ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠡᠭᠡᠵᠢᠩ ᠳᠤ ᠬᠦᠷᠦᠯ᠎ᠡ
ᠨᠡᠶᠢᠲᠡᠯᠡᠭᠰᠡᠨ ᠴᠠᠭ᠄
2024/3/4
   ᠠᠵᠢᠯᠰᠠᠭ ᠬᠦᠮᠦᠰ ᠬᠠᠪᠤᠷ ᠢ ᠡᠷᠳᠡ ᠤᠭᠳᠤᠵᠤ᠂ ᠠᠯᠳᠠᠨ ᠨᠠᠮᠤᠷ ᠲᠠᠭᠠᠨ ᠡᠯᠪᠡᠭ ᠬᠤᠷᠢᠶᠠᠯᠳᠠ ᠤᠯᠤᠨ᠎ᠠ᠃ 3 ᠰᠠᠷ᠎ᠠ ᠶᠢᠨ 3 ᠤ ᠡᠳᠦᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠡᠭᠡᠵᠢᠩ ᠳᠤ ᠬᠦᠷᠴᠦ᠂ ᠡᠨᠡ ᠬᠦ ᠬᠠᠪᠤᠷ ᠤᠨ ᠦᠪᠡᠳᠡᠭᠰᠢ ᠬᠤᠷᠠᠯ ᠳᠤ ᠣᠷᠣᠯᠴᠠᠬᠤ ᠪᠤᠯᠤᠯ᠎ᠠ᠃   ᠡᠨᠡ ᠵᠢᠯ ᠪᠣᠯ ᠰᠢᠨ᠎ᠡ ᠳᠤᠮᠳᠠᠳᠤ ᠤᠯᠤᠰ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ ᠮᠥᠨ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠡᠭᠡᠵᠢᠩ ᠳᠤ ᠬᠦᠷᠬᠦ ᠠᠴᠠ ᠡᠮᠦᠨ᠎ᠡ᠂ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠣᠯᠤᠨ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ᠂ ᠰᠠᠨᠠᠯ ᠳᠤᠷᠠᠳᠤᠯᠭ᠎ᠠ ᠶᠢ ᠨᠠᠷᠢᠨ ᠨᠢᠮᠪᠠᠶ ᠲᠤᠭᠤᠷᠪᠢᠨ ᠪᠢᠴᠢᠵᠦ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠰᠠᠨᠠᠯ ᠰᠠᠨᠠᠭᠤᠯᠭ᠎ᠠ ᠳᠤᠷᠠᠳᠬᠤ ᠳᠤ ᠭᠦᠢᠴᠡᠳ ᠪᠡᠯᠡᠳᠭᠡᠯ ᠬᠢᠵᠡᠶ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠬᠠᠳᠠᠭᠠᠯᠠᠮᠵᠢ ᠤᠰᠤᠨ ᠤ ᠡᠬᠢ ᠪᠠᠶᠠᠯᠢᠭ ᠢ ᠠᠮᠢᠳᠤᠯᠢᠭᠵᠢᠭᠤᠯᠬᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠠᠰᠠᠭᠤᠳᠠᠯ ᠢ ᠣᠨᠴᠠᠭᠠᠢ ᠠᠩᠬᠠᠷᠴᠤ᠂ ᠲᠤᠰ ᠤᠳᠠᠭ᠎ᠠ ᠶᠢᠨ ᠬᠤᠷᠠᠯ ᠳᠤ ᠤᠷᠤᠯᠴᠠᠬᠤ ᠳᠠᠭᠠᠨ ᠲᠡᠷᠡ ︽ᠤᠮᠠᠷᠠᠲᠤ ᠶᠢᠨ ᠭᠤᠷᠪᠠᠨ ᠣᠷᠣᠨ︾  ᠤᠨ  ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ︽ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠪᠠ ᠤᠰᠤ ᠬᠡᠷᠡᠭᠯᠡᠬᠦ ᠡᠷᠬᠡ ᠶᠢᠨ ᠲᠦᠷᠢᠮ ᠢ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠪᠡᠯᠡᠳᠭᠡᠵᠡᠢ᠃   ︽ᠪᠢ ᠶᠡᠭᠡ ᠬᠤᠷᠠᠯ ᠤᠨ ᠬᠤᠯᠪᠣᠭᠳᠠᠯ ᠪᠦᠬᠦᠢ ᠮᠡᠳᠡᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠪᠥᠭᠡᠳ ᠬᠢᠨᠠᠨ ᠵᠥᠪᠯᠡᠵᠦ᠂ ᠰᠠᠶᠢᠲᠤᠷ ᠶᠠᠷᠢᠯᠴᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠨ᠎ᠠ︾ ᠭᠡᠵᠦ ᠯᠢ ᠪᠢᠨ ᠢᠲᠡᠭᠡᠯ ᠳᠦᠭᠦᠷᠡᠩ ᠬᠡᠯᠡᠪᠡ᠃   ︽ᠡᠨᠡ ᠵᠢᠯ ᠪᠢ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠠᠷᠠᠭᠤᠨ ᠣᠷᠣᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ︿ᠬᠤᠭᠤᠰᠣᠨ᠋﹀ ᠢ ᠨᠥᠬᠦᠪᠥᠷᠢᠯᠡᠬᠦ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠣᠭᠤᠷᠢᠨ ᠳᠤ 3 ᠬᠤᠪᠢ ᠰᠠᠨᠠᠯ ᠳᠤᠷᠠᠳᠤᠯᠭ᠎ᠠ ᠳᠡᠪᠰᠢᠭᠦᠯᠦᠨ᠎ᠡ︾᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢ ᠰᠤᠷᠪᠤᠯᠵᠢᠯᠠᠭᠴᠢ ᠳᠤ᠂ ᠰᠠᠨᠠᠯ ᠳᠤᠷᠠᠳᠤᠯᠭ᠎ᠠ ᠶᠢ ᠶᠣᠰᠣ ᠲᠠᠢ ᠪᠠᠷᠢᠮᠲᠠ ᠲᠠᠢ᠂ ᠰᠢᠭᠤᠳ ᠣᠶᠢᠯᠠᠭᠠᠮᠵᠢᠲᠠᠢ ᠪᠣᠯᠭᠠᠬᠤ ᠶᠢᠨ ᠲᠥᠯᠥᠭᠡ᠂ ᠡᠨᠡ ᠤᠳᠠᠭ᠎ᠠ ᠬᠤᠷᠠᠯ ᠳᠤ ᠣᠷᠣᠯᠴᠠᠬᠤ ᠳᠠᠭᠠᠨ ᠲᠡᠷᠡ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠢᠷᠤᠭ ᠪᠣᠯᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠠᠪᠴᠤ ᠤᠴᠢᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠴᠢᠳᠠᠯ ᠢᠶᠠᠨ ᠡᠷᠭᠦᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠯᠭᠠᠭᠤᠷᠢᠯᠠᠯ ᠪᠣᠯᠤᠨ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠬᠦᠰᠡᠵᠦ ᠪᠤᠢ ᠭᠡᠵᠦ ᠬᠡᠯᠡᠪᠡ᠃    ︽ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠳᠤ᠂ ᠨᠠᠩ ᠣᠯᠠᠨ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠵᠦ᠂ ᠠᠷᠠᠳ ᠣᠯᠠᠨ ᠤ ᠠᠮᠢᠳᠤᠷᠠᠯ ᠢ ᠪᠠᠶᠠᠵᠢᠭᠤᠯᠵᠤ᠂ ᠠᠷᠠᠳ ᠣᠯᠠᠨ ᠤ ᠢᠲᠡᠭᠡᠯ ᠢ ᠴᠢᠩᠭᠠᠳᠬᠠᠬᠤ ᠶᠢ ᠪᠢ ᠬᠦᠰᠡᠵᠦ ᠪᠠᠶᠢᠨ᠎ᠠ᠃ ᠪᠢ ᠯᠠᠪᠲᠠᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠬᠤ ᠶᠢᠨ ᠬᠠᠮᠲᠤ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠎ᠡ︾ ᠭᠡᠵᠦ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠮᠠᠨᠵᠤᠤᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠩ ᠶᠦᠨ ᠬᠡᠯᠡᠪᠡ᠃    ᠭᠡᠰᠢᠭᠦᠳ ᠤᠨ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠬᠤᠷᠠᠯ ᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ ᠭᠡᠵᠦ ᠭᠡᠰᠢᠭᠦᠳ ᠢᠯᠡᠳᠭᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号