ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠰᠢᠶᠠᠪᠠᠽᠢ ᠶᠢᠨ ᠫᠠᠺᠢᠰᠲ᠋ᠠᠨ ᠤ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/3/4
   ᠯᠢ ᠴᠢᠶᠠᠩ ᠰᠢᠶᠠᠪᠠᠽᠢ ᠶᠡᠷᠤᠩᠭᠡᠢ ᠰᠠᠶᠢᠳ ᠲᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ   3 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢᠶᠠᠪᠠᠽᠢ · ᠰᠢᠶᠧᠯᠢᠹᠦ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠢᠰᠯᠠᠮ ᠤᠨ ᠪᠦᠬᠦᠳᠡ ᠨᠠᠶᠢᠷᠠᠮᠳᠠᠬᠤ ᠫᠠᠺᠢᠰᠲ᠋ᠠᠨ ᠤᠯᠤᠰ ᠤᠨ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠶᠡᠷᠦᠩᠬᠡᠶ ᠰᠠᠶᠢᠳ ᠰᠢᠶᠠᠪᠠᠽᠢ ᠪᠣᠯᠤᠨ ᠫᠠᠺᠢᠰᠲ᠋ᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠫᠠᠺᠢᠰᠲ᠋ᠠᠨ ᠤ ᠡᠯ᠎ᠡ ᠡᠲᠡᠭᠡᠳ ᠤᠨ ᠪᠦᠯᠬᠦᠮᠳᠡᠯ ᠴᠢᠷᠮᠠᠶᠢᠯᠭ᠎ᠠ ᠳᠣᠤᠷ᠎ᠠ᠂ ᠫᠠᠺᠢᠰᠲ᠋ᠠᠨ ᠤ ᠬᠢᠨ ᠤᠯᠤᠰ ᠣᠷᠣᠨ ᠤ ᠬᠥᠭᠵᠢᠯᠲᠡ ᠳᠠᠪᠰᠢᠯᠲᠠ ᠶᠢᠨ ᠦᠢᠯᠡᠰ ᠤᠨ ᠳᠤᠮᠳᠠ ᠨᠠᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠶᠢ ᠢᠲᠡᠭᠡᠵᠦ ᠪᠠᠶᠢᠨ᠎ᠠ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠫᠠᠺᠢᠰᠲ᠋ᠠᠨ ᠬᠤᠶᠠᠷ ᠤᠯᠤᠰ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠫᠠᠺᠢᠰᠲ᠋ᠠᠨ ᠤ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠲᠠᠰ ᠳᠡᠪᠰᠢᠭᠰᠡᠨ ᠬᠡᠪ ᠢ ᠬᠠᠮᠲᠤ ᠪᠠᠷ ᠴᠣᠭᠴᠠᠯᠠᠵᠤ᠂ ᠳᠤᠮᠳᠠᠳᠤ ᠫᠠᠺᠢᠰᠲ᠋ᠠᠨ ᠤ ᠦᠨᠢᠳᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠨᠠᠩ ᠨᠢᠭᠲᠠ ᠳᠤᠮᠳᠠᠳᠤ ᠫᠠᠺᠢᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠣᠯᠠᠨ ᠪᠤᠶᠠᠨ ᠵᠢᠷᠭᠠᠯ ᠡᠭᠦᠳᠤᠶ᠎ᠠ ᠭᠡᠵᠦ ᠴᠢᠬᠤᠯᠠᠴᠢᠯᠠᠪᠠ᠃   ᠲᠤᠰ ᠡᠳᠦᠷ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠴᠢᠶᠠᠩ ᠠᠴᠠ ᠶᠡᠷᠦᠩᠬᠡᠶ ᠰᠠᠶᠢᠳ ᠰᠢᠶᠠᠪᠠᠽᠢ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号