ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/17
   ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 15 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃    ᠯᠢ ᠴᠢᠶᠠᠩ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ ︾ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠨᠢ ᠴᠢᠨᠠᠷ ᠰᠠᠶᠢᠲᠠᠢ ᠬᠥᠭᠵᠢᠯᠲᠡ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠮᠠᠰᠢ ᠣᠯᠠᠨ ᠴᠢᠬᠤᠯᠠ ᠶᠡᠭᠡ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠶᠡᠷᠦᠩᠬᠡᠢ ᠱᠦᠵᠢ ᠰᠢ ᠶᠢᠨ ᠫᠢᠩ ᠤᠨ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠪᠣᠳᠠᠲᠠᠢ ᠠᠵᠢᠯ ᠤᠨ ᠳᠤᠮᠳᠠ ᠦᠨᠡᠨ ᠬᠦ ᠲᠤᠭᠤᠰᠢᠯᠠᠭᠤᠯᠬᠤ ᠶᠢᠨ ᠬᠠᠮᠲᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    3 ᠳ᠋ᠤᠭᠠᠷ ᠰᠠᠷ᠎ᠠ ᠶᠢᠨ 15 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠪᠠ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠡᠢ ᠶᠤᠸᠡᠢ ᠸᠧᠢ ᠰᠡᠭᠦᠳᠡᠷᠯᠡᠪᠡ    ᠯᠢ ᠴᠢᠶᠠᠩ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ ᠡᠭᠦᠷᠭᠡ ᠪᠣᠯ ᠳᠠᠷᠤᠢ ᠡᠨᠡ ᠵᠢᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠭᠤᠣᠯᠳᠠᠯᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠢᠭᠡ ᠳᠤ᠂ ᠣᠶᠤᠨ ᠴᠢᠳᠠᠯ ᠢᠶᠠᠨ ᠲᠥᠪᠯᠡᠷᠡᠭᠦᠯᠦᠨ ᠵᠢᠱᠢᠯᠲᠡ ᠶᠢ ᠲᠣᠭᠲᠠᠪᠤᠷᠢᠵᠢᠭᠤᠯᠵᠤ ᠨᠡᠮᠡᠭᠳᠡᠯ ᠢ ᠲᠣᠭᠲᠠᠪᠤᠷᠢᠵᠢᠭᠤᠯᠵᠤ᠂ ︽ᠲᠣᠭᠲᠠᠭᠤᠨ︾ ᠪᠠᠶᠢᠬᠤ ᠡᠨᠡ ᠬᠦ ᠶᠡᠭᠡ ᠲᠠᠯ᠎ᠠ ᠪᠣᠯᠤᠨ ᠰᠠᠭᠤᠷᠢ ᠶᠢ ᠪᠠᠲᠤ ᠡᠵᠡᠮᠳᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠶᠢᠨ ᠦᠢᠯᠡᠳᠦᠯ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠣᠯᠤᠨ ᠢᠳᠡᠪᠬᠢᠲᠡᠢ ᠦᠷ᠎ᠡ ᠪᠦᠲᠦᠮᠵᠢ ᠪᠠᠷ ᠢᠶᠠᠨ ᠨᠡᠶᠢᠭᠡᠮ ᠳᠤ ᠢᠲᠡᠭᠡᠯ ᠵᠣᠷᠢᠭ ᠳᠠᠮᠵᠢᠭᠤᠯᠬᠤ ᠬᠡᠷᠡᠭᠲᠡᠢ᠃ ᠬᠤᠶᠠᠷ ᠲᠤ᠂ ᠠᠷᠭ᠎ᠠ ᠬᠡᠯᠪᠡᠷᠢ ᠪᠠᠨ ᠡᠷᠡᠰ ᠭᠤᠶᠢᠪᠢᠰᠢ ᠦᠭᠡᠢ ᠬᠤᠪᠢᠷᠠᠭᠤᠯᠵᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠡᠷᠲᠡᠬᠡᠨ ᠲᠥᠯᠥᠪᠵᠢᠭᠦᠯᠦᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠭᠤᠷᠪᠠ ᠳᠤ᠂ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠲᠣᠭᠲᠠᠭᠰᠠᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠰᠢᠨ᠎ᠡ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠥᠯᠥᠪᠵᠢᠭᠦᠯᠵᠦ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠢᠳᠡᠪᠬᠢᠲᠡᠢ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠳᠥᠷᠪᠡ ᠳᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠷᠢᠯᠭᠠᠵᠤ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠨᠡᠩ ᠰᠠᠶᠢᠲᠤᠷ ᠤᠶᠠᠯᠳᠤᠭᠤᠯᠵᠤ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠭᠠᠷᠳᠠᠨ ᠰᠢᠢᠳᠪᠦᠷᠢᠯᠡᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠠᠷᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠴᠢᠷᠮᠠᠶᠢᠨ ᠡᠵᠡᠮᠰᠢᠬᠦ ᠬᠡᠷᠡᠭᠲᠡᠢ᠃ ᠲᠠᠪᠤ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡ ᠪᠦᠯᠦᠭ ᠣᠯᠠᠨ ᠲᠦᠮᠡᠨ ᠤ ᠪᠠᠶᠠᠷᠯᠠᠭᠤᠰᠢᠲᠠᠢ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠠᠮᠤᠷ ᠲᠦᠪᠰᠢᠨ ᠬᠥᠭᠵᠢᠯᠲᠡ ᠶᠢᠨ ᠡᠨᠡ ᠬᠦ ᠬᠥᠪᠴᠢ ᠶᠢ ᠴᠢᠩᠭᠠᠯᠠᠵᠤ᠂ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠰᠠᠶᠢᠨ ᠣᠷᠴᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠢᠶᠠᠨ ᠠᠯᠬᠤᠮ ᠠᠯᠬᠤᠮ ᠢᠶᠠᠷ ᠠᠬᠢᠭᠤᠯᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠠᠳᠬᠤᠭᠰᠠᠨ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠣᠷᠢᠯᠭ᠎ᠠ ᠳᠤ ᠨᠡᠶᠢᠴᠡᠭᠦᠯᠵᠦ᠂ ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃   ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃    ᠲᠥᠷᠥ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号