠤ᠂ ᠨᠤᠭᠤᠭᠠᠨᠵᠢᠭᠤᠯᠬᠤ ᠭᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠎ᠠ᠃ ᠤᠳᠤ ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠲᠦᠷᠭᠡᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ | ᠬᠥᠭᠵᠢᠯᠲᠡ ᠶᠢ ᠠᠬᠢᠭᠤᠯᠤᠨ᠎ᠠ᠃ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ ᠪᠠ ᠶᠠᠰᠤ ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ | ᠪᠦᠬᠦᠢ ︽ᠳᠤᠮᠳᠠᠳᠤ ᠤᠯᠤᠰ ᠤᠨ ᠦᠢᠯᠡᠳᠬᠦ ᠦᠢᠯᠡᠰ︾ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠎ᠠ᠃ | ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ | ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ | ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ | ᠠᠵᠤ ᠦᠢᠯᠡᠰ ᠤᠨ ᠲᠡᠷᠢᠭᠦᠯᠡᠬᠦ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ | ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ ᠬᠥᠭᠵᠢᠭᠰᠡᠨ ᠬᠤᠰᠢᠭᠤᠷᠠᠯ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠠᠮᠢᠳᠤ ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ | ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ᠃ | ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ | ᠨᠠᠰᠤᠨ ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠨᠢᠭᠡ ᠪᠦᠯᠦᠭ ᠢᠷᠡᠭᠡᠳᠦᠢ ᠶᠢᠨ ᠠᠵᠤ | ᠦᠢᠯᠡᠰ ᠤᠨ ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠳᠠᠮᠵᠢ ᠶᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ | ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ | ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ | ᠰᠡᠷᠭᠡᠶᠢᠯᠡᠨ᠎ᠡ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳ᠋ᠢᠵᠢᠲ᠋ᠠᠯ ᠤᠨ ᠠᠵᠤ | ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ ᠢᠳᠡᠪᠬᠢᠲᠡᠢ ᠠᠬᠢᠭᠤᠯᠵᠤ᠂ ᠳ᠋ᠢᠵᠢᠲ᠋ᠠᠯ ᠮᠡᠷᠭᠡᠵᠢᠯ ᠪᠠ | ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ᠂ ᠵᠣᠬᠢᠶᠠᠮᠠᠯ | ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂ ︽ᠵᠣᠬᠢᠶᠠᠮᠠᠯ ᠤᠶᠤᠯᠢᠭ +︾ | ᠠᠵᠢᠯᠯᠠᠭ᠎ᠠ ᠶᠢ ᠥᠷᠨᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ | ᠪᠥᠭᠡᠭᠡᠨᠡᠷᠡᠯ ᠢ ᠪᠤᠢ ᠪᠣᠯᠭᠠᠨ᠎ᠠ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ ᠶᠢ | ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠳ᠋ᠢᠵᠢᠲ᠋ᠠᠯᠴᠢᠯᠠᠯᠲᠠ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ | ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ | ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠤᠯᠠᠨ ᠤᠯᠤᠰ ᠤᠨ ᠥᠷᠢᠰᠦᠯᠳᠦᠭᠡᠨ ᠳᠤᠮᠳᠠ ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ | ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ | ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ ᠪᠦᠲᠦᠭᠡᠨ ᠪᠠᠶᠢᠭᠤᠯᠵᠤ᠂ ᠪᠦᠭᠦ | ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ᠂ ᠪᠤᠳᠤᠬᠤ ᠬᠦᠴᠦᠨ ᠤ | ᠠᠵᠤ ᠦᠢᠯᠡᠰ ᠤᠨ ᠠᠮᠢ ᠠᠬᠤᠢ ᠶᠢ ᠪᠤᠶᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ | ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠵᠤ᠂ ᠠᠷᠠᠳ ᠤᠨ ᠠᠮᠢᠳᠤᠷᠠᠯ ᠢ | ᠪᠠᠶᠠᠯᠢᠭᠵᠢᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ᠃ ᠰᠤᠷᠭᠠᠨ | ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ | ᠬᠡᠯᠬᠢᠶ᠎ᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠮᠡᠷᠭᠡᠵᠢᠯ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ | ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠨ᠎ᠠ᠃ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ᠶᠢ ᠲᠣᠭᠲᠠᠭᠠᠨ | ᠬᠡᠷᠡᠭᠵᠢᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ | ᠲᠦᠷᠭᠡᠳᠬᠡᠵᠦ᠂ ᠬᠥᠳᠡᠭᠡ ᠲᠤᠰᠬᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ | ᠨᠥᠬᠦᠴᠡᠯ ᠢ ᠰᠠᠶᠢᠵᠢᠷᠠᠭᠤᠯᠤᠨ᠂ ︽ᠬᠤᠶᠠᠷ ᠢ ᠬᠥᠩᠭᠡᠷᠡᠭᠦᠯᠬᠦ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠳᠤ | ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ | ᠰᠢᠶᠠᠨ ᠤ ᠪᠦᠰᠡ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ | ᠬᠥᠩᠭᠡᠷᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭ᠎ᠠ | ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠤᠯᠤᠰ ᠤᠨ | ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ | ᠲᠦᠷᠭᠡᠯᠡᠨ ᠪᠠᠶᠢᠭᠤᠯᠵᠤ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢ | ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ | ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ᠃ ᠰᠤᠷᠤᠬᠴᠢ ᠶᠢᠨ ᠰᠡᠳᠬᠢᠴᠡ ᠶᠢᠨ | ᠡᠷᠡᠭᠦᠯ ᠮᠡᠨᠲᠦ ᠶᠢᠨ ᠬᠥᠮᠦᠵᠢᠯ ᠢ ᠴᠢᠩᠭᠠᠳᠬᠠᠨ᠎ᠠ᠃ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ᠃ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠷᠠᠳ ᠲᠦᠮᠡᠨ ᠤ ᠵᠣᠯ ᠵᠢᠷᠭᠠᠯ ᠤᠨ | ᠦᠨᠳᠦᠰᠦ ᠶᠢ ᠪᠠᠲᠤᠳᠬᠠᠨ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ | ᠲᠦᠷᠭᠡᠯᠡᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ | ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ ᠭᠠᠵᠠᠷ | ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ | ᠳᠠᠮᠵᠢᠵᠤ᠂ ᠤᠤᠭᠠᠯ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠷᠠᠭᠠᠯᠠᠵᠤ᠂ ᠨᠢᠭᠡ ᠪᠦᠯᠦᠭ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ᠂ ᠨᠡᠶᠢᠭᠡᠮ ᠤᠨ ᠰᠢᠨ᠎ᠡ ᠶᠢ ᠡᠭᠦᠳᠬᠦ ᠡᠬᠢ | ᠪᠠᠶᠠᠯᠢᠭ ᠢ ᠬᠤᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ | ᠰᠢᠢᠳᠪᠦᠷᠢᠯᠡᠬᠦ ᠶᠢ ᠠᠬᠢᠭᠤᠯᠵᠤ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠬᠤᠰᠢᠭᠤᠷᠠᠯ ᠮᠡᠷᠭᠡᠵᠢᠯ ᠤᠨ ᠰᠤᠳᠤᠯᠭᠠᠨ ᠢ | ᠴᠢᠩᠭᠠᠳᠬᠠᠨ᠎ᠠ᠃ ᠤᠯᠤᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠨᠡᠶᠢᠲᠡᠯᠢᠭ | ᠴᠢᠨᠠᠷᠲᠠᠢ ᠮᠡᠷᠭᠡᠵᠢᠯ ᠤᠨ ᠲᠠᠪᠴᠠᠩ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ | ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠲᠦᠷᠦᠭᠦᠯᠡᠨ | ᠬᠡᠷᠡᠭᠵᠢᠭᠦᠯᠬᠦ ᠶᠢ ᠳᠡᠮᠵᠢᠨ᠎ᠡ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ ᠵᠡᠷᠭᠡ | ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ᠃ | ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠯᠡᠨ ᠪᠤᠢ ᠪᠤᠯᠭᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠨᠡᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠤᠩᠬᠠᠭ | ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠣᠭᠲᠠᠴᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ | ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ᠂ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠨ᠎ᠠ᠃ ᠤᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ | ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ᠃ | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ | ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠨᠳᠥᠷ ᠲᠦᠪᠰᠢᠨ ᠪᠦᠬᠦᠢ | ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠴᠤᠭᠯᠠᠭᠤᠯᠬᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ | ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ | ᠬᠦᠴᠦᠨ ᠢ ᠲᠦᠷᠭᠡᠯᠡᠨ ᠪᠦᠲᠦᠭᠡᠨ ᠪᠠᠶᠢᠭᠤᠯᠵᠤ᠂ ᠨᠡᠩ ᠣᠯᠠᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠢ ᠴᠢᠷᠮᠠᠶᠢᠨ ᠬᠥᠮᠥᠵᠢᠭᠦᠯᠦᠨ ᠪᠤᠢ ᠪᠤᠯᠭᠠᠵᠤ᠂ | ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ᠂ ᠰᠢᠯᠭᠠᠷᠠᠭᠰᠠᠨ ᠢᠨᠵᠧᠨᠧᠷ | ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ | ᠢᠳᠡᠪᠬᠢᠲᠡᠢ ᠠᠬᠢᠭᠤᠯᠤᠨ᠎ᠠ᠃ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ | ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠠᠮᠢᠳᠤᠷᠠᠯ ᠤᠨ ᠪᠠᠲᠤᠯᠠᠭ᠎ᠠ ᠪᠠ | ᠬᠥᠬᠢᠭᠦᠯᠦᠨ ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠬᠥᠮᠥᠨ ᠪᠣᠯᠭᠠᠨ ᠠᠪᠢᠶᠠᠰ | ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ ᠰᠠᠶᠢᠬᠠᠨ | ᠪᠠᠶᠢᠳᠠᠯ ᠢ ᠪᠤᠢ ᠪᠤᠯᠭᠠᠬᠤ ᠬᠡᠷᠡᠭᠲᠡᠢ᠃ | ︵ᠭᠤᠷᠪᠠ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ | ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ | ᠣᠷᠭᠠᠨᠢᠭ ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ | ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ | ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ᠂ ᠬᠠᠩᠭᠠᠯᠭ᠎ᠠ ᠶᠢ | ᠰᠢᠯᠢᠳᠡᠭᠵᠢᠭᠦᠯᠬᠦ᠂ ᠬᠢᠵᠠᠭᠠᠷᠯᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ | ᠶᠡᠷᠦᠩᠬᠡᠶᠢᠯᠡᠨ ᠬᠡᠷᠡᠭᠵᠢᠭᠦᠯᠵᠦ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ ᠬᠥᠭᠵᠢᠭᠡᠨ᠎ᠡ᠃ ᠰᠢᠨ᠎ᠡ ᠭᠡᠯᠪᠡᠷᠢ ᠶᠢᠨ | ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠤᠭᠠᠨ ᠬᠡᠷᠡᠭᠯᠡᠭᠡ᠂ ᠡᠷᠡᠭᠦᠯ ᠮᠡᠨᠳᠦ ᠶᠢᠨ | ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠯᠢᠭ ᠭᠡᠷ ᠦᠷᠦᠭᠡ᠂ ᠰᠣᠶᠣᠯ ᠴᠡᠩᠭᠡᠯ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭ᠎ᠠ ︽ᠭᠠᠩᠭᠠᠩ ᠲᠠᠸᠠᠷ︾ ᠵᠡᠷᠭᠡ ᠬᠡᠷᠡᠭᠯᠡᠭᠡᠨ ᠤ | ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ | ᠥᠷᠭᠡᠳᠬᠡᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ᠂ | ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠳ᠋ᠷᠣᠨ | ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ ᠬᠥᠭᠵᠢᠭᠡᠨ᠎ᠡ᠃ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠪᠤᠶᠢᠵᠢᠭᠤᠯᠬᠤ᠂ | ᠭᠡᠷ ᠠᠬᠤᠢ ᠵᠡᠷᠭᠡ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ | ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠡᠷᠡᠭᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ︽ᠰᠠᠨᠠᠭ᠎ᠠ | ᠠᠮᠤᠷ ᠬᠡᠷᠡᠭᠯᠡᠭᠡᠨ ᠤ ᠠᠵᠢᠯᠯᠠᠭ᠎ᠠ︾ ᠶᠢ ᠬᠡᠷᠡᠭᠵᠢᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ | ᠴᠢᠩᠭᠠᠳᠬᠠᠵᠤ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠷᠢᠮᠵᠢᠶ᠎ᠠ ᠶᠢᠨ | ᠰᠢᠰᠲ᠋ᠧᠮ ᠢ ᠲᠦᠷᠭᠡᠯᠡᠨ ᠪᠠᠶᠢᠭᠤᠯᠵᠤ᠂ ᠲᠠᠸᠠᠷ ᠪᠠ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠢᠶᠠᠨ ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ | ᠬᠠᠩᠭᠠᠬᠤ ᠬᠡᠷᠡᠭᠲᠡᠢ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠠᠶᠢᠴᠢᠯᠠᠨ ᠲᠣᠮᠣᠷᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠨ ᠪᠣᠬᠢᠷᠳᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ | ᠭᠤᠣᠯᠳᠠᠯᠭ᠎ᠠ ᠲᠠᠢ ᠳᠡᠮᠵᠢᠵᠦ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ ᠪᠠᠭᠤᠷᠠᠢ ᠬᠦᠷᠢᠶᠡᠨ ᠤ | ᠳᠤᠲᠠᠭᠤᠳᠠᠯ ᠢ ᠨᠥᠬᠦᠪᠦᠷᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠳᠤᠯ ᠢ ᠠᠷᠢᠯᠭᠠᠬᠤ ᠭᠠᠮᠰᠢᠭ ᠢ | ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ | ᠶᠡᠭᠡ ᠢᠨᠵᠧᠨᠧᠷᠢᠩ ᠤᠨ ᠲᠥᠰᠥᠯ ᠢ ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ | ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠬᠢᠬᠦ ᠬᠦᠷᠢᠶ᠎ᠡ | ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠲᠤᠭ᠎ᠠ ᠬᠡᠮᠵᠢᠶᠡᠨ ᠤ | ᠬᠤᠪᠢᠶᠠᠷᠢᠯᠠᠯᠲᠠ ᠶᠢ ᠲᠥᠰᠥᠯ ᠤᠨ ᠪᠡᠯᠡᠳᠬᠡᠯ ᠢᠶᠠᠷ ᠭᠦᠢᠴᠡᠳ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ | ᠨᠡᠯᠢᠶᠡᠳ ᠥᠨᠳᠥᠷ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠨ ᠰᠠᠶᠢᠲᠤᠷ ᠬᠡᠷᠡᠭᠯᠡᠵᠦ᠂ ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ | ᠰᠡᠷᠭᠡᠶᠢᠯᠡᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠠᠷᠠᠳ ᠤᠨ ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠠᠷᠠᠳ ᠤᠨ ᠬᠥᠷᠥᠩᠭᠡ ᠶᠢᠨ ᠴᠢᠬᠤᠯᠠ ᠶᠡᠭᠡ ᠲᠥᠰᠥᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠬᠠᠯᠬᠠᠪᠴᠢ ᠶᠢ ᠤᠯᠠᠮ ᠨᠢᠭᠡ | ᠠᠯᠬᠤᠮ ᠡᠪᠳᠡᠵᠦ᠂ ᠠᠷᠠᠳ ᠤᠨ ᠪᠡᠯᠡ ᠣᠷᠣᠭᠤᠯᠤᠯᠲᠠ ᠶᠢ ᠨᠡᠩ ᠣᠯᠠᠨ ᠬᠦᠷᠢᠶᠡᠨ ᠳᠤ ᠣᠷᠣᠵᠤ ᠢᠷᠡᠵᠦ ᠳᠡᠶᠢᠯᠭᠦ᠂ | ᠬᠥᠭᠵᠢᠵᠦ ᠳᠡᠶᠢᠯᠭᠦ᠂ ᠦᠢᠯᠡᠰ ᠪᠦᠲᠦᠭᠡᠵᠦ ᠳᠡᠶᠢᠯᠭᠦ ᠪᠣᠯᠭᠠᠨ᠎ᠠ᠃ | ︵ᠳᠥᠷᠪᠡ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ | ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ | ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ | ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ | ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ᠂ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠠᠬᠢᠭᠤᠯᠤᠨ᠎ᠠ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ︽ᠬᠤᠶᠠᠷ | ᠥᠴᠥᠬᠡᠨ ᠴᠦ ᠭᠤᠶᠢᠪᠢᠰᠢ ᠦᠭᠡᠢ︾ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ ᠥᠷᠢᠰᠦᠯᠳᠦᠨ᠂ | ᠮᠥᠴᠡᠭᠡᠷᠬᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ᠃ ᠳᠤᠮᠳᠠᠳᠤ ᠤᠯᠤᠰ ᠤᠨ | ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠳᠡᠯᠡᠬᠡᠢ ᠶᠢᠨ ᠲᠡᠷᠢᠭᠦᠨ | ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠠᠵᠢᠯ ᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠷᠠᠭᠤᠯᠤᠨ᠂ ᠭᠤᠣᠯᠯᠠᠬᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ | ᠪᠠ ᠪᠦᠲᠦᠴᠡ ᠶᠢ ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠣᠯᠬᠤ᠂ ᠲᠥᠪ | ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ | ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ | ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ | ᠴᠢᠩᠭᠠᠳᠬᠠᠨ᠎ᠠ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ | ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ | ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ | ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠭᠠᠪᠰᠢᠭᠠᠶᠢᠯᠠᠵᠤ ᠵᠣᠷᠢᠭᠲᠠᠢ ᠪᠠᠷ | ᠪᠡᠯᠡ ᠤᠷᠤᠭᠤᠯᠬᠤ᠂ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ ᠶᠢ | ᠲᠣᠭᠲᠠᠭᠠᠨ᠎ᠠ᠃ ᠥᠮᠴᠢᠯᠡᠬᠦ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠭᠤᠤᠯᠴᠢ | ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ ᠳᠦᠷᠢᠮᠯᠡᠯ ᠤᠨ ᠨᠢᠭᠡᠳᠦᠯᠲᠡᠢ ᠪᠠᠶᠢᠬᠤ ᠶᠢ | ᠬᠦᠴᠦᠯᠡᠨ ᠠᠬᠢᠭᠤᠯᠤᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢ ᠭᠦᠨᠵᠡᠭᠡᠶᠢᠷᠡᠭᠦᠯᠦᠨ᠎ᠡ᠃ ᠭᠤᠤᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠢ ᠨᠡᠶᠢᠲᠡᠯᠡᠵᠦ᠂ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ | ᠬᠤᠯᠪᠣᠭᠳᠠᠬᠤ ᠬᠦᠷᠢᠶᠡᠨ ᠤ ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠠᠮᠠᠭᠠᠯᠠᠯᠲᠠ᠂ | ᠵᠠᠬ᠎ᠠ ᠳᠡᠯᠭᠡᠭᠦᠷ ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ | ᠥᠷᠢᠰᠦᠯᠳᠦᠭᠡᠨ ᠵᠡᠷᠭᠡ ᠲᠣᠪᠤᠶᠢᠮ᠎ᠠ ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ | ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠵᠦ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠨ᠎ᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠥᠨᠳᠥᠷ | ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠳ᠋ ᠤᠨ | ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ | ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠎ᠡ᠃ ᠤᠷᠤᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ | ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ | ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ | ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ᠃ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ | ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ᠂ ᠬᠢᠯᠢ ᠠᠯᠤᠰᠯᠠᠨ ᠲᠠᠰᠤᠯᠦᠨ ᠪᠤᠳᠤᠬᠤ᠂ | ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ᠃ ᠬᠢᠯᠢ ᠠᠯᠤᠰᠯᠠᠭᠰᠠᠨ ᠡᠯᠧᠺᠳ᠋ᠷᠣᠨ | ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠤᠯᠪᠠᠰᠤᠷᠠᠭᠤᠯᠬᠤ ᠠᠷᠠᠯᠵᠢᠶ᠎ᠠ ᠶᠢᠨ ᠵᠡᠷᠭᠡ | ᠲᠡᠰ ᠢ ᠳᠡᠪᠰᠢᠭᠦᠯᠬᠦ ᠶᠢ ᠳᠡᠮᠵᠢᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠨᠣᠭᠤᠭᠠᠨ ᠠᠷᠠᠯᠵᠢᠶ᠎ᠠ ᠵᠡᠷᠭᠡ ᠰᠢᠨ᠎ᠡ | ᠨᠡᠮᠡᠭᠳᠡᠯ ᠤᠨ ᠴᠡᠭ ᠢ ᠥᠷᠭᠡᠳᠬᠡᠨ᠎ᠡ᠃ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ | ᠢᠳᠡᠪᠬᠢᠲᠡᠢ ᠪᠠᠷ ᠥᠷᠭᠡᠳᠬᠡᠨ᠎ᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ | ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ | ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ | ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ᠃ ᠭᠠᠳᠠᠭᠠᠳᠤ | ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ | ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠰᠠᠶᠢᠲᠤᠷ | ᠡᠷᠭᠢᠯᠡᠨ᠎ᠡ᠃ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ | ᠣᠶᠤᠨᠴᠢ ᠪᠣᠭᠤᠮᠲᠠ ᠶᠢ ᠪᠤᠢ ᠪᠤᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ | ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ᠂ ᠦᠢᠯᠡᠳᠬᠦ | ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠬᠤ | ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠴᠠᠭᠢᠯᠭᠠᠨ ᠬᠤᠯᠪᠤᠭ᠎ᠠ᠂ ᠡᠮᠨᠡᠯᠭᠡ ᠵᠡᠷᠭᠡ | ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠢ ᠥᠷᠭᠡᠳᠬᠡᠵᠦ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ᠂ ᠪᠠᠷᠢᠮᠵᠢᠶ᠎ᠠ | ᠲᠣᠭᠲᠠᠭᠠᠬᠤ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠵᠤ᠂ ᠳ᠋ᠠᠶᠢᠲ᠋ᠠ ᠶᠢᠨ ᠬᠢᠯᠢ ᠠᠯᠤᠰᠯᠠᠨ | ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ | ᠨᠠᠷᠠᠲᠤ ᠲᠡᠮᠳᠡᠭ ᠢ ᠪᠤᠶ ᠪᠣᠯᠭᠠᠨ᠎ᠠ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ | ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ ᠳᠤ ᠲᠦᠭᠦᠮ ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ᠂ ᠲᠣᠭᠠᠴᠠᠭ᠎ᠠ ᠬᠢᠬᠦ | ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠨᠡᠭᠡᠭᠡᠨ ᠬᠥᠭᠵᠢᠭᠦᠯᠬᠦ | ᠣᠷᠣᠨ ᠤ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ | ᠥᠨᠳᠦᠷᠯᠢᠭ ᠭᠠᠵᠠᠷ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ | ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠴᠢᠬᠤᠯᠠ | ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ︽ᠵᠢᠵᠢᠭ ᠠᠲᠠᠯ᠎ᠠ ᠭᠤᠶᠤ︾ | ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠤᠭᠠᠨ᠂ ᠰᠢᠨ᠎ᠡ ᠶᠢ ᠡᠭᠦᠳᠬᠦ᠂ ᠡᠷᠡᠭᠦᠯ ᠮᠡᠨᠳᠦ᠂ | ᠰᠣᠶᠣᠯ ᠵᠢᠭᠤᠯᠴᠢᠯᠠᠯ᠂ ᠶᠠᠳᠠᠭᠤ ᠶᠢ ᠴᠥᠭᠡᠳᠬᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ | ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠢ ᠲᠦᠷᠭᠡᠯᠡᠨ ᠪᠦᠲᠦᠭᠡᠨ ᠪᠠᠶᠢᠭᠤᠯᠤᠨ᠎ᠠ᠃ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠨᠢᠭᠡᠨᠲᠡ ᠬᠦᠴᠦᠨ ᠲᠠᠢ ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ | ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ | ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ | ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾᠂ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾ ᠲᠤ ᠣᠷᠣᠬᠤ ᠶᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ | ᠠᠬᠤᠢ ᠶᠢ ᠪᠠᠶᠢᠭᠤᠯᠬᠤ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠭᠰᠡᠨ ᠨᠡᠩ ᠤᠯᠠᠨ ᠦᠷ᠎ᠡ | ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠬᠦᠷᠲᠡᠭᠡᠨ᠎ᠡ᠃ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ ᠬᠥᠭᠵᠢᠯᠲᠡ ᠪᠠᠷ ᠥᠨᠳᠥᠷ | ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ | ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ | ᠪᠠ ᠦᠨᠳᠦᠰᠦ ᠰᠤᠷᠪᠤᠯᠵᠢ ᠠᠴᠠ ᠨᠢ ᠵᠠᠰᠠᠵᠤ ᠪᠠᠶᠢᠭᠠᠳ ᠠᠷᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ ᠬᠦᠨᠳᠦ | ᠶᠡᠭᠡ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ | ᠬᠢᠵᠠᠭᠠᠷ ᠱᠤᠭᠤᠮ ᠢ ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠳᠡᠮᠵᠢᠯᠭᠡ ᠦᠵᠡᠭᠦᠯᠵᠦ᠂ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ | ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ ᠤ ᠲᠦᠭᠰᠢᠭᠦᠷᠢ ᠶᠢ ᠲᠣᠬᠢᠲᠠᠢ ᠠᠷᠢᠯᠭᠠᠵᠤ | ᠂ ᠰᠢᠨ᠎ᠡ ᠪᠠᠷ ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠷᠢᠮ ᠭᠠᠵᠠᠷ ᠣᠷᠣᠨ ᠤ ᠳᠤᠮᠳᠠ | ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠲᠠ ᠳᠤ | ᠵᠣᠬᠢᠴᠠᠭᠤᠯᠤᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ | ᠪᠠᠶᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ | ᠨᠡᠮᠡᠭᠳᠡᠭᠦᠯᠵᠦ᠂ ᠲᠠᠸᠠᠷ ᠤᠨ ᠭᠡᠷ ᠪᠠᠶᠢᠰᠢᠩ ᠤᠨ ᠬᠤᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ | ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠪᠠ ᠤᠯᠠᠨ ᠶᠠᠩᠵᠤᠴᠢᠯᠠᠭᠰᠠᠨ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠴᠢᠨᠠᠷ ᠰᠠᠶᠢᠲᠠᠢ ᠬᠥᠭᠵᠢᠯᠲᠡ ᠯᠦᠭᠡ | ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠭᠦ | ᠰᠢᠰᠲ᠋ᠧᠮ ᠤᠨ ᠣᠷᠣᠨ ᠨᠤᠲᠤᠭ ᠤᠨ ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ | ᠲᠡᠭᠦᠯᠳᠡᠷᠵᠢᠭᠦᠯᠦᠨ᠂ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠭᠡᠯᠪᠡᠷᠢ ᠪᠠᠨ ᠬᠤᠪᠢᠷᠠᠭᠤᠯᠬᠤ ᠶᠢ | ᠲᠦᠷᠦᠯ ᠬᠤᠪᠢᠶᠠᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ | ᠪᠤᠳᠠᠭᠠᠨ ᠤ ᠦᠢᠯᠡᠳᠪᠦᠷᠢᠯᠡᠬᠦ ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ | ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ᠃ ᠤᠯᠤᠰ ᠤᠨ ᠤᠰᠤᠨ | ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠲᠣᠮᠣ | ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠭᠤᠣᠯᠳᠠᠯᠭ᠎ᠠ ᠲᠠᠢ ᠨᠥᠭᠡᠴᠡᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠣᠷ ᠰᠦᠯᠵᠢᠶ᠎ᠡ᠂ ᠳ᠋ᠠᠶᠢᠲ᠋ᠠ ᠵᠡᠷᠭᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ ᠤᠨ ᠠᠵᠤ | ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ᠃ | ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ ᠪᠠᠲᠤᠵᠢᠭᠤᠯᠵᠤ᠂ ︽ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠶᠠᠪᠤᠭᠳᠠᠭᠤᠯᠵᠤ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ | ᠠᠬᠢᠯᠲᠠ ᠲᠠᠢ ᠪᠤᠯᠬᠤ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ | ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ | ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ | ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ | ᠵᠣᠬᠢᠰᠲᠠᠢ ᠳᠡᠭᠡᠭᠰᠢᠯᠡᠭᠦᠯᠵᠦ᠂ ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ | ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ | ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ | ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠭᠠᠷᠤᠯᠲᠠ ᠶᠢᠨ ᠣᠷᠣᠨ ᠤ ᠠᠰᠢᠭ | ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ | ᠥᠷᠭᠡᠳᠬᠡᠵᠦ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ | ᠪᠠᠶᠢᠯᠭᠠᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠤᠰᠤ ᠠᠷᠪᠢᠯᠠᠬᠤ ᠲᠠᠷᠢᠶᠠᠯᠠᠩ᠂ | ᠭᠠᠩ ᠬᠠᠭᠰᠠᠷᠠᠭᠠᠨ ᠳᠤ ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ᠃ ᠡᠪᠡᠳᠴᠢᠨ ᠬᠤᠷᠣᠬᠠᠢ ᠶᠢᠨ ᠬᠥᠨᠥᠭᠡᠯ | ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ | ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠬᠠᠷ᠎ᠠ ᠬᠥᠷᠥᠰᠥᠲᠦ | ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ ᠣᠯᠭᠤᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠠᠨ ᠤ ᠡᠶᠢᠮᠦ ᠨᠢᠭᠡᠨ ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ | ᠲᠣᠮᠣ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ᠂ ᠬᠤᠭᠤᠯᠠ | ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ | ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ | ᠬᠥᠭᠵᠢᠭᠦᠯᠬᠦ ᠶᠢ ᠳᠡᠮᠵᠢᠵᠦ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ | ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ | ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠥᠮᠥᠨ ᠠᠮᠠ ᠪᠣᠯᠣᠨ ᠬᠥᠭᠵᠢᠯᠲᠡ ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ | ᠪᠠᠬᠢᠵᠢᠭᠦᠯᠵᠦ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠬᠦ᠋ᠢᠴᠡ ᠪᠣᠯᠭᠠᠨ᠎ᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ | ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠭᠢᠭᠠᠳ 30 ᠵᠢᠯ ᠤᠷᠲᠤᠳᠬᠠᠬᠤ | ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠣᠢ | ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢ ᠪᠣᠳᠣᠯᠬᠢᠯᠠᠨ᠂ | ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠭᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ | ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ ᠰᠠᠶᠢᠲᠤᠷ ᠬᠡᠷᠡᠭᠯᠡᠨ᠎ᠡ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ | ᠬᠥᠭᠵᠢᠭᠦᠯᠵᠦ᠂ ᠬᠥᠳᠡᠭᠡ ᠲᠤᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ ᠠᠬᠢᠭᠤᠯᠤᠨ᠎ᠠ᠃ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠴᠠᠭᠢᠯᠭᠠᠨ | ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ | ᠰᠠᠶᠢᠵᠢᠷᠠᠭᠤᠯᠤᠨ᠂ ᠴᠠᠭᠢᠯᠭᠠᠨ ᠴᠡᠨᠡᠭᠯᠡᠬᠦ ᠱᠣᠩ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ᠂ ᠢᠯᠡᠭᠡᠯᠲᠡ | ᠬᠦᠷᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ | ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠤᠨ᠎ᠠ᠃ | ︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠤᠶᠠᠯᠳᠤᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠶᠢᠲᠠᠢ ᠬᠥᠭᠵᠢᠬᠦ | ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠤᠨ᠎ᠠ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ | ᠮᠠᠨ ᠤ ᠤᠯᠤᠰ ᠤᠨ ᠬᠤᠲᠠ ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ ᠳᠡᠭᠡᠭᠰᠢᠯᠡᠯᠲᠡ ᠶᠢᠨ ᠣᠷᠣᠨ ᠵᠠᠢ | ᠪᠠᠶᠢᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠷᠦᠭᠡ | ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠥᠮᠥᠨ ᠭᠠᠵᠠᠷ ᠵᠣᠭᠤᠰ︾ ᠢ | ᠬᠤᠯᠪᠣᠭᠳᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠦᠭᠡ ᠠᠮᠠ ᠪᠠᠨ ᠤᠷᠤᠭᠤᠯᠬᠤ ᠬᠦᠰᠡᠯ ᠲᠠᠢ | ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ᠂ ᠡᠷᠦᠭᠡ | ᠠᠮᠠ ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠠᠵᠤ ᠠᠬᠤᠢ ᠶᠢ | ᠪᠤᠶᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠵᠦ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠬᠤᠯᠠ ᠠᠴᠢᠶᠠᠯᠠᠪᠤᠷᠢ | ᠪᠣᠯᠭᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠭ ᠢᠶᠠᠷ ᠲᠦᠰᠢᠭ ᠪᠤᠯᠭᠠᠬᠤ ᠶᠢ ᠴᠢᠬᠤᠯᠠᠴᠢᠯᠠᠵᠤ᠂ | ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ ᠤ | ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ | ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ | ᠪᠤᠯᠬᠤ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ | ᠲᠣᠰᠬᠤᠨ ᠤ ᠥᠭᠡᠷᠡᠴᠢᠯᠡᠯᠲᠡ ᠶᠢ ᠠᠬᠢᠭᠤᠯᠤᠨ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠲᠦᠷᠭᠡᠯᠡᠨ | ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ | ᠵᠣᠭᠰᠤᠭᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ᠂ | ᠨᠠᠰᠤᠵᠢᠯᠳᠡ ᠳᠤ ᠲᠣᠬᠢᠷᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠳᠤ ᠨᠡᠩ | ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ ᠬᠡᠷᠡᠭᠲᠡᠢ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ | ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠨ ᠣᠷᠣᠬᠤ ᠪᠠ | ᠦᠢᠯᠡᠴᠢᠯᠡᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ | ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠪᠣᠯᠣᠨ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ | ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ | ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ | ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ ᠪᠡᠯᠭᠡ ᠲᠡᠮᠳᠡᠭ ᠤᠨ | ᠴᠢᠨᠠᠷᠲᠠᠢ ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ | ᠰᠠᠶᠢᠲᠤᠷ ᠠᠳᠬᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ | ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ | ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠶᠡᠴᠢ ᠴᠣᠭᠴᠠ ᠶᠢᠨ | ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃ | ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠤᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ | ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ ᠶᠢᠨ ᠪᠣᠬᠢᠷᠳᠤᠯ ᠢ ᠵᠠᠰᠠᠬᠤ ᠠᠵᠢᠯ ᠢ | ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ | ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ | ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ ᠳᠠᠶᠢᠨ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ | ᠵᠠᠰᠠᠬᠤ ᠶᠢ ᠴᠢᠩᠭᠠᠳᠬᠠᠨ᠎ᠠ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠦᠷᠭᠦᠯᠵᠢᠯᠡᠨ | ᠠᠬᠢᠭᠤᠯᠤᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠦᠷᠢᠨᠰᠢᠭᠦᠯᠦᠨ᠂ ᠡᠯ᠎ᠡ ᠲᠠᠯ᠎ᠠ ᠶᠢᠨ ᠬᠢᠨ ᠤ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠭᠡᠯᠪᠡᠷᠢ ᠶᠢᠨ ᠨᠣᠭᠤᠭᠠᠨ ᠬᠤᠪᠢᠷᠠᠭᠤᠯᠤᠯᠲᠠ ᠶᠢ | ᠠᠬᠢᠭᠤᠯᠤᠨ᠎ᠠ᠃ ᠪᠦᠭᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ | ᠨᠣᠭᠤᠭᠠᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠤᠭᠤᠯᠤᠯᠲᠠ᠂ ᠦᠨ᠎ᠡ | ᠬᠠᠩᠰᠢ ᠶᠢᠨ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ | ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ | ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ | ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ | ᠬᠡᠯᠬᠢᠶ᠎ᠡ ᠶᠢ ᠲᠦᠷᠭᠡᠯᠡᠨ ᠪᠤᠢ ᠪᠣᠯᠭᠠᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠢ | ᠪᠦᠲᠦᠭᠡᠨ ᠪᠠᠶᠢᠭᠤᠯᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠥᠨᠳᠦᠷᠯᠢᠭ ᠭᠠᠵᠠᠷ ᠢ ᠪᠤᠢ | ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ | ᠬᠡᠮᠵᠢᠭᠳᠡᠯ ᠳᠤᠨᠢ ᠬᠦᠷᠭᠡᠬᠦ ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠦᠷᠢᠳᠬᠡᠬᠦ ᠬᠢᠨᠠᠨ ᠪᠤᠳᠤᠬᠤ ᠬᠠᠷᠭᠤᠭᠤᠯᠤᠨ | ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠠᠵᠢᠯ ᠲᠦᠷᠦᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ | ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ | ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠠᠯᠬᠢᠨ ᠬᠦᠴᠦᠨ ᠪᠠ ᠭᠡᠷᠡᠯ ᠢᠶᠠᠷ ᠴᠠᠭᠢᠯᠭᠠᠨ ᠭᠠᠷᠭᠠᠬᠤ ᠲᠣᠮᠣ | ᠭᠡᠯᠪᠡᠷᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠠᠷᠬᠠᠮᠠᠯ ᠮᠠᠶ᠋ᠢᠭ ᠤᠨ ᠡᠨᠧᠷᠭᠢ ᠶᠢᠨ ᠰᠤᠷᠪᠤᠯᠵᠢ ᠶᠢᠨ ᠨᠡᠭᠡᠭᠡᠨ ᠬᠥᠭᠵᠢᠭᠦᠯᠦᠯᠲᠡ ᠠᠰᠢᠭᠯᠠᠯᠲᠠ ᠶᠢ ᠠᠬᠢᠭᠤᠯᠵᠤ᠂ ᠴᠠᠭᠢᠯᠭᠠᠨ | ᠲᠣᠣᠷ ᠤᠨ ᠡᠨᠧᠷᠭᠢ ᠶᠢ ᠴᠡᠪᠡᠷᠰᠢᠭᠦᠯᠬᠦ ᠶᠢ ᠭᠥᠯᠢᠶᠡᠨ ᠠᠪᠬᠤ᠂ ᠲᠣᠬᠢᠷᠠᠭᠤᠯᠬᠤ ᠪᠠ ᠡᠵᠡᠮᠳᠡᠬᠦ ᠴᠢᠳᠠᠪᠤᠷᠢ ᠶᠢ | ᠲᠡᠭᠡᠭᠰᠢᠯᠡᠭᠦᠯᠵᠤ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢ ᠬᠥᠭᠵᠢᠭᠦᠯᠦᠨ᠂ ᠨᠣᠭᠤᠭᠠᠨ ᠴᠠᠭᠢᠯᠭᠠᠨ ᠢ ᠬᠡᠷᠡᠭᠯᠡᠬᠦ ᠪᠠ | ᠣᠯᠠᠨ ᠤᠯᠤᠰ ᠤᠨ ᠬᠤᠭᠤᠷᠣᠨᠳᠤ ᠬᠠᠷᠢᠯᠴᠠᠨ ᠮᠡᠳᠡᠷᠡᠬᠦ ᠶᠢ ᠠᠬᠢᠭᠤᠯᠵᠤ᠂ ᠨᠡᠭᠦᠷᠡᠰᠦ᠂ ᠨᠡᠭᠦᠷᠡᠰᠦᠨ ᠴᠠᠭᠢᠯᠭᠠᠨ ᠤ | ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠨᠧᠷᠭᠢ | ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ ᠬᠢᠵᠠᠭᠠᠷ ᠱᠤᠭᠤᠮ ᠢ ᠰᠠᠬᠢᠬᠤ | ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ | ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ ᠶᠢ ᠠᠪᠴᠤ᠂ ᠬᠠᠮᠲᠤ ᠪᠠᠷ ᠪᠠᠶᠠᠵᠢᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠠᠷᠠᠳ | ᠣᠯᠠᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ | ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ | ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠠᠩ ᠳᠣᠪᠤᠶᠢᠯᠭᠠᠵᠤ᠂ ᠡᠳ᠋ ᠤᠨ ᠵᠠᠰᠠᠭ | ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠦᠵᠡᠭᠦᠯᠭᠦ ᠳᠡᠮᠵᠢᠯᠭᠡ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ | ᠡᠷᠴᠢᠮ ᠢ ᠴᠢᠩᠭᠠᠳᠬᠠᠨ᠎ᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ | ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ | ᠴᠢᠩᠭᠠᠳᠬᠠᠨ᠎ᠠ᠃ ᠵᠢᠱᠢᠯᠲᠡ ᠪᠠᠷ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ 1170 ᠲᠦᠮᠡ ᠭᠠᠷᠤᠢ | ᠬᠥᠮᠥᠨ ᠪᠤᠢ᠂ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠠᠵᠢᠯ ᠣᠯᠵᠤ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ | ᠃ ᠴᠡᠷᠢᠭ ᠤᠨ ᠠᠯᠪᠠ ᠠᠴᠠ ᠪᠠᠭᠤᠭᠰᠠᠳ ᠲᠤ ᠠᠵᠢᠯ ᠣᠯᠭᠤᠵᠤ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠬᠥᠯᠥᠰᠦᠨ ᠠᠵᠢᠯᠴᠢᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠠᠬᠢᠭᠤᠯᠵᠤ᠂ ᠵᠡᠮᠳᠡᠭᠴᠦᠳ ᠵᠡᠷᠭᠡ ᠠᠵᠢᠯ | ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠬᠤ | ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ | ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ ᠥᠷᠭᠡᠳᠬᠡᠨ᠎ᠡ᠃ | ᠴᠢᠨᠠᠷ ᠤᠨ ᠢᠯᠭᠠᠯ᠂ ᠨᠠᠰᠤ ᠵᠢᠯ᠂ ᠰᠤᠷᠤᠯᠭ᠎ᠠ ᠶᠢᠨ ᠨᠠᠮᠲᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ | ᠵᠠᠯᠠᠷᠠᠭᠤᠯᠵᠤ᠂ ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠵᠤ᠂ ᠭᠦᠳᠡᠯᠮᠦᠷᠢ ᠶᠢᠨ ᠬᠠᠷᠢᠴᠠᠭ᠎ᠠ ᠶᠢ | ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠎ᠠ᠃ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ | ᠬᠠᠷᠠᠭᠠᠯᠵᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ ᠬᠡᠪᠴᠢᠶ᠎ᠡ ᠶᠢ ᠥᠷᠭᠡᠳᠬᠡᠵᠦ | ᠂ ᠣᠷᠣᠯᠭ᠎ᠠ ᠪᠠᠭᠠᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠤᠨ᠎ᠠ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ | 30 ᠲᠥᠭᠦᠷᠢᠭ ᠨᠡᠮᠡᠭᠳᠡᠭᠦᠯᠦᠨ᠎ᠡ᠃ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ | ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ | ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠤᠯᠤᠰ ᠠᠴᠠ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ | ᠳᠦᠷᠢᠮ ᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠪᠠᠶᠢᠩᠭᠤ ᠶᠢᠨ | ᠴᠢᠨᠠᠷᠲᠠᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ | ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ | ᠦᠢᠯᠡᠴᠢᠯᠡᠭᠡ ᠶᠢ ᠰᠠᠶᠢᠵᠢᠷᠠᠭᠤᠯᠵᠤ᠂ ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ | ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠬᠥᠲᠥᠯᠥᠨ ᠵᠢᠯᠤᠭᠤᠳᠴᠤ᠂ ᠰᠢᠶᠠᠨ ᠰᠢᠶᠠᠩ | ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ | ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠵᠢᠭ ᠡᠪᠡᠳᠴᠢᠨ᠂ ᠦᠷᠭᠦᠯᠵᠢ | ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠨ᠎ᠡ᠃ ᠬᠤᠪᠣᠷ ᠲᠣᠬᠢᠶᠠᠯᠳᠤᠬᠤ | ᠡᠪᠡᠳᠴᠢᠨ ᠤ ᠰᠤᠳᠤᠯᠭᠠᠨ᠂ ᠣᠨᠣᠰᠢᠯᠠᠨ ᠡᠮᠨᠡᠬᠦ ᠦᠢᠯᠡᠴᠢᠯᠡᠭᠡ ᠪᠠ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ | ᠬᠡᠦᠬᠡᠳ ᠤᠨ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ | ᠡᠮᠴᠢᠯᠡᠭᠡ ᠰᠤᠪᠢᠯᠠᠯᠲᠠ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠪᠦᠭᠦ ᠰᠠᠯᠠᠭᠠᠨ ᠤ | ᠡᠮᠴᠢ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨᠡᠴᠢᠯᠡᠬᠦ ᠶᠢ ᠠᠬᠢᠭᠤᠯᠵᠤ᠂ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ | ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ ᠤᠨ | ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠠᠷᠠᠳ ᠣᠯᠠᠨ ᠤ | ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ | ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ | ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ | ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠦᠭᠦ ᠤᠯᠤᠰ ᠲᠤ | ᠨᠢᠭᠡᠳᠦᠯᠲᠡᠢ ᠲᠥᠯᠥᠪᠯᠡᠬᠦ ᠶᠢ ᠲᠡᠭᠦᠯᠳᠡᠷᠵᠢᠭᠦᠯᠦᠨ᠎ᠡ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠢ ᠪᠦᠭᠦ ᠤᠯᠤᠰ ᠲᠤ ᠬᠡᠷᠡᠭᠵᠢᠭᠦᠯᠵᠦ᠂ ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠴᠡᠷᠢᠭ ᠤᠨ ᠠᠯᠪᠠ ᠠᠴᠠ ᠪᠠᠭᠤᠭᠰᠠᠳ᠂ ᠴᠡᠷᠢᠭ ᠤᠨ ᠭᠡᠷ ᠪᠦᠯᠢ ᠪᠠ | ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ | ᠡᠷᠴᠢᠮ ᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠡᠷᠡᠭᠯᠡᠭᠡᠨ ᠤ ᠬᠡᠷᠡᠭᠰᠡᠯ ᠪᠠ ᠦᠢᠯᠡᠴᠢᠯᠡᠭᠡ ᠶᠢᠨ ᠬᠠᠩᠭᠠᠯᠭ᠎ᠠ ᠶᠢ | ᠴᠢᠩᠭᠠᠳᠬᠠᠵᠤ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢ ᠪᠦᠷᠢᠨᠰᠢᠭᠦᠯᠦᠨ᠂ ᠦᠷᠡᠵᠢᠯ ᠤᠨ ᠠᠮᠠᠷᠠᠯᠲᠠ ᠶᠢᠨ ᠳᠦᠷᠢᠮ ᠢ ᠰᠢᠯᠢᠳᠡᠭᠵᠢᠭᠦᠯᠵᠦ᠂ ᠡᠵᠡᠩᠨᠡᠯᠲᠡ ᠶᠢᠨ ᠪᠡᠶᠡᠴᠢ | ᠴᠣᠭᠴᠠ ᠶᠢᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠠᠮᠲᠤ ᠪᠠᠷ ᠡᠭᠦᠷᠭᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ | ᠃ ᠭᠡᠷ ᠪᠦᠯᠢ ᠶᠢᠨ ᠲᠥᠷᠦᠵᠦ ᠥᠰᠬᠡᠬᠦ᠂ ᠥᠰᠬᠡᠨ ᠬᠥᠮᠥᠵᠢᠭᠦᠯᠬᠦ᠂ ᠰᠤᠷᠭᠠᠨ ᠬᠥᠮᠥᠵᠢᠭᠦᠯᠬᠦ ᠳᠠᠷᠤᠭᠠᠰᠤ ᠶᠢ | ᠬᠥᠩᠭᠡᠷᠡᠭᠦᠯᠦᠨ᠎ᠡ᠃ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ | ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠵᠤ᠂ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ | ᠰᠤᠪᠢᠯᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠪᠠ ᠣᠷᠣᠯᠭ᠎ᠠ ᠪᠠᠭᠠᠲᠠᠢ ᠬᠥᠮᠥᠨ | ᠠᠮᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠠᠮᠢᠳᠤᠷᠠᠯ ᠤᠨ | ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠬᠢ ᠰᠦᠯᠵᠢᠨ᠎ᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ | ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠲᠠᠩᠰᠠ ᠡᠪᠬᠡᠮᠡᠯ ᠵᠡᠷᠭᠡ | ᠦᠢᠯᠡᠰ ᠢ ᠬᠥᠭᠵᠢᠭᠦᠯᠦᠨ᠎ᠡ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠣᠭᠲᠠᠭᠠᠨ᠎ᠠ᠃ ᠤᠯᠤᠰ ᠤᠨ ᠰᠣᠶᠣᠯ ᠤᠨ ᠳ᠋ᠢᠵᠢᠲ᠋ᠠᠯᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠠᠬᠢᠭᠤᠯᠤᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠦᠯᠵᠢᠶᠡᠨ ᠤ | ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠴᠠᠶᠢᠯᠭᠠᠨ ᠰᠦᠯᠵᠢᠶᠡᠨ ᠤ | ᠰᠣᠶᠣᠯ ᠢ ᠪᠤᠶᠢᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ | ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ᠃ ᠰᠣᠶᠣᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ | ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ | ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ | ᠠᠰᠢᠭᠯᠠᠬᠤ ᠶᠢ ᠴᠢᠩᠭᠠᠳᠬᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ | ᠠᠬᠢᠭᠤᠯᠤᠨ᠎ᠠ᠃ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠳᠤ | ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ | ᠬᠢᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ ᠪᠦᠲᠦᠭᠡᠨ ᠪᠠᠶᠢᠭᠤᠯᠵᠤ | ᠰᠠᠶᠢᠲᠤᠷ ᠬᠡᠷᠡᠭᠯᠡᠨ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠬᠦ ᠶᠢ ᠠᠬᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ | ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ | ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠲᠤᠳᠬᠠᠵᠤ᠂ | ᠪᠠᠴᠢᠮ ᠪᠠᠶᠢᠳᠠᠯ ᠢ ᠰᠡᠷᠭᠡᠶᠢᠯᠡᠬᠦ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ | ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ | ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠠᠲᠤᠲᠠᠢ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠ᠊ᠨᠳᠡᠯ ᠭᠠᠷᠬᠤ ᠶᠢ ᠡᠷᠡᠰ ᠬᠤᠷᠢᠭᠯᠠᠨ | ᠵᠣᠭᠰᠣᠭᠠᠨ᠎ᠠ᠃ ᠦᠶᠡᠷ ᠤᠰᠤᠳᠤᠯ ᠭᠠᠩ ᠬᠠᠭᠰᠠᠷᠠᠭᠠᠨ᠂ ᠲᠠᠶᠢᠹᠧᠩ ᠰᠠᠯᠬᠢ᠂ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ | ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ | ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ | ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ | ᠳᠡᠮᠵᠢᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ | ᠵᠠᠰᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ | ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ | ᠤᠯᠤᠰ ᠢ ᠪᠦᠲᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠠ᠋︕ | ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ | ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ | ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ | ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠶᠢ | ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ | ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠵᠤ᠂ | ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ | ᠴᠢᠩᠭ᠎ᠠ ᠵᠢᠷᠤᠮᠯᠠᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠲᠡ ᠶᠢᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ | ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ | ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ | ᠲᠠᠯ᠎ᠠ ᠪᠠᠷ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ | ᠪᠠᠳᠠᠷᠠᠭᠤᠯᠬᠤ ᠶᠢ ᠳᠡᠮᠵᠢᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠲᠠᠯ ᠢ | ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯᠲᠠᠳ ᠬᠠᠤᠯᠢ ᠴᠠᠭᠠᠵᠠ ᠰᠠᠬᠢᠯᠭ᠎ᠠ | ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ ᠪᠠᠨ | ᠭᠦᠢᠴᠡᠳᠬᠡᠨ᠂ ᠴᠡᠪᠡᠷ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ᠂ ᠰᠠᠶᠢᠲᠤᠷ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ | ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠵᠥᠪ ᠣᠨᠣᠪᠴᠢᠲᠠᠶ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠠᠷᠢᠮᠲᠠᠯᠠᠵᠤ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ | ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ᠂ ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ | ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ ᠢ ᠪᠠᠷᠢᠮᠲᠠᠯᠠᠵᠤ | ᠪᠣᠳᠠᠲᠠᠢ ᠶᠢ ᠡᠷᠭᠢᠮᠯᠡᠭᠦ᠂ ᠵᠣᠷᠢᠭᠲᠠᠢ ᠬᠢᠵᠦ ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ᠂ ᠡᠴᠦᠰ ᠤᠨ ᠦᠷ᠎ᠡ | ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠳᠤ ᠨᠡᠶᠢᠴᠡᠭᠦᠯᠬᠦ᠂ ᠠᠷᠠᠳ | ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ᠂ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠶᠢ | ᠠᠬᠢᠭᠤᠯᠬᠤ ᠪᠠᠷ ᠬᠥᠲᠥᠯᠥᠮᠵᠢ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ | ᠠᠯᠬᠤᠮ ᠴᠣᠮᠬᠠᠳᠬᠠᠵᠤ᠂ ᠰᠢᠪᠠᠳᠠᠨ ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ︽ᠭᠤᠷᠪᠠ ᠶᠢ | ᠢᠯᠭᠠᠵᠤ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠬᠤ ᠶᠢ | ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠷᠭᠡᠨ ᠣᠯᠠᠨ ᠺᠠᠳ᠋ᠷᠴᠤᠳ ︽ | ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ | ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ | ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ | ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ | ᠪᠠ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ | ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ | ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ | ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ | ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠲᠠ ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ ᠢ | ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ | ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ | ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ | ᠥᠬᠢᠳ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ ᠵᠢᠳᠬᠦᠬᠦ ᠰᠦᠷ ᠳᠠᠯᠠᠶᠢᠴᠠᠲᠠᠢ | ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ ᠲᠠᠪᠰᠢᠯᠳᠠ ᠲᠠᠢ ᠪᠣᠯᠵᠤ᠂ ᠠᠷᠠᠳ ᠤᠨ ᠴᠡᠷᠢᠭ ᠠᠩᠭᠢ ᠡᠭᠦᠷᠭᠡᠯᠡᠵᠦ | ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ | ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠢ᠃ ᠴᠡᠷᠢᠭ | ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠳᠠᠶᠢᠨ ᠤ ᠲᠡᠮᠡᠴᠡᠯ ᠤᠨ | ᠪᠡᠯᠡᠳᠬᠡᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ | ᠰᠠᠶᠢᠲᠤᠷ ᠠᠳᠬᠤᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ | ᠬᠠᠮᠠᠭᠠᠯᠠᠨ᠎ᠠ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ | ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ ᠠᠵᠢᠯ ᠢ ᠭᠦᠨᠵᠡᠭᠡᠢ | ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠡᠬᠡ ᠣᠷᠣᠨᠴᠢ | ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ | ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠦᠨ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ | ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ | ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠪᠠ | ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ | ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠲᠠᠶᠢᠸᠠᠨ | ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ ᠲᠠᠶᠢᠸᠠᠨ ᠬᠤᠭᠤᠯᠠᠢ ᠶᠢᠨ ᠬᠤᠶᠠᠷ | ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠬᠤ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ | ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠷᠬᠡ ᠲᠡᠭᠰᠢ ᠪᠥᠭᠡᠳ ᠡᠮᠬᠢ | ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ᠂ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ | ᠪᠠᠶᠢᠭᠤᠯᠬᠤ ᠶᠢ ᠠᠬᠢᠭᠤᠯᠵᠤ᠂ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢ ᠡᠰᠡᠷᠭᠦᠴᠡᠵᠦ | ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ | ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ | ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠨ᠎ᠠ᠃ | ᠲᠥᠯᠥᠭᠡᠯᠡᠭᠴᠢᠳ ᠠ᠋︕ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ᠃ | ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ | ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ | ᠤᠷᠤᠭᠰᠢᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ | ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ︶ | ︵ᠲᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | |