ᠰᠢ ᠶᠢᠨ ᠫᠢᠩ ᠠᠩᠭᠤᠯᠠ ᠶᠢᠨ ᠶᠡᠷᠦᠩᠬᠡᠶᠢᠯᠡᠭᠴᠢ ᠯᠤᠷᠤᠨᠰᠣ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/3/17
   3 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠩᠭᠤᠯᠠ ᠶᠢᠨ ᠶᠡᠷᠦᠩᠬᠡᠶᠢᠯᠡᠭᠴᠢ ᠯᠤᠷᠤᠨᠰᠣ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠠᠩᠭᠤᠯᠠ ᠶᠢᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃   ᠰᠢ ᠶᠢᠨ ᠫᠢᠩ᠂ ᠨᠢᠳᠤᠨᠤᠨ ᠳᠤᠮᠳᠠᠳᠤ ᠠᠩᠭᠤᠯᠠ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 40 ᠵᠢᠯ ᠤᠨ ᠤᠢ ᠪᠠᠨ ᠬᠠᠮᠲᠤ ᠪᠠᠷ ᠪᠡᠯᠭᠡᠯᠡᠪᠡ᠃ ᠳᠤᠮᠳᠠᠳᠤ ᠠᠩᠭᠤᠯᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠦᠢᠯᠡᠳᠴᠡᠢ᠃ ᠳᠤᠮᠳᠠᠳᠤ ᠠᠩᠭᠤᠯᠠ ᠶᠢᠨ ᠬᠠᠮᠲᠤᠷᠠᠯᠴᠠᠭ᠎ᠠ ᠪᠣᠯ ᠡᠮᠦᠨᠡᠳᠤ ᠡᠮᠦᠨᠡᠳᠤ ᠶᠢᠨ ᠬᠠᠮᠳᠤᠷᠠᠯᠴᠠᠭ᠎ᠠ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠮᠥᠨ᠂ ᠰᠠᠶᠢᠨ ᠨᠠᠶᠢᠵᠠ ᠶᠢᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠨ᠂ ᠬᠠᠷᠢᠯᠴᠠᠨ ᠬᠠᠷᠠᠭᠠᠯᠵᠠᠨ ᠠᠰᠢᠭᠳᠠᠢ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠠᠪᠤᠳᠠᠯ ᠮᠥᠨ᠃ ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠷᠲᠢᠨᠴᠦ ᠶᠢᠨ ᠡᠮᠦᠨ᠎ᠠ᠂ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠡᠷᠡᠰ ᠲᠡᠮᠵᠢᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠶ᠎ᠡ᠃ ᠠᠩᠭᠤᠯᠠ ᠶᠢᠨ ᠬᠢᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠵᠦ᠂ ᠤᠯᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠳᠤᠮᠳᠠᠳᠤ ᠤᠯᠤᠰ ᠳᠡᠮᠵᠢᠵᠤ᠂ ᠳᠤᠷᠠᠲᠠᠶ᠎ᠠ ᠠᠩᠭᠤᠯᠠ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠷᠢᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠭᠠᠷ ᠬᠤᠯᠪᠣᠨ ᠲᠤᠰ ᠲᠤᠰ ᠤᠨ ᠤᠯᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠤᠨ᠎ᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠳᠤᠮᠳᠠᠳᠤ ᠠᠩᠭᠤᠯᠠ ᠶᠢᠨ ᠬᠠᠮᠲᠤᠷᠠᠯᠴᠠᠭᠠᠨ ᠤ ᠰᠠᠭᠤᠷᠢ ᠰᠠᠶᠢᠨ᠂ ᠬᠡᠪᠴᠢᠶ᠎ᠠ ᠶᠡᠭᠡ᠂ ᠬᠠᠷᠢᠯᠴᠠᠨ ᠨᠥᠬᠦᠪᠥᠷᠢᠯᠡᠬᠦ ᠴᠢᠨᠠᠷ ᠴᠢᠩᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠯᠤᠲᠤ ᠶᠡᠭᠡ ᠲᠠᠯᠳᠠ ᠬᠦᠴᠦᠨ ᠪᠠ ᠭᠡᠭᠡᠨ ᠰᠠᠷᠠᠭᠤᠯ ᠠᠯᠤᠰ ᠢᠷᠡᠭᠡᠳᠦᠢ ᠲᠠᠢ ᠶᠤᠮ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠᠯ ᠵᠣᠬᠢᠨ᠎ᠠ᠃ ᠳᠤᠮᠳᠠᠳᠤ ‍ᠤᠮᠤᠰ ᠳᠤᠷᠠᠲᠠᠶ᠎ᠠ ᠠᠩᠭᠤᠯᠠ ᠶᠢᠨ ᠬᠢᠨ ᠲᠠᠢ ᠬᠠᠮᠲᠤ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠪᠣᠳᠠᠲᠤ ᠬᠦᠴᠦᠨ ᠰᠠᠶᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠩᠭᠤᠯᠠ ᠳᠤ ᠬᠦᠷᠴᠦ ᠤᠯᠠᠨ ᠵᠦᠢᠯ ᠤᠨ ᠬᠡᠯᠪᠡᠷᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠠᠩᠭᠤᠯᠠ ᠶᠢᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠠᠵᠤ ᠦᠢᠯᠡᠳᠪᠦᠷᠢᠵᠢᠯᠲᠡ᠂ ᠠᠵᠤ ᠠᠬᠤᠢ ᠶᠢᠨ ᠤᠯᠠᠨ ᠡᠰᠢᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠠᠩᠭᠤᠯᠠ ᠶᠢᠨ ᠬᠢᠨ ᠨᠡᠩ ᠬᠦᠴᠦᠲᠡᠢ ᠠᠷᠭ᠎ᠠ ᠬᠡᠮᠵᠢᠶ᠎ᠠ ᠠᠪᠴᠤ᠂ ᠳᠤᠮᠳᠠᠳᠤ ᠤᠯᠤᠰ ᠤᠨ ᠠᠷᠠᠳ ᠢᠷᠭᠡᠨ ᠪᠣᠯᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠪᠣᠯᠤᠨ ᠠᠮᠤᠷ ᠲᠦᠪᠰᠢᠨ ᠢ ᠪᠠᠲᠤᠯᠠᠬᠤ ᠶᠢ ᠬᠦᠰᠡᠵᠦ ᠪᠠᠶᠢᠨ᠎ᠠ᠃ ᠠᠩᠭᠤᠯᠠ ᠶᠢᠨ ᠲᠠᠯ᠎ᠠ ᠶᠢᠨ ᠬᠢᠨ ᠦᠷᠭᠦᠯᠵᠢᠯᠡᠨ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠦᠵᠡᠰᠭᠦᠯᠡᠩ ᠤᠨ ᠴᠤᠭᠯᠠᠭᠠᠨ ᠵᠡᠷᠭᠡ ᠲᠠᠪᠴᠠᠩ ᠢᠶᠠᠷ ᠳᠠᠮᠵᠢᠭᠤᠯᠵᠤ᠂ ᠳᠤᠮᠳᠠᠳᠤ ᠤᠯᠤᠰ ᠲᠤ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠢ ᠲᠠᠨᠢᠯᠴᠠᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠠᠩᠭᠤᠯᠠ ᠶᠢ ᠲᠤᠰᠠᠯᠠᠬᠤ ᠡᠮᠴᠢᠯᠡᠭᠡᠨ ᠤ ᠠᠩᠭᠢ ᠵᠡᠷᠭᠡ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠣᠳᠣᠬᠠᠨ ᠳᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠦᠭᠵᠢᠯ ᠤᠨ ᠴᠢᠨᠠᠷᠲᠠᠢ ᠬᠥᠭᠵᠢᠯ ᠮᠠᠨᠳᠤᠯ ᠬᠤᠷᠢᠬᠯᠠᠬᠳᠠᠰᠢ ᠦᠭᠡᠢ ᠶᠤᠮ᠂ ᠪᠦᠬᠦ ᠪᠥᠮᠪᠥᠷᠴᠡᠭ ᠤᠨ ᠵᠠᠰᠠᠯᠲᠠ ᠴᠤ ᠲᠡᠷᠡ ᠬᠥᠭᠵᠢᠯ ᠴᠡᠴᠡᠭᠯᠡᠯ ᠴᠦ ᠲᠡᠷᠡ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠴᠥᠮ ᠰᠠᠭᠠᠲᠠᠵᠤ ᠪᠣᠯᠤᠰᠢ ᠦᠭᠡᠢ ᠶᠤᠮ᠃ ᠳᠤᠮᠳᠠᠳᠤ ᠤᠯᠤᠰ ᠪᠣᠯ ᠠᠹᠷᠢᠺᠠ ᠲᠢᠪ ᠤᠨ ᠤᠯᠤᠰ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠠ ᠬᠥᠭᠵᠢᠯᠲᠡ ᠪᠠᠨ ᠠᠬᠢᠭᠤᠯᠬᠤ ᠵᠠᠮ ᠳᠡᠭᠡᠷᠡᠬᠢ ᠨᠠᠶᠢᠳᠠᠪᠤᠷᠢᠲᠠᠢ ᠨᠠᠶᠢᠵᠠ ᠪᠠ ᠦᠨᠡᠨᠴᠢ ᠬᠠᠨᠢᠲᠠᠨ ᠮᠥᠨ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠪᠣᠯᠤᠨ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠢᠨ ᠠᠹᠷᠢᠺᠠ ᠲᠢᠪ ᠤᠨ ᠠᠷᠭ᠎ᠠ ᠬᠡᠯᠪᠡᠷᠢ ᠪᠠᠷ ᠠᠹᠷᠢᠺᠠ ᠲᠢᠪ ᠤᠨ ᠠᠰᠠᠭᠤᠳᠠᠯ ᠢ ᠰᠢᠢᠳᠪᠦᠷᠢᠯᠡᠬᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠪᠠᠷ ᠬᠦᠴᠦᠯᠡᠨ ᠴᠢᠷᠮᠠᠶᠢᠬᠤ ᠶᠢ ᠲᠡᠮᠵᠢᠵᠦ᠂ ᠳᠤᠷᠠᠲᠠᠶ᠎ᠠ ᠠᠩᠭᠤᠯᠠ ᠵᠡᠷᠭᠡ ᠠᠹᠷᠢᠺᠠ ᠲᠢᠪ ᠤᠨ ᠤᠯᠤᠰ ᠤᠳ ᠲᠠᠢ ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠰᠢᠷᠠᠯ ᠪᠠ ᠲᠦᠭᠡᠮᠡᠯ ᠬᠦᠷᠲᠡᠭᠡᠮᠵᠢᠲᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃   ᠯᠤᠷᠤᠨᠰᠣ᠋᠂ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠡᠳ ᠭᠡᠷ ᠲᠡᠭᠡᠨ ᠢᠷᠡᠭᠰᠡᠨ ᠰᠢᠭ ᠰᠠᠨᠠᠭᠳᠠᠵᠤ ᠪᠠᠶᠢᠨ᠎ᠠ᠃ ᠠᠩᠭᠤᠯᠠ ᠳᠤᠮᠳᠠᠳᠤ ᠶᠢᠨ ᠬᠠᠷᠢᠯᠴᠠᠭ᠎ᠠ ᠥᠨᠳᠥᠷ ᠲᠦᠪᠰᠢᠨ ᠪᠦᠬᠦᠢ ᠬᠥᠭᠵᠢᠯᠲᠡ ᠪᠠᠨ ᠪᠠᠲᠤᠯᠠᠪᠠ᠃ ᠠᠩᠭᠤᠯᠠ ᠶᠢᠨ ᠳᠣᠲᠣᠭᠠᠳᠤ ᠶᠢᠨ ᠲᠠᠶᠢᠨ ᠳᠠᠭᠤᠰᠴᠤ ᠡᠷᠬᠢᠯᠡᠨ ᠬᠢᠭᠦᠰᠢᠲᠡᠢ ᠠᠵᠢᠯ ᠦᠢᠯᠡᠰ ᠠᠯᠢ ᠤᠯᠠᠨ ᠪᠠᠶᠢᠭᠰᠠᠨ ᠴᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠦᠴᠢᠷᠳᠡᠯ ᠲᠠᠢ ᠦᠶ᠎ᠠ ᠳᠤ ᠴᠤ᠂ ᠳᠤᠮᠳᠠᠳᠤ ᠤᠯᠤᠰ ᠴᠥᠮ ᠬᠠᠮᠤᠭ ᠤᠨ ᠡᠷᠲᠡ ᠠᠩᠭᠤᠯᠠ ᠶᠢᠨ ᠲᠠᠯ᠎ᠠ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠤᠯᠤᠰ ᠪᠣᠯᠤᠨ᠎ᠠ᠂ ᠠᠩᠭᠤᠯᠠ ᠶᠢᠨ ᠬᠢᠨ ᠡᠭᠦᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠳᠡᠮᠵᠢᠯᠭᠡ ᠪᠣᠯᠤᠨ ᠬᠠᠮᠲᠤᠷᠠᠯᠴᠠᠭ᠎ᠠ ᠨᠢ ᠠᠩᠭᠤᠯᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠦᠯᠢᠬᠡᠷ ᠵᠢᠱᠢᠶ᠎ᠡ ᠪᠣᠯᠵᠠᠢ᠃ ᠠᠩᠭᠤᠯᠠ ᠶᠢᠨ ᠬᠢᠨ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠩᠭᠤᠯᠠ ᠳᠤ ᠬᠦᠷᠴᠦ ᠪᠡᠯᠡ ᠣᠷᠣᠭᠤᠯᠵᠤ᠂ ᠠᠩᠭᠤᠯᠠ ᠶᠢᠨ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠠᠩᠭᠤᠯᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠂ ᠲᠠᠶᠢᠸᠠᠨ ᠤ ᠠᠰᠠᠭᠤᠳᠠᠯ ᠯᠠᠪᠲᠠᠢ ᠲᠡᠭᠦᠰ ᠠᠮᠵᠢᠯᠲᠠ ᠲᠠᠢ ᠰᠢᠢᠳᠪᠦᠷᠢᠯᠡᠭᠳᠡᠨ᠎ᠡ ᠭᠡᠳᠡᠭ ᠢ ᠢᠲᠡᠭᠡᠵᠦ ᠪᠠᠶᠢᠨ᠎ᠠ᠃ ᠠᠩᠭᠤᠯᠠ ᠶᠢᠨ ᠬᠢᠨ ᠳᠤᠮᠳᠠᠳᠤ ᠤᠯᠤᠰ ᠤᠨ ᠢᠮᠠᠭᠲᠠ ᠳᠡᠯᠡᠬᠡᠢ ᠶᠢᠨ ᠡᠩᠬᠡ ᠲᠠᠶᠢᠪᠤᠩ ᠪᠣᠯᠤᠨ ᠲᠠᠪᠰᠢᠯᠳᠠ ᠶᠢ ᠠᠬᠢᠭᠤᠯᠬᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠴᠢᠷᠮᠠᠶᠢᠵᠤ ᠪᠠᠶᠢᠬᠤ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠵᠣᠷᠢᠯᠲᠠ ᠵᠠᠷᠴᠢᠮ ᠵᠢᠴᠢ ᠡᠯ᠎ᠡ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ ᠢ ᠬᠠᠮᠠᠭᠠᠯᠠᠬᠤ᠂ ᠳᠣᠲᠣᠭᠠᠳᠤ ᠵᠠᠰᠠᠭ ᠲᠤ ᠭᠠᠷ ᠦᠯᠦ ᠲᠦᠷᠦᠭᠦ ᠵᠡᠷᠭᠡ ᠴᠢᠬᠤᠯᠠ ᠤᠯᠠᠨ ᠤᠯᠤᠰ ᠤᠨ ᠬᠠᠷᠢᠯᠴᠠᠭᠠᠨ ᠤ ᠪᠠᠷᠢᠮᠵᠢᠶ᠎ᠠ ᠶᠢ ᠬᠠᠮᠠᠭᠠᠯᠠᠨ᠎ᠠ᠃ ᠪᠢᠳᠡ ᠥᠨᠥᠳᠦᠷ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ ᠠᠩᠭᠤᠯᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠨᠡᠶᠢᠲᠡᠯᠡᠭᠰᠡᠨ ᠨᠢ ᠬᠤᠶᠠᠷ ᠲᠠᠯ᠎ᠠ ᠶᠢᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠴᠢᠷᠮᠠᠶᠢᠬᠤ ᠵᠣᠷᠢᠭ ᠢ ᠭᠦᠢᠴᠡᠳ ᠢᠯᠡᠷᠡᠭᠦᠯᠪᠡ᠃ ᠠᠩᠭᠤᠯᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃   ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠤᠬᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠪᠣᠬᠢᠷᠲᠤᠯ ᠦᠬᠡᠢ ᠬᠥᠭᠵᠢᠯᠲᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠳᠤ ᠣᠷᠣᠯᠴᠠᠪᠠ᠃   ᠬᠤᠶᠠᠷ ᠲᠠᠯ᠎ᠠ ᠪᠠᠷ ᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶᠢᠷᠠᠮᠳᠠᠬᠤ ᠠᠩᠭᠤᠯᠠ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃   ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠤᠷᠤᠨᠰᠣ ᠶᠢ ᠤᠭᠲᠤᠬᠤ ᠶᠣᠰᠣᠯᠠᠯ ᠶᠠᠪᠤᠭᠤᠯᠪᠠ᠃ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠭᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠠᠩᠭᠤᠯᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠤᠷᠤᠨᠰᠣ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃   ᠲᠤᠰ ᠤᠷᠤᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠯᠤᠷᠤᠨᠰᠣ ᠶᠢ ᠤᠭᠲᠤᠬᠤ ᠳᠠᠶᠢᠯᠠᠯᠭ᠎ᠠ ᠬᠢᠪᠡ᠃ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号