︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ︵ᠹᠷᠠᠨᠼᠢ ᠬᠢᠲᠠᠳ ᠬᠠᠷᠭᠤᠭᠤᠯᠤᠭᠰᠠᠨ︶ ᠶᠢᠨ ᠪᠦᠬᠦ ᠪᠥᠮᠪᠥᠷᠴᠡᠭ ᠲᠤ ᠠᠩᠬ᠎ᠠ ᠲᠠᠷᠬᠠᠭᠠᠬᠤ ᠶᠣᠰᠣᠯᠠᠯ ᠫᠠᠷᠢᠰ ᠲᠤ ᠶᠠᠪᠤᠭᠳᠠᠪᠠ
ᠨᠡᠶᠢᠲᠡᠯᠡᠭᠰᠡᠨ ᠴᠠᠭ᠄
2024/3/4
   ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ︵ᠹᠷᠠᠨᠼᠢ ᠬᠢᠲᠠᠳ ᠬᠠᠷᠭᠤᠭᠤᠯᠤᠭᠰᠠᠨ︶ ᠶᠢᠨ ᠪᠦᠬᠦ ᠪᠥᠮᠪᠥᠷᠴᠡᠭ ᠲᠤ ᠠᠩᠬ᠎ᠠ ᠲᠠᠷᠬᠠᠭᠠᠬᠤ ᠶᠣᠰᠣᠯᠠᠯ ᠵᠢᠴᠢ ︽ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠶᠢᠨ ᠳᠤᠮᠳᠠᠳᠤ ᠤᠯᠤᠰ ᠤᠨ ᠤᠶᠤᠨ ᠤᠬᠠᠭᠠᠨ︾ ᠭᠡᠬᠦ ᠰᠠᠨᠠᠯ ᠢᠶᠠᠨ ᠰᠤᠯᠢᠯᠴᠠᠨ ᠰᠤᠳᠤᠯᠤᠨ ᠶᠠᠷᠢᠯᠴᠠᠬᠤ ᠬᠤᠷᠠᠯ 29 ᠤ ᠡᠳᠦᠷ ᠹᠷᠠᠨᠼᠢ ᠶᠢᠨ ᠫᠠᠷᠢᠰ ᠲᠤ ᠠᠮᠵᠢᠯᠲᠠ ᠲᠠᠢ ᠶᠠᠪᠤᠭᠳᠠᠪᠠ᠃   ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠲᠦᠷ ᠣᠷᠣᠯᠠᠨ ᠭᠦᠢᠴᠡᠳᠭᠡᠭᠴᠢ ᠴᠧᠨ ᠳ᠋ᠦᠩ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠧᠦ᠋ᠷᠣᠫᠠ ᠲᠢᠪ ᠤᠨ ᠰᠤᠳᠤᠯᠭᠠᠨ ᠤ ᠲᠥᠪ ᠤᠨ ᠡᠷᠬᠢᠯᠡᠭᠴᠢ ᠷᠠᠩ — ᠺᠤᠯᠢᠰᠲ᠋ᠤᠹ · ᠪᠠᠰ ᠵᠡᠷᠭᠡ ᠬᠦᠨᠳᠦᠲᠦ ᠵᠣᠴᠢᠳ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠳᠤᠮᠳᠠᠳᠤ ᠹᠷᠠᠨᠼᠢ ᠶᠢᠨ ᠤᠯᠤᠰ ᠲᠥᠷᠥ᠂ ᠠᠵᠤ ᠠᠬᠤᠶ᠂ ᠰᠣᠶᠣᠯ ᠤᠨ ᠬᠦᠷᠢᠶᠡᠨ ᠤ 60 ᠭᠠᠷᠤᠶ ᠲᠥᠯᠥᠭᠡᠯᠡᠭᠴᠢ ᠬᠤᠷᠠᠯ ᠳᠤ ᠣᠷᠣᠯᠴᠠᠵᠠᠶ᠃   ᠴᠧᠨ ᠳ᠋ᠦᠩ ᠪᠠᠶᠠᠷ ᠤᠨ ᠦᠭᠡ ᠬᠡᠯᠡᠬᠦ ᠳᠡᠭᠡᠨ᠂ ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠳᠤ ᠲᠡᠷᠢᠭᠦᠯᠡᠭᠴᠢ ᠰᠢ ᠶᠢᠨ ᠫᠢᠩ ᠤᠨ ᠬᠥᠮᠦᠨ ᠤ ᠡᠷᠬᠡ ᠶᠢᠨ ᠲᠤᠬᠠᠶ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠣᠷᠣᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢᠶᠠᠷ ᠭᠤᠤᠯ ᠪᠣᠯᠭᠠᠬᠤ ᠬᠥᠮᠦᠨ ᠤ ᠡᠷᠬᠡ ᠶᠢᠨ ᠣᠶᠢᠯᠠᠭᠠᠭᠳᠠᠬᠤᠨ ᠢ ᠢᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ︽ᠬᠥᠮᠦᠨ ᠢᠶᠠᠷ ᠦᠨᠳᠦᠰᠦ ᠪᠣᠯᠭᠠᠬᠤ︾ ᠰᠢᠯᠢᠳᠡᠭ ᠤᠯᠠᠮᠵᠢᠯᠠᠯ ᠢ ᠲᠤᠰᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢᠶᠠᠷ ᠭᠤᠤᠯ ᠪᠣᠯᠭᠠᠬᠤ ᠲᠥᠷᠥ ᠶᠢ ᠵᠠᠰᠠᠵᠤ ᠵᠠᠰᠠᠭ ᠢ ᠡᠷᠭᠢᠯᠡᠬᠦ ᠦᠵᠡᠯ ᠰᠠᠨᠠᠭ᠎ᠠ ᠶᠢ ᠲᠣᠳᠣᠷᠬᠠᠶᠢᠯᠠᠨ ᠥᠭᠦᠯᠡᠵᠦ᠂ ᠪᠥᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠶᠢᠨ ᠲᠤᠬᠠᠶ ᠳᠤᠮᠳᠠᠳᠤ ᠤᠯᠤᠰ ᠤᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠰᠢᠰᠲ᠋ᠧᠮ ᠲᠠᠢ ᠬᠤᠷᠢᠶᠠᠩᠭᠤᠶᠢᠯᠠᠵᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠵᠡᠯᠲᠡ ᠶᠢ ᠣᠶᠢᠯᠠᠭᠠᠬᠤ ᠰᠠᠨᠠᠭ᠎ᠠ ᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠤᠩᠰᠢᠭᠴᠢᠳ ᠲᠤ ᠡᠷᠬᠡ ᠰᠦᠷᠲᠦ ᠤᠩᠰᠢᠬᠤ ᠪᠢᠴᠢᠭ ᠬᠠᠩᠭᠠᠪᠠ ᠭᠡᠵᠠᠢ᠃    ᠷᠠᠩ — ᠺᠤᠯᠢᠰᠲ᠋ᠤᠹ · ᠪᠠᠰ᠂ ᠣᠳᠣᠬᠠᠨ ᠤ ᠳᠡᠯᠡᠬᠡᠢ ᠵᠢᠷᠲᠢᠨᠴᠦ ᠡᠭᠡᠳᠡᠷᠡᠭᠡᠨ ᠪᠤᠳᠤᠯᠢᠶᠠᠨᠲᠠᠢ ᠪᠠᠶᠢᠵᠤ᠂ ᠥᠷᠥᠨᠡᠳᠠᠬᠢᠨ ᠤ ᠦᠷᠳᠡᠭ ᠤᠨ ᠦᠵᠡᠯᠲᠡ ᠶᠠᠭ ᠬᠡᠳᠡᠷᠬᠦ ᠡᠷᠭᠢᠯᠲᠡ ᠳᠤ ᠤᠴᠠᠷᠠᠵᠤ᠂ ᠳᠡᠯᠡᠬᠡᠢ ᠳ᠋ᠠᠬᠢᠨ ᠳᠤ ᠶᠠᠭ ᠥᠷᠥᠨᠡᠳᠠᠬᠢᠨ ᠢᠶᠠᠷ ᠲᠥᠪ ᠦᠯᠦ ᠪᠣᠯᠭᠠᠬᠤ ᠬᠠᠨᠳᠤᠰᠢ ᠢᠯᠡᠷᠡᠵᠦ᠂ ᠦᠷᠳᠡᠭ ᠤᠨ ᠦᠵᠡᠯᠲᠡ ᠨᠢ ᠴᠦ ᠧᠦ᠋ᠷᠣᠫᠠ ᠠᠮᠧᠷᠢᠺᠠ ᠶᠢᠨ ᠨᠢᠭᠡ ᠡᠰᠢᠵᠢᠯᠳᠡ ᠠᠴᠠ ᠤᠯᠠᠨ ᠶᠠᠩᠵᠤᠴᠢᠯᠠᠬᠤ ᠲᠡᠶᠢᠰᠢ ᠬᠥᠭᠵᠢᠵᠦ᠂ ᠲᠡᠷᠢᠭᠦᠯᠡᠭᠴᠢ ᠰᠢ ᠶᠢᠨ ᠫᠢᠩ ᠤᠨ ᠥᠭᠦᠯᠡᠯᠲᠡ ᠨᠢ ᠶᠠᠭ ᠡᠨᠡ ᠬᠦ ᠤᠯᠠᠨ ᠡᠰᠢᠵᠢᠯᠳᠠ ᠶᠢ ᠰᠠᠨᠠᠭᠠᠴᠢᠯᠠᠬᠤ ᠵᠣᠷᠢᠭ ᠰᠠᠨᠠᠭ᠎ᠠ ᠶᠢ ᠢᠯᠡᠷᠡᠭᠦᠯᠵᠡᠢ ᠭᠡᠵᠦ ᠢᠯᠡᠳᠭᠡᠪᠡ ᠃ ᠹᠷᠠᠨᠼᠢ ᠶᠢᠨ ᠲᠣᠷᠭᠠᠨ ᠵᠠᠮ ᠤᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠫᠷᠤᠹᠤᠰᠰᠤᠷ᠂ ᠱᠨᠦᠳᠤ ᠪᠦᠯᠦᠭᠯᠡᠯ ᠤᠨ ᠤᠤᠯ ᠤᠨ ᠳᠡᠭᠡᠳᠦ ᠲᠤᠰᠢᠶᠠᠯᠲᠠᠨ ᠠᠶᠢᠷᠤᠸᠢ · ᠠᠽᠦᠯᠠᠢ᠂ ︽ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠠᠭᠤᠯᠭ᠎ᠠ ᠨᠢ ᠡᠯᠪᠡᠭ ᠪᠠᠶᠠᠯᠢᠭ ᠦᠵᠡᠯ ᠰᠠᠨᠠᠭ᠎ᠠ ᠨᠢ ᠭᠦᠨ ᠭᠦᠨᠵᠡᠭᠡᠢ ᠪᠠᠶᠢᠵᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠢᠯᠡᠰ ᠢᠮᠠᠭᠲᠠ ᠠᠷᠠᠳ ᠲᠦᠮᠡᠨ ᠢ ᠡᠷᠬᠢᠮ ᠳᠡᠭᠡᠳᠦ ᠪᠠᠶᠢᠷᠢᠨ ᠳᠤ ᠲᠠᠯᠪᠢᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠦ ᠦᠵᠡᠪᠡ᠃    ᠹᠷᠠᠨᠼᠢ ᠶᠢᠨ ᠤᠯᠤᠰ ᠤᠨ ᠭᠠᠷ ᠤᠷᠠᠯᠠᠯ ᠤᠨ ᠳᠡᠭᠡᠳᠦ ᠰᠤᠷᠭᠠᠭᠤᠯᠢ ᠶᠢᠨ ᠫᠷᠤᠹᠤᠰᠰᠤᠷ ᠺᠠᠯᠢᠮᠦ᠋᠂ ᠳᠤᠮᠳᠠᠳᠤ ᠤᠯᠤᠰ ᠶᠠᠳᠠᠭᠤ ᠠᠴᠠ ᠠᠩᠭᠢᠵᠢᠷᠠᠭᠰᠠᠨ ᠨᠢ ᠳᠡᠯᠡᠬᠡᠢ ᠶᠢᠨ ᠬᠥᠮᠦᠨ ᠤ ᠡᠷᠬᠡ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠂ ︽ᠡᠨᠡ ᠪᠣᠯ ᠯᠤᠲᠤ ᠶᠡᠭᠡ ᠠᠮᠵᠢᠯᠲᠠ ᠮᠥᠨ᠂ ᠡᠭᠦᠨ ᠢ ᠬᠡᠨ ᠴᠤ ᠦᠭᠡᠶᠢᠰᠭᠡᠵᠦ ᠪᠤᠯᠬᠤ ᠦᠭᠡᠢ︾ ᠭᠡᠵᠦ ᠦᠵᠡᠪᠡ᠃ ᠹᠷᠠᠨᠼᠢ ᠶᠢᠨ ᠲᠦᠪ ᠤᠨ ᠶᠡᠭᠡ ᠰᠤᠷᠭᠠᠭᠤᠯᠢ ᠶᠢᠨ ᠪᠡᠯᠡᠳᠭᠡᠯ ᠰᠠᠯᠠᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠶᠤᠰᠤᠹ · ᠮᠠᠺᠦ᠋ᠲ᠋ᠦ᠋᠂ ᠳᠤᠮᠳᠠᠳᠤᠴᠤᠳ ︽ᠬᠡᠯᠡᠬᠦ ᠪᠠᠷ ᠢᠶᠠᠨ ᠬᠢ︾ ᠭᠡᠳᠡᠭ ᠢ ᠡᠷᠬᠢᠮᠯᠡᠨ᠎ᠡ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠨᠢ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠶᠢ ᠪᠠᠭᠲᠠᠭᠠᠭᠰᠠᠨ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠪᠣᠳᠠᠲᠤ ᠪᠤᠶᠠᠨ ᠵᠢᠷᠭᠠᠯ ᠢ ᠪᠡᠶᠡᠯᠡᠭᠦᠯᠳᠡᠭ ᠭᠡᠵᠦ ᠢᠯᠡᠳᠭᠡᠪᠡ᠃   ᠹᠷᠠᠨᠼᠢ ᠶᠢᠨ ᠵᠠᠹᠸᠢᠢᠷ ᠧᠦ᠋ᠷᠣᠫᠠ ᠠᠽᠢᠶ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠷᠠᠩ · ᠫᠸᠢᠬᠦ᠋ᠯᠸᠢ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠲᠠᠢ ᠵᠣᠬᠢᠴᠠᠵᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠨᠢ ︽ᠬᠥᠮᠦᠨ ᠤ ᠡᠷᠬᠡ ᠳᠤ ᠲᠠᠩ ᠭᠠᠭᠴᠠ ᠠᠭᠤᠯᠤᠭᠳᠠᠬᠤᠨ ᠪᠠ ᠬᠥᠭᠵᠢᠯᠲᠡ ᠶᠢᠨ ᠵᠠᠭᠪᠤᠷ ᠪᠠᠶᠢᠬᠤ ᠦᠭᠡᠢ︾ ᠭᠡᠳᠡᠭ ᠢ ᠭᠡᠷᠡᠴᠢᠯᠡᠵᠡᠢ ᠭᠡᠵᠦ ᠦᠵᠡᠪᠡ᠃ ᠹᠷᠠᠨᠼᠢ ᠶᠢᠨ ᠤᠯᠤᠰ ᠠᠷᠠᠳ ᠤᠨ ᠰᠤᠷᠭᠠᠨ ᠬᠥᠮᠦᠵᠢᠯ ᠤᠨ ᠶᠠᠮᠤᠨ ᠤ ᠤᠤᠯ ᠤᠨ ᠲᠤᠰᠢᠶᠠᠯᠲᠠᠨ ᠷᠤᠪᠤᠯ · ᠫᠷᠤᠰᠫᠤᠯᠢᠨᠢ᠂ ᠬᠥᠮᠦᠨ ᠤ ᠡᠷᠬᠡ ᠶᠢᠨ ᠵᠠᠮ ᠭᠠᠭᠴᠠᠬᠠᠨ ᠪᠢᠰᠢ᠂ ᠡᠭᠦᠨ ᠢ ᠪᠠᠷᠢᠮᠲᠠᠯᠠᠬᠤ ᠨᠢ ᠬᠥᠮᠦᠨ ᠲᠥᠷᠥᠯᠬᠢᠲᠡᠨ ᠤ ᠨᠡᠶᠢᠭᠡᠮ ᠤᠨ ᠢᠷᠡᠭᠡᠳᠦᠢ ᠳᠤ ᠲᠦᠢᠯ ᠤᠨ ᠴᠢᠬᠤᠯᠠ ᠶᠤᠮ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠵᠡᠯᠲᠡ ᠨᠢ ᠶᠠᠭ ᠲᠡᠭᠦᠨ ᠤ ᠲᠡᠦᠬᠡ ᠪᠠ ᠭᠦᠨ ᠤᠬᠠᠭᠠᠨ ᠳᠤ ᠦᠨᠳᠦᠰᠦᠯᠡᠭᠰᠡᠨ ᠶᠤᠮ ᠭᠡᠵᠦ ᠢᠯᠡᠳᠭᠡᠪᠡ᠃    ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ︵ᠹᠷᠠᠨᠼᠢ ᠬᠢᠲᠠᠳ ᠬᠠᠷᠭᠤᠭᠤᠯᠤᠭᠰᠠᠨ︶ ᠶᠢ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ 9 ᠲᠤᠰᠬᠠᠢ ᠰᠡᠳᠦᠪ ᠬᠤᠪᠢᠶᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠰᠢᠰᠲᠤᠮ ᠲᠠᠢ ᠤᠷᠤᠭᠤᠯᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号