ᠮᠠᠨ ᠤ ᠤᠷᠤᠨ ᠠᠶᠤᠯᠭᠦᠶ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠰᠦᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/4
   ᠪᠥᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠤᠨ᠂ ᠠᠶᠤᠯᠭᠦᠶ ᠦᠢᠯᠡᠳᠪᠦᠷᠢᠯᠡᠯ ᠤᠨ ᠣᠨᠴᠠ ᠶᠡᠭᠡ ᠠᠳᠡᠯ ᠭᠠᠷᠬᠤ  ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠰᠦᠯ ︵2024 — 2026 ᠣᠨ︶︾ ︵ᠳᠤᠤᠷ᠎ᠠ ︽ᠲᠦᠰᠦᠯ︾ ᠬᠡᠮᠡᠨ ᠲᠤᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃   ︽ᠲᠦᠰᠦᠯ︾ ᠳᠤ ᠠᠵᠢᠯᠯᠠᠭᠠᠨ ᠤ ᠬᠠᠷᠠᠯᠲᠠ ᠶᠢ ᠲᠤᠳᠤᠷᠬᠠᠶᠢᠯᠠᠵᠤ᠂ ᠭᠤᠷᠪᠠᠨ ᠵᠢᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠪᠠᠷ ᠳᠡᠮᠵᠢᠨ᠂ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠠᠮᠤᠷ ᠲᠦᠪᠰᠢᠨ ᠢᠶᠠᠷ ᠬᠥᠭᠵᠢᠭᠦᠯᠬᠦ ᠤᠶᠢᠯᠠᠭᠠᠭᠲᠠᠬᠤᠨ ᠢ ᠤᠯᠠᠮ ᠨᠢᠭᠡ ᠠᠯᠬᠤᠮ ᠪᠠᠲᠤᠵᠢᠭᠤᠯᠵᠤ ᠂ ᠣᠶ ᠰᠢᠭᠤᠶ ᠪᠠ ᠨᠤᠲᠤᠭ ᠪᠡᠯᠴᠢᠭᠡᠷ ᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠤᠯᠤᠰ ᠤᠨ ᠴᠡᠴᠡᠷᠯᠢᠭ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠵᠡᠷᠭᠡ ᠭᠤᠤᠯᠳᠠᠯᠭ᠎ᠠ ᠲᠠᠢ ᠨᠢᠭᠡᠴᠢ ᠶᠢ ᠳᠣᠪᠤᠶᠢᠯᠭᠠᠵᠤ᠂ ᠬᠦᠨᠳᠦ ᠶᠡᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤᠲᠠᠭᠳᠠᠭᠰᠠᠨ ᠪᠤᠶᠤ ᠪᠣᠳᠠᠲᠠᠶᠢᠵᠢᠭᠤᠯᠤᠭᠰᠠᠨ ᠥᠬᠡᠶ ᠠᠴᠠ ᠪᠣᠯᠤᠭᠰᠠᠨ ᠬᠦᠨᠳᠦ ᠶᠡᠭᠡ ᠠᠳᠡᠯ ᠤᠨ ᠳᠠᠯᠳᠠ ᠬᠡᠮ ᠢ ᠬᠦᠴᠦᠯᠡᠨ ᠠᠷᠢᠯᠭᠠᠨ᠎ᠠ᠃ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠪᠠᠲᠤ ᠪᠠᠬᠢ ᠬᠠᠯᠬᠠᠪᠴᠢ ᠶᠢ ᠪᠠᠬᠢᠵᠢᠭᠦᠯᠤᠨ᠂ ᠪᠥᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ ᠭᠡᠵᠤ ᠲᠤᠳᠤᠷᠬᠠᠶᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号